︽ᠪᠠᠶᠠᠨᠨᠠᠭᠤᠷ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2022/4/14
ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠭᠠᠭᠮᠤᠳᠤ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠲᠠ ᠳᠤ ᠰᠠᠭᠤᠭ᠎ᠠ ᠡᠯ᠎ᠡ ᠨᠢᠭᠡᠴᠡ ᠳᠤ᠄      ︽ᠪᠠᠶᠠᠨᠨᠠᠭᠤᠷ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ᠶᠢ ᠬᠤᠲᠠ ᠶᠢᠨ ᠵᠠᠰᠠᠭ ᠤᠨ ᠣᠷᠳᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠨᠢᠭᠡᠨᠲᠡ ᠰᠤᠳᠤᠯᠤᠨ ᠪᠠᠲᠤᠯᠠᠪᠠ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ᠃                        ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ                             2022 ᠣᠨ ᠤ 3 ᠰᠠᠷ᠎ᠠ ᠶᠢᠨ 3                          ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠪᠡ︶      ᠪᠠᠶᠠᠨᠨᠠᠭᠤᠷ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠤᠨ ᠴᠢᠨᠠᠷ ᠰᠠᠶᠢᠲᠠᠢ            ᠬᠥᠭᠵᠢᠯᠲᠡ ᠶᠢ ᠠᠬᠢᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ      ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠢᠷᠢ ᠴᠢᠳᠠᠮᠵᠢ ᠦᠷ᠎ᠡ ᠪᠦᠲᠦᠮᠵᠢ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ᠂ ᠬᠥᠭᠵᠢᠯᠲᠡ ᠶᠢᠨ  ᠬᠥᠳᠡᠯᠭᠡᠬᠦ ᠬᠦᠴᠦᠨ ᠢ ᠪᠣᠶᠢᠵᠢᠭᠤᠯᠬᠤ᠂ ᠪᠣᠳᠠᠲᠤ ᠴᠣᠭᠴᠠ ᠶᠢᠨ ᠠᠵᠤ ᠠᠬᠤᠢ ᠶᠢ ᠬᠥᠭᠵᠢᠭᠦᠯᠦᠨ ᠮᠠᠨᠳᠤᠭᠤᠯᠬᠤ ᠳᠤᠮᠳᠠᠬᠢ ᠵᠠᠩᠭᠢᠯᠠᠭ᠎ᠠ ᠶᠢᠨ ᠦᠢᠯᠡᠳᠦᠯ ᠢ ᠦᠨᠡᠨᠬᠦ ᠰᠠᠶᠢᠲᠤᠷ ᠪᠠᠳᠠᠷᠠᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠬᠤ ᠶᠢᠨ ᠲᠤᠰᠠᠳᠠ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠪᠠ᠃      ᠨᠢᠭᠡᠳᠦᠭᠡᠷ ᠵᠦᠢᠯ ᠲᠤᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ  ᠶᠢ ᠪᠠᠶᠠᠨᠨᠠᠭᠤᠷ ᠬᠤᠲᠠ ᠳᠤ ᠬᠠᠤᠯᠢ ᠶᠣᠰᠣᠭᠠᠷ ᠳᠠᠩᠰᠠᠯᠠᠭᠤᠯᠬᠤ᠂ ᠭᠠᠶᠢᠯᠢ ᠲᠤᠰᠢᠶᠠᠬᠤ ᠳᠤ ᠬᠡᠷᠡᠭᠯᠡᠨ᠎ᠡ᠂ ᠡᠳ᠋ ᠤᠨ ᠶᠠᠪᠤᠳᠠᠯ ᠤᠨ ᠳᠦᠷᠢᠮ ᠢ ᠪᠦᠷᠢᠨᠰᠢᠬᠦᠯᠦᠭᠰᠡᠨ᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ᠂ ᠪᠡᠶ᠎ᠡ ᠪᠠᠨ ᠳᠠᠭᠠᠭᠠᠵᠤ ᠲᠣᠭᠠᠴᠠᠭ᠎ᠠ ᠬᠢᠬᠦ ᠶᠢ ᠬᠡᠷᠡᠭᠵᠢᠭᠦᠯᠦᠭᠰᠡᠨ ᠠᠵᠤ ᠠᠬᠤᠶᠢᠯᠠᠯ ᠲᠠᠢ ᠮᠥᠷᠲᠡᠭᠡᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ︵ᠭᠠᠵᠠᠷ ᠰᠢᠷᠣᠢ ᠶᠢᠨ ᠦᠨ᠎ᠡ ᠶᠢᠨ ᠵᠣᠭᠤᠰ ᠢ ᠪᠠᠭᠲᠠᠭᠠᠬᠤ ᠦᠭᠡᠢ᠂ ᠳᠣᠷᠣᠭᠰᠢ ᠠᠳᠠᠯᠢ︶ ᠨᠢ 1 ᠳ᠋ᠦᠩᠰᠢᠭᠤᠷ ᠲᠥᠭᠦᠷᠢᠭ ︵ᠮᠠᠯ ᠲᠠᠷᠢᠶᠠᠯᠠᠩ  ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠬᠦ ᠦᠢᠯᠡᠰ ᠨᠢ 3000 ᠲᠦᠮᠡᠨ ᠲᠥᠭᠦᠷᠢᠭ ᠲᠤ ᠬᠥᠷᠪᠡ︶  ᠠᠴᠠ ᠳᠡᠭᠡᠭᠰᠢ ᠳᠤ ᠬᠦᠷᠦᠭᠰᠡᠨ᠂ ᠪᠡᠯᠡ ᠣᠷᠣᠭᠤᠯᠤᠯᠲᠠ ᠶᠢᠨ ᠡᠷᠴᠢᠮ ᠨᠢ ᠲᠥᠷᠥᠯ ᠵᠦᠢᠯ ᠤᠨ ᠪᠠᠶᠢᠭ᠎ᠠ ᠭᠠᠵᠠᠷ ᠣᠷᠣᠨ ᠤ ᠬᠡᠷᠡᠭᠯᠡᠬᠦ ᠭᠠᠵᠠᠷ ᠤᠨ ᠪᠠᠷᠢᠮᠵᠢᠶ᠎ᠠ ᠳᠤ ᠨᠡᠶᠢᠴᠡᠭᠰᠡᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠪᠣᠯᠣᠨ᠎ᠠ ᠃ ᠪᠣᠬᠢᠷᠳᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠬᠦ ᠠᠵᠤ ᠦᠢᠯᠡᠰ᠂ ᠰᠢᠨ᠎ᠡ ᠮᠠᠲ᠋ᠧᠷᠢᠶᠠᠯ ᠤᠨ ᠠᠵᠤ ᠦᠢᠯᠡᠰ᠂ ᠲᠣᠨᠤᠭ ᠲᠥᠬᠦᠭᠡᠷᠦᠮᠵᠢ ᠦᠶᠯᠡᠳᠬᠦ ᠠᠵᠤ ᠦᠢᠯᠡᠰ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ ᠶᠢ ᠭᠤᠣᠯᠳᠠᠯᠭ᠎ᠠ ᠲᠠᠢ ᠳᠡᠮᠵᠢᠨ᠎ᠡ᠃      ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠦᠭᠰᠡᠨ ᠪᠤᠶᠤ ᠭᠠᠵᠠᠷ ᠣᠷᠣᠨ ᠤ ᠠᠵᠤ ᠦᠢᠯᠡᠰ ᠤᠨ ᠬᠤᠭᠤᠰᠤᠨ ᠢ ᠨᠥᠬᠦᠪᠦᠷᠢᠯᠡᠭᠰᠡᠨ᠂ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠥᠷᠥᠯ ᠵᠦᠢᠯ ᠵᠢᠴᠢ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠤᠨ ᠶᠡᠷᠦᠩᠬᠡᠢ ᠵᠠᠬᠢᠷᠭ᠎ᠠ ᠶᠢ ᠲᠣᠰ ᠬᠤᠲᠠ ᠳᠤ ᠪᠠᠶᠢᠭᠤᠯᠤᠭᠰᠠᠨ ᠪᠤᠶᠤ ᠨᠡᠭᠦᠯᠭᠡᠭᠰᠡᠨ ᠪᠠᠶᠢᠪᠠᠯ᠂ ︽ᠨᠢᠭᠡ ᠬᠡᠷᠡᠭ ᠢ ᠨᠢᠭᠡ ᠵᠥᠪᠯᠡᠬᠦ᠂ ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠲᠣᠭᠲᠠᠭᠠᠬᠤ︾ ᠠᠷᠭ᠎ᠠ ᠮᠠᠶ᠋ᠢᠭ ᠢ ᠦᠨᠳᠦᠰᠦᠯᠡᠵᠦ ᠪᠣᠯᠣᠨ᠎ᠠ᠃      ᠬᠤᠶᠠᠳᠤᠭᠠᠷ ᠵᠦᠢᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠭᠠᠳ ᠦᠭᠡᠢ ᠨᠡᠪᠲᠡᠷᠡᠬᠦ ᠵᠠᠮ ᠢ  ᠡᠳ᠋ᠯᠡᠨ᠎ᠡ᠃ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠡᠯ᠎ᠡ ᠲᠥᠷᠥᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠳᠤ ᠪᠡᠯᠡ ᠣᠷᠣᠭᠤᠯᠤᠯᠲᠠ ᠶᠢ ᠠᠬᠢᠭᠤᠯᠬᠤ ᠰᠠᠯᠠᠭ᠎ᠠ ᠮᠥᠴᠢᠷ ᠠᠴᠠ ᠪᠥᠬᠦ ᠶᠠᠪᠤᠴᠠ ᠪᠠᠷ ᠣᠷᠣᠯᠠᠨ ᠭᠦᠢᠴᠡᠳᠬᠡᠵᠦ᠂ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠨᠢ ᠴᠠᠭ ᠬᠢᠵᠠᠭᠠᠷᠯᠠᠨ ᠲᠦᠷᠭᠡᠨ ᠭᠦᠢᠴᠡᠳᠬᠡᠵᠦ᠂ ᠬᠢᠨᠠᠯᠲᠠ ᠲᠠᠯᠪᠢᠬᠤ ᠰᠠᠯᠠᠭ᠎ᠠ ᠮᠥᠴᠢᠷ ᠨᠢ ᠮᠥᠷᠳᠡᠵᠦ ᠰᠢᠮᠳᠠᠭᠤᠯᠤᠨ ᠭᠦᠢᠴᠡᠳᠬᠡᠨ᠎ᠡ᠃      ᠭᠤᠷᠪᠠᠳᠤᠭᠠᠷ ᠵᠦᠢᠯ ᠠᠵᠤ ᠠᠬᠤᠶᠢᠯᠠᠯ ᠤᠨ ᠳᠦᠷᠢᠮ ᠤᠨ ᠴᠢᠨᠠᠷᠲᠠᠢ ᠠᠷᠠᠯᠵᠢᠶᠠᠨ ᠤ ᠥᠪᠡᠷ ᠤᠨ ᠥᠷᠳᠡᠭ ᠢ ᠪᠠᠭᠤᠷᠠᠭᠤᠯᠤᠨ᠎ᠠ᠃ ︽ᠨᠢᠭᠡ ᠵᠢᠷᠤᠭ ᠲᠥᠯᠥᠪᠯᠡᠭᠡ︾᠂ ︽ᠣᠷᠣᠨ ᠪᠦᠰᠡ ᠶᠢᠨ ᠦᠨᠡᠯᠡᠨ ᠵᠢᠱᠢᠯᠲᠡ︾᠂ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ︾ ᠵᠡᠷᠭᠡ ᠦᠷ᠎ᠡ ᠪᠦᠲᠦᠭᠡᠯ ᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠵᠤ᠂ ︽ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ︾᠂ ︽ᠬᠠᠮᠲᠤᠷᠠᠨ ᠬᠢᠨᠠᠨ ᠵᠥᠪᠰᠢᠶᠡᠷᠡᠬᠦ︾ ᠶᠢ ᠨᠠᠶᠢᠳᠠᠪᠤᠷᠢᠵᠢᠭᠤᠯᠤᠨ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠲᠦᠯᠬᠢᠨ ᠠᠬᠢᠭᠤᠯᠵᠤ᠂ ᠬᠢᠨᠠᠨ ᠵᠥᠪᠰᠢᠶᠡᠷᠡᠬᠦ ᠭᠤᠭᠴᠤᠭ᠎ᠠ ᠶᠢ ᠰᠢᠯᠢᠳᠡᠭᠵᠢᠭᠦᠯᠦᠨ᠂ ᠬᠢᠨᠠᠨ ᠵᠥᠪᠰᠢᠶᠡᠷᠡᠬᠦ ᠴᠠᠭ ᠢ ᠪᠣᠭᠤᠨᠢᠰᠬᠠᠨ᠎ᠠ᠃      ᠳᠥᠷᠪᠡᠳᠦᠭᠡᠷ ᠵᠦᠢᠯ ᠭᠠᠵᠠᠷ ᠰᠢᠷᠣᠢ ᠶᠢᠨ ᠬᠠᠩᠭᠠᠯᠭ᠎ᠠ ᠶᠢ ᠪᠠᠲᠤᠯᠠᠨ᠎ᠠ᠃ ᠨᠥᠬᠦᠴᠡᠯ ᠳᠤ ᠨᠡᠶᠢᠴᠡᠬᠦ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ᠂ ᠰᠢᠨ᠎ᠡ ᠪᠠᠷ ᠨᠡᠮᠡᠭᠳᠡᠭᠦᠯᠬᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠯᠡᠭᠡ ᠶᠢ ᠤᠷᠢᠳᠠᠪᠠᠷ ᠲᠣᠬᠢᠷᠠᠭᠤᠯᠵᠤ᠂ ᠭᠠᠵᠠᠷ ᠬᠠᠩᠭᠠᠬᠤ ᠲᠥᠯᠥᠪᠯᠡᠭᠡ ᠳᠤ ᠤᠷᠢᠳᠠᠪᠠᠷ ᠣᠷᠣᠭᠤᠯᠤᠨ᠂ ᠭᠠᠵᠠᠷ ᠬᠡᠷᠡᠭᠯᠡᠬᠦ ᠭᠠᠷᠳᠠᠮ ᠢ ᠤᠷᠢᠳᠠᠪᠠᠷ ᠭᠦᠢᠴᠡᠳᠬᠡᠨ᠎ᠡ᠃ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠶᠢ ᠣᠷᠳᠣ ᠬᠤᠭᠤᠴᠠᠭ᠎ᠠ ᠪᠠᠷ ᠲᠦᠷᠢᠶᠡᠰᠦᠯᠡᠭᠦᠯᠬᠦ᠂ ᠤᠷᠢᠳᠠᠪᠠᠷ ᠲᠦᠷᠢᠶᠡᠰᠦᠯᠡᠭᠦᠯᠵᠦ ᠳᠠᠷᠠᠭ᠎ᠠ ᠨᠢ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ ᠪᠠ ᠰᠢᠯᠵᠢᠭᠦᠯᠦᠨ ᠥᠭᠬᠦ ᠶᠢ ᠤᠶᠠᠯᠳᠤᠭᠤᠯᠬᠤ᠂ ᠬᠠᠷᠢᠮᠠᠬᠠᠢ ᠴᠢᠨᠠᠷᠲᠠᠢ ᠪᠠᠷ ᠵᠢᠯ ᠤᠨ ᠬᠤᠭᠤᠴᠠᠭ᠎ᠠ ᠲᠠᠢ ᠰᠢᠯᠵᠢᠭᠦᠯᠦᠨ ᠬᠤᠳᠠᠯᠳᠤᠬᠤ᠂ ᠬᠤᠭᠤᠴᠠᠭ᠎ᠠ ᠬᠤᠪᠢᠶᠠᠨ ᠭᠠᠵᠠᠷ ᠬᠠᠩᠭᠠᠬᠤ ᠵᠡᠷᠭᠡ ᠠᠷᠭ᠎ᠠ ᠮᠠᠶ᠋ᠢᠭ ᠢᠶᠠᠷ ᠭᠠᠵᠠᠷ ᠰᠢᠷᠣᠢ ᠶᠢ ᠬᠡᠷᠡᠭᠯᠡᠬᠦ ᠶᠢᠨ ᠬᠠᠮᠲᠤ᠂ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠭᠰᠠᠨ ᠮᠥᠩᠭᠦ ᠶᠢ ᠬᠤᠭᠤᠴᠠᠭ᠎ᠠ ᠬᠤᠪᠢᠶᠠᠨ ᠲᠤᠰᠢᠶᠠᠵᠤ ᠪᠣᠯᠣᠨ᠎ᠠ᠃ ᠥᠪᠡᠷᠲᠡᠭᠡᠨ ᠵᠠᠰᠠᠬᠤ ᠣᠷᠣᠨ  ᠠᠴᠠ ᠲᠣᠭᠲᠠᠭᠠᠭᠰᠠᠨ ᠤᠷᠢᠳᠠᠪᠠᠷ ᠬᠥᠭᠵᠢᠭᠦᠯᠬᠦ ᠠᠵᠤ ᠦᠢᠯᠡᠰ ᠤᠨ ᠲᠥᠷᠥᠯ ᠵᠦᠢᠯ ᠳᠤ᠂ ᠭᠠᠵᠠᠷ ᠰᠢᠷᠣᠢ ᠶᠢ ᠬᠢᠮᠳᠠ ᠪᠠᠷ ᠬᠤᠳᠠᠯᠳᠤᠬᠤ ᠰᠠᠭᠤᠷᠢ ᠦᠨ᠎ᠡ ᠶᠢ ᠲᠣᠭᠲᠠᠭᠠᠬᠤ ᠦᠶ᠎ᠡ ᠳᠤ ᠪᠠᠶᠢᠭ᠎ᠠ ᠭᠠᠵᠠᠷ ᠤᠨ ᠭᠠᠵᠠᠷ ᠰᠢᠷᠣᠢ ᠶᠢᠨ ᠲᠠᠰ ᠢᠯᠭᠠᠯ ᠤᠨ ᠬᠠᠷᠢᠯᠴᠠᠨ ᠵᠣᠬᠢᠴᠠᠯᠳᠤᠭᠰᠠᠨ ᠬᠠᠮᠤᠭ ᠤᠨ ᠳᠣᠣᠷ᠎ᠠ ᠪᠠᠷᠢᠮᠵᠢᠶ᠎ᠠ ᠶᠢᠨ 70%  ᠠᠴᠠ ᠳᠣᠣᠷ᠎ᠠ ᠪᠠᠶᠢᠯᠭᠠᠬᠤ ᠦᠭᠡᠢ ᠪᠠᠷ ᠬᠡᠷᠡᠭᠵᠢᠭᠦᠯᠵᠦ ᠪᠣᠯᠣᠨ᠎ᠠ᠃ ᠲᠥᠯᠦᠪᠵᠢᠭᠦᠯᠭᠡ ᠳᠤ ᠨᠡᠶᠢᠴᠡᠵᠦ᠂ ᠬᠡᠷᠡᠭᠴᠡᠭᠡ ᠶᠢ ᠨᠢ ᠦᠯᠦ ᠬᠤᠪᠢᠷᠠᠭᠤᠯᠬᠤ ᠤᠷᠢᠲᠠᠯ ᠤᠨ ᠳᠣᠣᠷ᠎ᠠ᠂ ᠤᠳᠤ ᠪᠠᠶᠢᠭ᠎ᠠ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠢ ᠬᠡᠷᠡᠭᠯᠡᠵᠦ᠂ ᠭᠠᠵᠠᠷ ᠰᠢᠷᠣᠢ ᠶᠢᠨ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠦᠭᠰᠡᠨ ᠪᠠ ᠪᠠᠭᠲᠠᠭᠠᠮᠵᠢ ᠶᠢᠨ ᠨᠤᠷᠮ᠎ᠠ ᠶᠢ ᠨᠡᠮᠡᠭᠳᠡᠭᠦᠯᠦᠭᠰᠡᠨ ᠪᠠᠶᠢᠪᠠᠯ᠂ ᠭᠠᠵᠠᠷ ᠰᠢᠷᠣᠢ ᠶᠢᠨ ᠦᠨ᠎ᠡ ᠶᠢᠨ ᠵᠣᠭᠤᠰ ᠤᠨ ᠣᠷᠣᠯᠭ᠎ᠠ ᠶᠢ ᠲᠠᠬᠢᠵᠦ ᠨᠡᠮᠡᠭᠳᠡᠭᠦᠯᠬᠦ ᠦᠭᠡᠢ᠃      ᠲᠠᠪᠤᠳᠤᠭᠠᠷ ᠵᠦᠢᠯ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠥᠬᠦᠴᠡᠯ ᠳᠤ ᠨᠡᠶᠢᠴᠡᠭᠰᠡᠨ ᠪᠡᠯᠡ ᠣᠷᠣᠭᠤᠯᠤᠯᠲᠠ ᠶᠢᠨ ᠲᠥᠷᠥᠯ ᠵᠦᠢᠯ᠂ ᠪᠡᠯᠡ ᠣᠷᠣᠭᠤᠯᠤᠯᠲᠠ ᠶᠢᠨ ᠭᠡᠷ᠎ᠡ ︵ᠵᠥᠪᠯᠡᠯᠴᠡᠭᠡᠷ︶ ᠳᠤ ᠪᠣᠯᠵᠣᠨ ᠲᠣᠭᠲᠠᠭᠰᠠᠨ ᠠᠭᠤᠯᠭ᠎ᠠ ᠶᠢᠨ ᠶᠣᠰᠣᠭᠠᠷ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢᠨ ᠬᠠᠮᠲᠤ ᠠᠰᠢᠭᠯᠠᠯᠲᠠ ᠳᠤ ᠣᠷᠣᠭᠤᠯᠤᠨ ᠡᠵᠡᠩᠨᠡᠭᠰᠡᠨ ᠤ ᠲᠠᠷᠠᠭ᠎ᠠ᠂ ᠲᠥᠷᠥᠯ ᠵᠦᠢᠯ ᠤᠨ ᠪᠠᠶᠢᠭ᠎ᠠ ᠬᠤᠰᠢᠭᠤ ᠰᠢᠶᠠᠨ ᠲᠣᠭᠤᠷᠢᠭ᠂ ᠠᠵᠤ ᠠᠬᠤᠢ ᠶᠢᠨ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠭᠠᠭᠮᠤᠳᠤ  ᠬᠢᠯᠢ ᠶᠢᠨ ᠪᠣᠭᠤᠮᠲᠠ ︵ᠪᠠᠶᠢᠭ᠎ᠠ ᠭᠠᠵᠠᠷ ᠣᠷᠣᠨ ᠭᠡᠵᠦ ᠶᠡᠷᠦᠩᠬᠡᠶᠢᠯᠡᠨ ᠨᠡᠷᠡᠶᠢᠳᠦᠨ᠎ᠡ᠂ ᠳᠣᠷᠣᠭᠰᠢ ᠠᠳᠠᠯᠢ︶ ᠪᠠᠷ ᠦᠨᠡᠮᠰᠢᠭᠦᠯᠪᠡᠯ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠱᠠᠩᠨᠠᠯ ᠣᠯᠭᠤᠵᠤ ᠪᠣᠯᠣᠨ᠎ᠠ᠂ ᠠᠵᠤ ᠠᠬᠤᠶᠢᠯᠠᠯ ᠤᠨ ᠪᠣᠳᠠᠲᠠᠢ ᠪᠡᠶᠡᠯᠡᠭᠦᠯᠦᠭᠰᠡᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠤᠭ᠎ᠠ ᠬᠡᠮᠵᠢᠶ᠎ᠡ ᠶᠢᠨ 3% ᠪᠠᠷ ᠱᠠᠩᠨᠠᠵᠤ᠂ ᠶᠡᠷᠦᠩᠬᠡᠢ ᠲᠤᠭ᠎ᠠ ᠶᠢ ᠬᠠᠮᠤᠭ ᠥᠨᠳᠥᠷ ᠲᠡᠭᠡᠨ 3000 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃      ᠵᠢᠷᠭᠤᠳᠤᠭᠠᠷ ᠵᠦᠢᠯ ᠪᠡᠯᠡ ᠣᠷᠣᠭᠤᠯᠤᠯᠲᠠ ᠶᠢᠨ ᠬᠤᠪᠢ ᠨᠡᠮᠡᠷᠢ ᠶᠢᠨ ᠱᠠᠩᠨᠠᠯ ᠨᠥᠬᠦᠴᠡᠯ ᠳᠤ ᠨᠡᠶᠢᠴᠡᠬᠦ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 2 ᠳ᠋ᠦᠩᠰᠢᠭᠤᠷ ᠲᠥᠭᠦᠷᠢᠭ ︵  ᠮᠠᠯ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠦᠢᠯᠡᠰ ᠲᠤ 6000 ᠲᠦᠮᠡᠨ ᠲᠥᠭᠦᠷᠢᠭ︶ ᠠᠴᠠ ᠳᠡᠭᠡᠭᠰᠢ ᠨᠢᠭᠡ ᠤᠳᠠᠭ᠎ᠠ ᠳᠤ ᠪᠡᠶᠡᠯᠡᠭᠦᠯᠦᠭᠰᠡᠨ ᠪᠠᠶᠢᠪᠠᠯ᠂ ᠭᠡᠷ᠎ᠡ ︵ᠵᠥᠪᠯᠡᠯᠴᠡᠭᠡᠷ︶ ᠳᠤ ᠪᠣᠯᠵᠣᠨ ᠲᠣᠭᠲᠠᠭᠰᠠᠨ ᠠᠭᠤᠯᠭ᠎ᠠ ᠶᠢᠨ ᠶᠣᠰᠣᠭᠠᠷ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠲᠥᠷᠥᠯ ᠵᠦᠢᠯ ᠤᠨ ᠪᠠᠶᠢᠭ᠎ᠠ ᠭᠠᠵᠠᠷ ᠣᠷᠣᠨ ᠢᠶᠠᠷ ᠦᠨᠡᠮᠰᠢᠭᠦᠯᠦᠭᠰᠡᠨ ᠤ ᠳᠠᠷᠠᠭ᠎ᠠ᠂ ᠭᠠᠶᠢᠯᠢ ᠲᠤᠰᠢᠶᠠᠬᠤ ᠣᠨ  ᠠᠴᠠ ᠡᠬᠢᠯᠡᠨ᠂ ᠦᠷᠭᠦᠯᠵᠢᠯᠡᠨ ᠲᠠᠪᠤᠨ ᠵᠢᠯ ᠱᠠᠩᠨᠠᠵᠤ ᠪᠣᠯᠣᠨ᠎ᠠ᠃      ᠳᠣᠯᠣᠳᠤᠭᠠᠷ ᠵᠦᠢᠯ ᠬᠡᠯᠬᠢᠶᠡᠰᠦ ᠶᠢ ᠥᠷᠭᠡᠳᠬᠡᠬᠦ ᠮᠡᠷᠭᠡᠵᠢᠯ ᠤᠨ ᠥᠭᠡᠷᠡᠴᠢᠯᠡᠯᠲᠡ ᠶᠢᠨ ᠱᠠᠩᠨᠠᠯ ᠬᠥᠬᠢᠭᠦᠯᠦᠯ᠃ ᠣᠲᠣ ᠶᠢᠨ ᠪᠠᠶᠢᠭ᠎ᠠ ᠠᠵᠤ ᠠᠬᠤᠶᠢᠯᠠᠯ ᠤᠨ ᠬᠡᠷᠡᠭᠯᠡᠬᠦ ᠭᠠᠵᠠᠷ ᠢ ᠰᠢᠨ᠎ᠡ ᠪᠠᠷ ᠨᠡᠮᠡᠭᠳᠡᠭᠦᠯᠬᠦ ᠦᠭᠡᠢ ᠮᠥᠷᠲᠡᠭᠡᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 2000 ᠲᠦᠮᠡᠨ ᠲᠥᠭᠦᠷᠢᠭ ᠠᠴᠠ ᠳᠡᠭᠡᠭᠰᠢ ᠨᠢᠭᠡ ᠤᠳᠠᠭ᠎ᠠ ᠳᠤ ᠪᠡᠶᠡᠯᠡᠭᠦᠯᠦᠭᠰᠡᠨ ᠬᠡᠯᠬᠢᠶ᠎ᠡ ᠶᠢ ᠥᠷᠭᠡᠳᠬᠡᠬᠦ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠭᠡᠷ᠎ᠡ ︵ᠵᠥᠪᠯᠡᠯᠴᠡᠭᠡᠷ︶ ᠳᠤ ᠪᠣᠯᠵᠣᠨ ᠲᠣᠭᠲᠠᠭᠰᠠᠨ ᠠᠭᠤᠯᠭ᠎ᠠ ᠶᠢᠨ ᠶᠣᠰᠣᠭᠠᠷ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠲᠥᠷᠥᠯ ᠵᠦᠢᠯ ᠤᠨ ᠪᠠᠶᠢᠭ᠎ᠠ ᠭᠠᠵᠠᠷ ᠣᠷᠣᠨ ᠢᠶᠠᠷ ᠦᠨᠡᠮᠰᠢᠭᠦᠯᠦᠭᠰᠡᠨ ᠤ ᠳᠠᠷᠠᠭ᠎ᠠ ᠪᠣᠳᠠᠲᠠᠢ ᠪᠡᠶᠡᠯᠡᠭᠦᠯᠦᠭᠰᠡᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ 3% ᠶᠢᠨ ᠱᠠᠩᠨᠠᠯ ᠣᠯᠭᠤᠵᠤ ᠪᠣᠯᠣᠨ᠎ᠠ᠂ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠢ᠃      ᠨᠠᠢᠮᠠᠳᠤᠭᠠᠷ ᠵᠦᠢᠯ ᠳᠠᠬᠢᠨ ᠵᠣᠬᠢᠶᠠᠨ ᠪᠠᠶᠢᠭᠤᠯᠵᠤ ᠨᠡᠶᠢᠯᠡᠭᠦᠯᠦᠨ ᠬᠤᠳᠠᠯᠳᠤᠨ ᠠᠪᠤᠭᠰᠠᠨ ᠢ ᠱᠠᠩᠨᠠᠨ᠎ᠠ ᠃ ᠪᠡᠯᠡ ᠣᠷᠣᠭᠤᠯᠬᠤ ᠲᠠᠯ᠎ᠠ ᠨᠢ ᠨᠢᠭᠡ ᠤᠳᠠᠭ᠎ᠠ ᠳᠤ 1 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠭᠠᠷᠭᠠᠵᠤ ᠬᠤᠳᠠ ᠶᠢᠨ ᠳᠣᠲᠣᠷᠠᠬᠢ ᠠᠵᠤ ᠠᠬᠤᠶᠢᠯᠠᠯ ᠢ ᠲᠠᠬᠢᠨ ᠵᠣᠬᠢᠶᠠᠨ ᠪᠠᠶᠢᠭᠤᠯᠵᠤ ᠨᠡᠶᠢᠯᠡᠭᠦᠯᠦᠨ ᠬᠤᠳᠠᠯᠳᠤᠨ ᠠᠪᠤᠭᠰᠠᠨ ᠪᠥᠭᠡᠳ ᠰᠲ᠋ᠣᠺ ᠤᠨ ᠡᠷᠬᠡ ᠨᠢ 51% ᠠᠴᠠ ᠳᠣᠣᠷ᠎ᠠ ᠦᠭᠡᠢ ᠪᠠᠶᠢᠵᠤ᠂ ᠪᠣᠯᠵᠤᠭ᠎ᠠ ᠶᠢᠨ ᠬᠠᠷᠠᠯᠲᠠ ᠪᠠᠨ ᠪᠡᠶᠡᠯᠡᠭᠦᠯᠦᠭᠰᠡᠨ ᠪᠠᠶᠢᠪᠠᠯ᠂ ᠪᠡᠯᠡ ᠣᠷᠣᠭᠤᠯᠬᠤ ᠲᠠᠯ᠎ᠠ ᠳᠤ ᠬᠤᠳᠠᠯᠳᠤᠨ ᠠᠪᠬᠤ ᠪᠡᠯᠡ ᠮᠥᠩᠭᠦ ᠶᠢᠨ ᠵᠣᠬᠢᠬᠤ ᠬᠠᠷᠢᠴᠠᠯ ᠤᠨ ᠱᠠᠩᠨᠠᠯ ᠣᠯᠭᠤᠵᠤ ᠪᠣᠯᠣᠨ᠎ᠠ᠃ ᠳᠠᠬᠢᠨ ᠵᠣᠬᠢᠶᠠᠨ ᠪᠠᠶᠢᠭᠤᠯᠵᠤ ᠨᠡᠶᠢᠯᠡᠭᠦᠯᠦᠨ ᠬᠤᠳᠠᠯᠳᠤᠨ ᠠᠪᠤᠭᠰᠠᠨ ᠬᠥᠷᠥᠩᠭᠡ ᠨᠢ ᠥᠷᠢ ᠪᠠᠨ ᠲᠥᠯᠥᠵᠦ ᠳᠡᠶᠢᠯᠬᠦ ᠦᠭᠡᠢ᠂ ᠣᠷᠳᠣ ᠬᠤᠭᠤᠴᠠᠭ᠎ᠠ ᠪᠠᠷ ᠠᠯᠳᠠᠭᠳᠠᠯ ᠲᠠᠢ ᠪᠤᠶᠤ ᠬᠥᠰᠢᠮᠡᠯ ᠠᠵᠤ ᠠᠬᠤᠶᠢᠯᠠᠯ ᠳᠤ ᠬᠠᠷᠢᠶᠠᠯᠠᠭᠳᠠᠪᠠᠯ᠂ ᠳᠠᠬᠢᠨ ᠵᠣᠬᠢᠶᠠᠨ ᠪᠠᠶᠢᠭᠤᠯᠵᠤ ᠨᠡᠶᠢᠯᠡᠭᠦᠯᠦᠨ ᠬᠤᠳᠠᠯᠳᠤᠨ ᠠᠪᠴᠤ ᠦᠢᠯᠡᠳᠪᠦᠷᠢᠯᠡᠯ ᠡᠵᠡᠩᠨᠡᠯᠲᠡ ᠪᠠᠨ ᠰᠡᠷᠭᠦᠭᠡᠭᠰᠡᠨ ᠣᠨ  ᠠᠴᠠ ᠡᠬᠢᠯᠡᠨ᠂ ᠬᠤᠶᠠᠷ ᠵᠢᠯ ᠳᠠᠷᠠᠭᠠᠯᠠᠨ ᠱᠠᠩᠨᠠᠵᠤ ᠪᠣᠯᠣᠨ᠎ᠠ᠃      ᠶᠢᠰᠦᠳᠦᠭᠡᠷ ᠵᠦᠢᠯ ᠠᠵᠤ ᠠᠬᠤᠶᠢᠯᠠᠯ ᠤᠨ ᠤᠳᠤᠷᠢᠳᠬᠤ ᠪᠠᠭ ᠤᠨ ᠪᠦᠷᠢᠯᠳᠦᠭᠦᠨ ᠢ ᠱᠠᠩᠨᠠᠨ᠎ᠠ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 2 ᠳ᠋ᠦᠩᠰᠢᠭᠤᠷ ᠲᠥᠭᠦᠷᠢᠭ ︵ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠢᠯᠢᠭ ᠡᠳ᠋ᠰᠢᠭᠦᠯᠬᠦ ᠦᠢᠯᠡᠰ ᠤᠨ 6000 ᠲᠦᠮᠡᠨ ᠲᠥᠭᠦᠷᠢᠭ︶ ᠠᠴᠠ ᠳᠡᠭᠡᠭᠰᠢᠬᠢ ᠲᠥᠷᠥᠯ ᠵᠦᠢᠯ ᠢ ᠨᠢᠭᠡ ᠤᠳᠠᠭ᠎ᠠ ᠳᠤ ᠪᠡᠶᠡᠯᠡᠭᠦᠯᠪᠡᠯ᠂ ᠠᠵᠤ ᠠᠬᠤᠶᠢᠯᠠᠯ ᠤᠨ ᠤᠳᠤᠷᠢᠳᠬᠤ ᠪᠠᠭ ᠤᠨ ᠪᠦᠷᠢᠯᠳᠦᠭᠦᠨ ᠳᠤ ᠱᠠᠩᠨᠠᠯ ᠣᠯᠭᠤᠵᠤ ᠪᠣᠯᠣᠨ᠎ᠠ᠂ ᠲᠥᠷᠥᠯ ᠵᠦᠢᠯ ᠤᠨ ᠪᠠᠶᠢᠭ᠎ᠠ ᠭᠠᠵᠠᠷ ᠣᠷᠣᠨ ᠨᠢ ᠱᠠᠩᠨᠠᠯ ᠤᠨ ᠪᠠᠷᠢᠮᠵᠢᠶ᠎ᠠ ᠪᠠ ᠬᠥᠮᠥᠨ ᠤ ᠲᠤᠭ᠎ᠠ ᠪᠠᠨ ᠥᠪᠡᠰᠦᠪᠡᠨ ᠲᠣᠭᠲᠠᠭᠠᠵᠤ ᠪᠣᠯᠣᠨ᠎ᠠ︔ ᠠᠵᠤ ᠠᠬᠤᠶᠢᠯᠠᠯ ᠤᠨ ᠤᠳᠤᠷᠢᠳᠬᠤ ᠪᠠᠭ ᠤᠨ ᠪᠦᠷᠢᠯᠳᠦᠭᠦᠨ ᠤ ᠦᠷ᠎ᠡ ᠬᠡᠦᠬᠡᠳ ᠨᠢ ᠪᠠᠶᠠᠨᠨᠠᠭᠤᠷ ᠬᠤᠲᠠ ᠶᠢᠨ ᠠᠯᠪᠠᠨ  ᠠᠴᠠ ᠪᠠᠶᠢᠭᠤᠯᠤᠭᠰᠠᠨ ᠳᠤᠮᠳᠠᠳᠤ ᠪᠠᠭ᠎ᠠ ᠰᠤᠷᠭᠠᠭᠤᠯᠢ ᠳᠤ ᠴᠢᠨᠠᠷ ᠰᠠᠶᠢᠲᠠᠢ ᠰᠤᠷᠭᠠᠭᠤᠯᠢ ᠰᠣᠩᠭᠤᠨ ᠰᠤᠷᠤᠯᠴᠠᠵᠤ ᠪᠣᠯᠣᠨ᠎ᠠ᠃      ᠠᠷᠪᠠᠳᠤᠭᠠᠷ ᠵᠦᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠤᠨ ᠱᠠᠩᠨᠠᠯ᠃ ᠰᠢᠨ᠎ᠡ ᠪᠠᠷ ᠡᠯᠰᠡᠭᠰᠡᠨ ᠠᠵᠢᠯᠲᠠᠨ ᠠᠵᠢᠯᠴᠢᠨ ᠳᠤ ᠠᠵᠢᠯ ᠤᠨ ᠪᠠᠶᠢᠷᠢ ᠳᠤ ᠭᠠᠷᠬᠤ  ᠠᠴᠠ ᠡᠮᠦᠨᠡᠬᠢ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠬᠢᠬᠦ ᠴᠢᠬᠤᠯᠠᠲᠠᠢ ᠠᠵᠤ ᠠᠬᠤᠶᠢᠯᠠᠯ ᠮᠥᠷᠲᠡᠭᠡᠨ ᠬᠥᠮᠥᠨ ᠤ ᠲᠤᠭ᠎ᠠ ᠶᠢᠨ ᠬᠡᠪᠴᠢᠶ᠎ᠡ ᠨᠢ ᠬᠠᠮᠢᠶ᠎ᠠ ᠪᠦᠬᠦᠢ ᠱᠠᠭᠠᠷᠳᠠᠯᠭ᠎ᠠ ᠳᠤ ᠬᠦᠷᠦᠭᠰᠡᠨ ᠪᠠᠶᠢᠪᠠᠯ᠂ ᠲᠤᠬᠠᠢ ᠶᠢᠨ ᠭᠠᠵᠠᠷ ᠤᠨ ᠠᠵᠢᠯ ᠣᠯᠭᠤᠬᠤ ᠰᠠᠯᠠᠭ᠎ᠠ ᠮᠥᠴᠢᠷ ᠲᠤ ᠮᠡᠳᠡᠭᠦᠯᠦᠨ ᠭᠤᠷᠪᠠᠳᠠᠭᠢ ᠡᠲᠡᠭᠡᠳ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠵᠢᠭᠠᠨ ᠲᠣᠭᠲᠠᠭᠠᠵᠤ ᠰᠦᠢᠳᠬᠡᠯ ᠬᠤᠷᠢᠶᠠᠬᠤ ᠦᠭᠡᠢ ᠪᠠᠷ ᠪᠣᠯᠪᠠᠰᠤᠷᠠᠭᠤᠯᠤᠯ ᠬᠦᠷᠲᠡᠭᠡᠬᠦ ᠬᠡᠷᠡᠭᠲᠡᠢ᠃      ᠠᠷᠪᠠᠨ ᠨᠢᠭᠡᠳᠦᠭᠡᠷ ᠵᠦᠢᠯ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠪᠠᠶᠢᠭᠤᠯᠤᠮᠵᠢ ᠪᠠᠷ ᠬᠤᠳᠠᠯᠳᠤᠭᠠᠴᠢᠨ ᠤᠷᠢᠬᠤ ᠶᠢ ᠲᠡᠮᠵᠢᠨ᠎ᠡ᠃ ᠠᠵᠤ ᠠᠬᠤᠶᠢᠯᠠᠯ᠂ ᠬᠤᠳᠠᠯᠳᠤᠭᠠᠨ ᠤ ᠡᠪᠯᠡᠯ᠂ ᠨᠡᠶᠢᠭᠡᠮᠯᠢᠭ᠂ ᠭᠤᠷᠪᠠᠳᠠᠭᠢ ᠡᠲᠡᠭᠡᠳ ᠤᠨ ᠪᠠᠶᠢᠭᠤᠯᠤᠮᠵᠢ᠂ ᠬᠤᠪᠢ ᠬᠥᠮᠥᠨ ᠵᠡᠷᠭᠡ ᠳᠤ ᠭᠤᠣᠯᠳᠠᠯᠭ᠎ᠠ ᠲᠠᠢ ᠳᠡᠮᠵᠢᠬᠦ ᠠᠵᠤ ᠦᠢᠯᠡᠰ ᠢ ᠣᠷᠣᠭᠤᠯᠤᠨ ᠠᠪᠴᠢᠷᠠᠵᠤ᠂ ᠲᠥᠷᠥᠯ ᠵᠦᠢᠯ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠬᠥᠬᠢᠭᠦᠯᠦᠨ ᠰᠠᠶᠢᠰᠢᠶᠠᠬᠤ ᠪᠠ ᠱᠠᠩᠨᠠᠨ᠎ᠠ᠃      ᠠᠷᠪᠠᠨ ᠬᠤᠶᠠᠳᠤᠭᠠᠷ ᠵᠦᠢᠯ ᠪᠡᠯᠡ ᠣᠷᠣᠭᠤᠯᠤᠯᠲᠠ ᠶᠢᠨ ᠲᠥᠷᠥᠯ ᠵᠦᠢᠯ  ᠤᠨ ᠭᠡᠷ᠎ᠡ ᠶᠢᠨ ᠳᠦᠷᠢᠮ ᠤᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ᠲᠥᠷᠥᠯ ᠵᠦᠢᠯ ᠤᠨ ᠥᠮᠴᠢᠲᠡᠨ ᠨᠢ ᠪᠠᠶᠢᠭ᠎ᠠ ᠭᠠᠵᠠᠷ ᠣᠷᠣᠨ ᠲᠠᠢ ᠪᠠᠨ ᠪᠡᠯᠡ ᠣᠷᠣᠭᠤᠯᠤᠯᠲᠠ ᠶᠢᠨ ᠭᠡᠷ᠎ᠡ ︵ᠵᠥᠪᠯᠡᠯᠴᠡᠭᠡᠷ︶ ᠲᠣᠭᠲᠠᠵᠤ᠂ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠡᠷᠴᠢᠮ᠂ ᠠᠭᠤᠯᠭ᠎ᠠ᠂ ᠬᠡᠪᠴᠢᠶ᠎ᠡ᠂ ᠠᠬᠢᠴᠠ ᠪᠣᠯᠣᠨ ᠪᠤᠴᠠᠭᠠᠵᠤ ᠭᠠᠷᠭᠠᠭᠰᠠᠨ ᠪᠠᠶᠢᠳᠠᠯ᠂ ᠵᠢᠴᠢ ᠱᠠᠩᠨᠠᠵᠤ ᠲᠤᠰᠠᠯᠠᠬᠤ ᠶᠢᠨ ᠪᠣᠳᠠᠲᠠᠢ ᠬᠠᠷᠢᠴᠠᠯ ᠪᠤᠶᠤ ᠲᠤᠭ᠎ᠠ ᠬᠡᠮᠵᠢᠶ᠎ᠡ᠂ ᠬᠥᠮᠥᠨ ᠤ ᠲᠤᠭ᠎ᠠ ᠵᠡᠷᠭᠡ ᠶᠢ ᠪᠣᠯᠵᠣᠨ ᠲᠣᠭᠲᠠᠵᠤ᠂ ᠡᠯ᠎ᠡ ᠲᠥᠷᠥᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠡᠶᠡᠯᠡᠭᠦᠯᠬᠦ ᠦᠨᠳᠦᠰᠦᠯᠡᠯ ᠪᠣᠯᠭᠠᠬᠤ ᠬᠡᠷᠡᠭᠲᠡᠢ᠃ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠬᠦ ᠭᠤᠣᠯ ᠴᠣᠭᠴᠠ ᠨᠢ ᠦᠨᠡᠨ ᠪᠠᠶᠢᠳᠠᠯ ᠢᠶᠠᠨ ᠨᠢᠭᠤᠨ ᠳᠠᠯᠳᠠᠯᠠᠵᠤ᠂ ᠬᠤᠳᠠᠯ ᠬᠡᠯᠡᠵᠦ ᠬᠠᠭᠤᠷᠮᠠᠭ ᠢᠶᠠᠷ ᠦᠢᠯᠡᠳᠦᠭᠡᠳ ᠱᠠᠩᠨᠠᠯ ︵ᠨᠥᠬᠦᠪᠦᠷᠢ︶ ᠣᠯᠣᠭᠰᠠᠨ ᠪᠠᠶᠢᠪᠠᠯ᠂ ᠠᠰᠢᠭ ᠣᠷᠣᠯᠭ᠎ᠠ ᠶᠢ ᠨᠢ ᠪᠥᠬᠦ ᠲᠤᠭ᠎ᠠ ᠪᠠᠷ ᠪᠤᠴᠠᠭᠠᠬᠤ ᠶᠢᠨ ᠬᠠᠮᠲᠤ᠂ ᠣᠶᠢᠷ᠎ᠠ ᠶᠢᠨ ᠬᠤᠭᠤᠴᠠᠭᠠᠨ ᠤ ᠠᠷᠠᠳ ᠤᠨ ᠪᠠᠩᠬᠢ ᠶᠢᠨ ᠨᠡᠶᠢᠲᠡᠯᠡᠭᠰᠡᠨ ᠲᠣᠭᠲᠠᠮᠠᠯ ᠬᠤᠭᠤᠴᠠᠭ᠎ᠠ ᠲᠠᠢ ᠠᠳᠠᠯᠢ ᠲᠠᠰ ᠤᠨ ᠬᠠᠳᠠᠭᠠᠯᠠᠮᠵᠢ ᠶᠢᠨ ᠬᠦᠦ ᠮᠥᠩᠭᠦ ᠶᠢᠨ ᠨᠣᠷᠮ᠎ᠠ ᠪᠠᠷ ᠬᠦᠦ ᠮᠥᠩᠭᠦ ᠶᠢ ᠨᠢ ᠳᠥᠯᠥᠬᠦ ᠬᠡᠷᠡᠭᠲᠡᠢ᠃ ᠬᠦᠦ ᠮᠥᠩᠭᠦ ᠶᠢ ᠪᠤᠴᠠᠭᠠᠬᠤ ᠪᠠ ᠥᠭᠬᠦ ᠶᠢ ᠲᠡᠪᠴᠢᠭᠰᠡᠨ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠡᠭᠦᠨ ᠤ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠣᠷᠣᠭᠤᠯᠤᠨ᠎ᠠ᠃      ᠠᠷᠪᠠᠨ ᠭᠤᠷᠪᠠᠳᠤᠭᠠᠷ ᠵᠦᠢᠯ ᠲᠥᠷᠥᠯ ᠵᠦᠢᠯ ᠤᠨ ᠪᠠᠶᠢᠭ᠎ᠠ ᠭᠠᠵᠠᠷ ᠣᠷᠣᠨ ᠨᠤᠭᠤᠳ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠤᠰᠬᠠᠢ ᠵᠦᠢᠯ ᠤᠨ ᠪᠡᠯᠡ ᠮᠥᠩᠭᠦ ᠪᠠᠶᠢᠭᠤᠯᠵᠤ᠂ ᠪᠡᠯᠡ ᠮᠥᠩᠭᠦ ᠶᠢ ᠠᠳᠠᠯᠢ ᠱᠠᠲᠤᠨ ᠤ  ᠡᠳ᠋ ᠤᠨ ᠵᠠᠰᠠᠭ ᠤᠨ ᠲᠥᠰᠥᠪ ᠲᠤ ᠵᠢᠭᠰᠠᠭᠠᠨ ᠣᠷᠣᠭᠤᠯᠬᠤ ᠬᠡᠷᠡᠭᠲᠡᠢ᠃ ᠲᠣᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠳᠣᠲᠣᠷᠠᠬᠢ ᠪᠣᠶ ᠪᠦᠬᠦᠢ ᠱᠠᠩᠨᠠᠵᠤ ᠲᠤᠰᠠᠯᠠᠬᠤ ᠪᠡᠯᠡ ᠮᠥᠩᠭᠦ ᠶᠢ ᠴᠥᠮ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠤᠰᠬᠠᠢ ᠪᠡᠯᠡ ᠮᠥᠩᠭᠦ ᠶᠢᠨ ᠳᠣᠲᠣᠷ᠎ᠠ  ᠠᠴᠠ ᠰᠢᠢᠳᠪᠦᠷᠢᠯᠡᠬᠦ ᠶᠢᠨ ᠬᠠᠮᠲᠤ ᠳᠠᠷᠠᠭ᠎ᠠ ᠵᠢᠯ ᠳᠤᠨᠢ ᠪᠡᠯᠡᠨ ᠵᠣᠭᠤᠰ ᠪᠣᠯᠭᠠᠨ᠎ᠠ᠃ ᠲᠣᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠳᠤ ᠬᠤᠯᠪᠣᠭᠳᠠᠭᠰᠠᠨ ᠵᠣᠭᠤᠰ ᠤᠨ ᠲᠥᠷᠥᠯ ᠨᠢ ᠴᠥᠮ ᠠᠷᠠᠳ ᠤᠨ ᠵᠣᠭᠤᠰ ᠪᠠᠶᠢᠵᠤ᠂ ᠱᠠᠩᠨᠠᠯ᠂ ᠨᠥᠬᠦᠪᠦᠷᠢ ᠵᠡᠷᠭᠡ ᠵᠣᠭᠤᠰ ᠤᠨ ᠲᠤᠭ᠎ᠠ ᠨᠢ ᠴᠥᠮ ᠭᠠᠶᠢᠯᠢ ᠲᠤᠰᠢᠶᠠᠬᠤ  ᠠᠴᠠ ᠡᠮᠦᠨᠡᠬᠢ ᠵᠣᠭᠤᠰ ᠤᠨ ᠲᠤᠭ᠎ᠠ ᠪᠣᠯᠣᠨ᠎ᠠ᠃      ᠠᠷᠪᠠᠨ ᠳᠥᠷᠪᠡᠳᠦᠭᠡᠷ ᠵᠦᠢᠯ ᠲᠣᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ ᠶᠢᠨ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠭᠠᠭᠮᠤᠳᠤ ᠬᠢᠯᠢ ᠶᠢᠨ ᠪᠣᠭᠤᠮᠲᠠ ᠪᠠᠷ ᠬᠡᠷᠡᠭᠵᠢᠭᠦᠯᠬᠦ ᠭᠤᠣᠯ ᠴᠣᠭᠴᠠ ᠪᠣᠯᠭᠠᠵᠤ᠂ ᠲᠥᠷᠥᠯ ᠵᠦᠢᠯ ᠤᠨ ᠪᠠᠶᠢᠭ᠎ᠠ ᠭᠠᠵᠠᠷ ᠨᠢ ᠲᠣᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠰᠠᠭᠤᠷᠢᠨ ᠳᠡᠭᠡᠷ᠎ᠡ᠂ ᠨᠠᠩ ᠣᠨᠣᠪᠴᠢᠲᠠᠶ᠂ ᠭᠠᠵᠠᠷ ᠣᠷᠣᠨ ᠤ ᠪᠣᠳᠠᠲᠠᠢ ᠳᠤ ᠨᠡᠶᠢᠴᠡᠬᠦ ᠬᠡᠷᠡᠭᠵᠢᠭᠦᠯᠬᠦ ᠨᠠᠷᠢᠨ ᠳᠦᠷᠢᠮ᠂ ᠪᠡᠶᠡᠯᠡᠭᠦᠯᠬᠦ ᠴᠤᠪᠤᠷᠠᠯ ᠢ ᠲᠣᠭᠲᠠᠭᠠᠵᠤ᠂ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠦᠨ ᠳᠠᠩᠰᠠᠯᠠᠭᠤᠯᠤᠨ ᠬᠡᠷᠡᠭᠵᠢᠭᠦᠯᠦᠨ᠎ᠡ᠃      ᠠᠷᠪᠠᠨ ᠲᠠᠪᠤᠳᠤᠭᠠᠷ ᠵᠦᠢᠯ ᠲᠤᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠡᠷᠡᠭᠵᠢᠭᠦᠯᠬᠦ ᠬᠤᠭᠤᠴᠠᠭᠠᠨ ᠳᠤ᠂ ᠬᠡᠷᠪᠡ ᠬᠠᠤᠯᠢ ᠴᠠᠭᠠᠵᠠ᠂ ᠬᠠᠤᠯᠢ ᠲᠣᠭᠲᠠᠭᠠᠯ ᠪᠤᠶᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠬᠤᠪᠢᠷᠠᠭᠤᠯᠬᠤ ᠲᠠᠢ ᠲᠣᠬᠢᠶᠠᠯᠳᠤᠪᠠᠯ᠂ ᠲᠡᠷᠡ ᠲᠣᠭᠲᠠᠭᠠᠯ  ᠢ ᠵᠢᠷᠤᠮᠯᠠᠨ᠎ᠠ᠃ ᠲᠣᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠠᠷᠢᠭᠤᠴᠠᠨ ᠲᠠᠶᠢᠯᠪᠤᠷᠢᠯᠠᠨ᠎ᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ