ᠦᠪᠦᠷ ᠮᠣᠩᠭᠤᠯ ᠣᠷᠤᠨ ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/4/14
      4 ᠰᠠᠷ᠎ᠠ ᠶᠢᠨ 12 ᠤᠨ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠳᠤ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ᠨᠡᠮᠡᠭᠳᠡᠵᠦ᠂ ᠬᠢᠩᠭᠠᠨ ᠠᠶᠢᠮᠠᠭ ᠲᠤ ᠪᠤᠢ ︵ᠲᠦᠪᠯᠡᠷᠡᠭᠦᠯᠦᠨ ᠲᠤᠰᠠᠭᠠᠷᠯᠠᠬᠤ ᠴᠡᠭ ᠤᠨ ᠪᠥᠭᠡᠮ ᠬᠦᠴᠢᠯ ᠤᠨ ᠪᠠᠶᠢᠴᠠᠭᠠᠯᠲᠠ ᠪᠠᠷ ᠢᠯᠡᠷᠡᠭᠦᠯᠪᠡ︶᠃       4 ᠰᠠᠷ᠎ᠠ ᠶᠢᠨ 12 ᠤᠨ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠣ ᠪᠠᠶᠢᠭ᠎ᠠ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 7 ᠪᠠᠶᠢᠵᠤ᠂ ᠡᠭᠦᠨ ᠳᠤ ᠬᠥᠬᠡᠬᠤᠲᠠ ᠳᠤ 1᠂ ᠬᠢᠩᠭᠠᠨ ᠠᠶᠢᠮᠠᠭ ᠲᠤ 1᠂ ᠲᠦᠩᠯᠢᠶᠣᠣ ᠬᠤᠲᠠ ᠳᠤ 3᠂ ᠤᠯᠠᠭᠠᠨᠬᠠᠳᠠ ᠳᠤ 2 ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 5 ᠪᠠᠶᠢᠵᠤ᠂ ᠡᠭᠦᠨ ᠳᠤ ᠬᠥᠬᠡᠬᠤᠲᠠ ᠳᠤ 1᠂ ᠬᠢᠩᠭᠠᠨ ᠠᠶᠢᠮᠠᠭ ᠲᠤ 2᠂ ᠲᠦᠩᠯᠢᠶᠣᠣ ᠬᠤᠲᠠ ᠳᠤ 2 ᠪᠤᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 1 ︵ᠤᠯᠠᠭᠠᠨᠬᠠᠳᠠ ᠳᠤ︶ ᠪᠤᠢ᠃ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠭᠠᠵᠠᠷ ᠲᠦᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠤᠢ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ