ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠭᠠᠭᠮᠤᠳᠤ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ | ᠬᠤᠲᠠ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠪᠠᠶᠠᠨᠨᠠᠭᠤᠷ ᠬᠤᠲᠠ ᠶᠢᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠵᠣᠷᠢᠭᠵᠢᠭᠤᠯᠬᠤ ᠶᠢᠨ ᠱᠠᠩᠨᠠᠵᠤ ᠨᠥᠬᠦᠪᠦᠷᠢᠯᠡᠬᠦ ᠠᠷᠭ᠎ᠠ︾ ᠶᠢ | ᠬᠤᠲᠠ ᠶᠢᠨ ᠵᠠᠰᠠᠭ ᠤᠨ ᠣᠷᠳᠣᠨ ᠤ 2022 ᠣᠨ ᠤ ᠠᠩᠬᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃ | ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2022 ᠣᠨ ᠤ 1 ᠰᠠᠷ᠎ᠠ ᠶᠢᠨ 30 | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠪᠡ︶ | ᠪᠠᠶᠠᠨᠨᠠᠭᠤᠷ ᠬᠤᠲᠠ ᠶᠢᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠵᠣᠷᠢᠭᠵᠢᠭᠤᠯᠵᠤ ᠱᠠᠩᠨᠠᠨ ᠨᠥᠬᠦᠪᠦᠷᠢᠯᠡᠬᠦ ᠠᠷᠭ᠎ᠠ | ᠨᠢᠭᠡᠳᠦᠭᠡᠷ ᠵᠦᠢᠯ ︽ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠶᠢᠨ ᠶᠠᠰᠤ ᠴᠢᠨᠠᠷ ᠢ ᠤᠯᠠᠮ ᠨᠢᠭᠡ | ᠠᠯᠬᠤᠮ ᠳᠡᠭᠡᠭᠰᠢᠯᠡᠭᠦᠯᠬᠦ ᠲᠤᠬᠠᠢ ᠰᠠᠨᠠᠯ︾ ︵ᠲᠥᠷᠥ ᠲᠠᠷᠬᠠᠭᠠᠭᠰᠠᠨ ﹇2020﹈ 14 ᠳ᠋ᠦᠭᠡᠷ ᠲᠣᠭᠠᠲᠤ︶ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠵᠠᠬ᠎ᠠ | ᠳᠡᠯᠭᠡᠭᠦᠷ ᠲᠤ ᠭᠠᠷᠭᠠᠵᠤ ᠫᠠᠶᠢᠰᠠ ᠡᠯᠭᠦᠬᠦ ᠶᠢ ᠱᠠᠩᠨᠠᠨ ᠨᠥᠬᠦᠪᠥᠷᠢᠯᠡᠬᠦ ᠶᠢ ᠵᠣᠷᠢᠭᠵᠢᠭᠤᠯᠬᠤ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ | ᠥᠪᠥᠷ ᠵᠠᠰᠠᠭ ᠠᠯᠪᠠᠨ ᠲᠠᠷᠬᠠᠭᠠᠭᠰᠠᠨ ﹇2021﹈ 38 ᠳ᠋ᠤᠭᠠᠷ ᠲᠣᠭᠠᠲᠤ︶᠂ ︽ᠥᠪᠥᠷ ᠵᠠᠰᠠᠭ ᠠᠯᠪᠠᠨ ᠲᠠᠷᠬᠠᠭᠠᠭᠰᠠᠨ ﹇2021﹈ 38 ᠳ᠋ᠤᠭᠠᠷ ᠲᠣᠭᠠᠲᠤ | ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠠᠭᠤᠯᠭ᠎ᠠ ᠳᠤ ᠵᠠᠰᠠᠪᠤᠷᠢ ᠣᠷᠣᠭᠤᠯᠬᠤ ᠲᠤᠬᠠᠢ ᠮᠡᠳᠡᠭᠳᠡᠯ︾ ︵ᠥᠪᠥᠷ ᠵᠠᠰᠠᠭ ᠠᠯᠪᠠᠨ ᠥᠰᠥᠭ ﹇2021﹈ 92 | ᠳ᠋ᠤᠭᠠᠷ ᠲᠣᠭᠠᠲᠤ︶ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ | ᠦᠢᠯᠡᠴᠢᠯᠡᠬᠦ ᠴᠢᠳᠠᠮᠵᠢ ᠶᠢ ᠭᠦᠢᠴᠡᠳ ᠪᠠᠳᠠᠷᠠᠭᠤᠯᠵᠤ᠂ ᠣᠯᠠᠨ ᠲᠠᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ | ᠠᠬᠢᠭᠤᠯᠤᠨ᠂ ᠰᠢᠭᠤᠳ ᠪᠡᠯᠡ ᠲᠣᠬᠢᠷᠠᠭᠤᠯᠭ᠎ᠠ ᠶᠢᠨ ᠬᠤᠪᠢ ᠶᠢᠨ ᠵᠢᠩ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠠᠬᠢᠴᠠ ᠪᠠᠨ | ᠲᠦᠷᠭᠡᠳᠬᠡᠬᠦ ᠶᠢ ᠵᠣᠷᠢᠭᠵᠢᠭᠤᠯᠤᠨ᠂ ᠲᠣᠰ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠬᠤᠲᠠ ᠶᠢᠨ ᠠᠵᠤ ᠠᠬᠤᠶᠢᠯᠠᠯ ᠤᠨ ᠬᠢᠯᠢ ᠶᠢᠨ ᠳᠣᠲᠣᠷ᠎ᠠ ᠵᠠᠬ᠎ᠠ ᠳᠡᠯᠭᠡᠭᠦᠷ ᠲᠤ ᠭᠠᠷᠬᠤ ᠶᠢ ᠵᠣᠷᠢᠭᠵᠢᠭᠤᠯᠤᠨ᠎ᠠ᠃ ᠲᠤᠰ | ᠬᠤᠳᠠ ᠶᠢᠨ ᠵᠠᠰᠠᠭ ᠵᠠᠬᠢᠷᠭᠠᠨ ᠤ ᠣᠷᠣᠨ ᠳᠤ ᠳᠠᠩᠰᠠᠯᠠᠭᠤᠯᠵᠤ᠂ ᠱᠠᠩᠬᠠᠢ ᠶᠢᠨ ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ᠂ ᠱᠧᠨᠵᠧᠨ ᠤ ᠦᠨᠡᠲᠦ ᠲᠡᠮᠳᠡᠭᠲᠦ | ᠠᠷᠠᠯᠵᠢᠶᠠᠯᠠᠬᠤ ᠭᠠᠵᠠᠷ ᠪᠠ ᠪᠡᠭᠡᠵᠢᠩ ᠤᠨ ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ ᠤᠨ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠳᠤ ᠱᠠᠩᠨᠠᠯ | ᠨᠥᠬᠦᠪᠦᠷᠢ ᠥᠭᠭᠦᠨ᠎ᠡ᠃ | ︵ᠨᠢᠭᠡ︶ ᠱᠠᠩᠬᠠᠢ ᠶᠢᠨ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ᠂ ᠱᠧᠨᠵᠧᠨ ᠤ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ ᠤᠨ ᠵᠠᠬ᠎ᠠ | ᠳᠡᠯᠭᠡᠭᠦᠷ ᠲᠤ ᠭᠠᠷᠭᠠᠬᠤ ᠶᠢ ᠭᠤᠶᠤᠴᠢᠯᠠᠭᠰᠠᠨ ᠠᠵᠤ ᠠᠬᠤᠶᠢᠯᠠᠯ ᠳᠤ ᠱᠠᠲᠤ ᠬᠤᠪᠢᠶᠠᠨ ᠱᠠᠩᠨᠠᠯ ᠨᠥᠬᠦᠪᠦᠷᠢ ᠣᠯᠭᠤᠨ᠎ᠠ᠄ | 1᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠵᠠᠬ᠎ᠠ ᠳᠡᠯᠭᠡᠭᠦᠷ ᠲᠤ ᠭᠠᠷᠭᠠᠬᠤ ᠶᠢ ᠬᠠᠪᠰᠤᠷᠤᠨ ᠵᠢᠯᠤᠭᠤᠳᠴᠤ | ᠳᠠᠩᠰᠠᠯᠠᠭᠤᠯᠬᠤ ᠶᠢ ᠭᠦᠢᠴᠡᠳᠬᠡᠭᠰᠡᠨ ᠠᠵᠤ ᠠᠬᠤᠶᠢᠯᠠᠯ ᠳᠤ 100 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ᠃ | 2᠂ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠱᠠᠩᠬᠠᠢ ᠶᠢᠨ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ᠂ | ᠱᠧᠨᠵᠧᠨ ᠤ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ ᠵᠠᠬ᠎ᠠ ᠳᠡᠯᠭᠡᠭᠦᠷ ᠲᠤ ᠭᠠᠷᠭᠠᠬᠤ ᠪᠠᠷ ᠮᠡᠳᠡᠭᠦᠯᠦᠭᠰᠡᠨ ᠮᠠᠲ᠋ᠧᠷᠢᠶᠠᠯ ᠢᠶᠠᠨ ᠲᠤᠰᠢᠶᠠᠭᠰᠠᠨ ᠪᠥᠭᠡᠳ | ᠭᠥᠯᠢᠶᠡᠨ ᠠᠪᠴᠤ ᠰᠢᠢᠳᠪᠦᠷᠢᠯᠡᠭᠰᠡᠨ ᠠᠵᠤ ᠠᠬᠤᠶᠢᠯᠠᠯ ᠳᠤ 200 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ᠃ | 3᠂ ᠱᠠᠩᠬᠠᠢ ᠶᠢᠨ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ᠂ ᠱᠧᠨᠵᠧᠨ ᠤ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ ᠠᠩᠬ᠎ᠠ ᠤᠳᠠᠭ᠎ᠠ ᠵᠠᠬ᠎ᠠ | ᠳᠡᠯᠭᠡᠭᠦᠷ ᠲᠤ ᠭᠠᠷᠭᠠᠬᠤ ᠶᠢ ᠪᠡᠶᠡᠯᠡᠭᠦᠯᠦᠭᠰᠡᠨ ᠠᠵᠤ ᠠᠬᠤᠶᠢᠯᠠᠯ ᠳᠤ 300 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ᠃ | ︵ᠬᠤᠶᠠᠷ︶ ᠪᠡᠭᠡᠵᠢᠩ ᠤᠨ ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ ᠲᠤ ᠠᠩᠬ᠎ᠠ ᠤᠳᠠᠭ᠎ᠠ ᠵᠠᠬ᠎ᠠ ᠳᠡᠯᠭᠡᠭᠦᠷ ᠲᠤ ᠭᠠᠷᠭᠠᠬᠤ ᠶᠢ ᠪᠡᠶᠡᠯᠡᠭᠦᠯᠦᠭᠰᠡᠨ ᠠᠵᠤ | ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ ᠪᠠᠷ 500 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ᠃ | ᠭᠤᠷᠪᠠᠳᠤᠭᠠᠷ ᠵᠦᠢᠯ ᠲᠤᠰ ᠬᠤᠲᠠ ᠶᠢᠨ ᠠᠵᠤ ᠠᠬᠤᠶᠢᠯᠠᠯ ᠤᠨ ᠬᠢᠯᠢ ᠶᠢᠨ ᠭᠠᠳᠠᠨ᠎ᠠ ᠵᠠᠬ᠎ᠠ ᠳᠡᠯᠭᠡᠭᠦᠷ ᠲᠤ ᠭᠠᠷᠬᠤ ᠶᠢ ᠵᠣᠷᠢᠭᠵᠢᠭᠤᠯᠤᠨ᠎ᠠ᠃ ᠲᠣᠰ | ᠬᠤᠲᠠ ᠶᠢᠨ ᠵᠠᠰᠠᠭ ᠵᠠᠬᠢᠷᠭᠠᠨ ᠤ ᠣᠷᠣᠨ ᠳᠤ ᠳᠠᠩᠰᠠᠯᠠᠭᠤᠯᠤᠭᠰᠠᠨ᠂ ᠤᠯᠤᠰ ᠤᠨ ᠬᠢᠯᠢ ᠶᠢᠨ ᠭᠠᠳᠠᠨ᠎ᠠ ᠵᠠᠬ᠎ᠠ ᠳᠡᠯᠭᠡᠭᠦᠷ ᠲᠤ ᠭᠠᠷᠭᠠᠬᠤ ᠬᠤᠯᠪᠣᠭᠳᠠᠯ ᠪᠦᠬᠦᠢ | ᠱᠠᠭᠠᠷᠳᠠᠯᠭ᠎ᠠ ᠳᠤ ᠨᠡᠶᠢᠴᠡᠭᠰᠡᠨ ᠪᠥᠭᠡᠳ ᠬᠢᠯᠢ ᠶᠢᠨ ᠭᠠᠳᠠᠨᠠᠬᠢ ᠭᠤᠣᠯ ᠪᠣᠯᠬᠤ ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ ︵ᠰᠢᠶᠠᠩᠭᠠᠩ ᠤᠨ ᠬᠤᠯᠪᠣᠭᠠᠲᠤ | ᠠᠷᠠᠯᠵᠢᠶᠠᠨ ᠤ ᠭᠠᠵᠠᠷ᠂ ᠨᠢᠦ᠋ ᠶᠣᠷᠺ ᠤᠨ ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ᠂ ᠨᠠᠰᠳᠠᠺ ᠤᠨ ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ︶ ᠲᠤ ᠵᠠᠬ᠎ᠠ | ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ ᠪᠠᠷ 400 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ᠃ | ᠳᠥᠷᠪᠡᠳᠦᠭᠡᠷ ᠵᠦᠢᠯ ︽ᠪᠠᠶᠠᠨᠨᠠᠭᠤᠷ ᠬᠤᠲᠠ ᠶᠢᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠶᠢ ᠠᠬᠢᠭᠤᠯᠬᠤ ᠭᠤᠷᠪᠠᠨ | ᠵᠢᠯ ᠤᠨ ᠬᠡᠷᠡᠭᠵᠢᠭᠦᠯᠬᠦ ᠲᠥᠯᠥᠪᠯᠡᠭᠡ ︵2018 2020 ᠣᠨ︶ ᠶᠢ ᠳᠠᠷᠤᠮᠠᠯᠯᠠᠨ ᠶᠠᠪᠤᠭᠤᠯᠬᠤ ᠲᠤᠬᠠᠢ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠠᠯᠪᠠᠨ ᠭᠡᠷ ᠤᠨ ᠮᠡᠳᠡᠭᠳᠡᠯ︾ ︵ᠪᠠᠶᠠᠨᠨᠠᠭᠤᠷ ᠠᠯᠪᠠᠨ ᠦᠰᠦᠭ ﹇2019﹈ 15 ᠳ᠋ᠤᠭᠠᠷ ᠲᠣᠭᠠᠲᠤ︶ ᠤᠨ ᠬᠤᠭᠤᠴᠠᠭ᠎ᠠ ᠲᠤᠯᠤᠭᠰᠠᠨ ᠡᠳᠦᠷ ᠠᠴᠠ | ᠲᠤᠰ ᠠᠷᠭ᠎ᠠ ᠶᠢ ᠬᠡᠷᠡᠭᠵᠢᠭᠦᠯᠬᠦ ᠡᠳᠦᠷ ᠠᠴᠠ ᠡᠮᠦᠨ᠎ᠡ ᠪᠣᠯᠲᠠᠯ᠎ᠠ᠂ ᠲᠣᠰ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠳᠠᠩᠰᠠᠯᠠᠭᠤᠯᠤᠭᠰᠠᠨ᠂ | ᠱᠠᠩᠬᠠᠢ ᠶᠢᠨ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ᠂ ᠱᠧᠨᠵᠧᠨ ᠤ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ ᠠᠩᠬ᠎ᠠ ᠤᠳᠠᠭ᠎ᠠ ᠵᠠᠬ᠎ᠠ | ᠳᠡᠯᠭᠡᠭᠦᠷ ᠲᠤ ᠭᠠᠷᠭᠠᠭᠰᠠᠨ ᠠᠵᠤ ᠠᠬᠤᠶᠢᠯᠠᠯ ᠳᠤ ᠲᠣᠰ ᠠᠷᠭ᠎ᠠ ᠶᠢᠨ ᠪᠠᠷᠢᠮᠵᠢᠶ᠎ᠠ ᠶᠣᠰᠣᠭᠠᠷ ᠱᠠᠩᠨᠠᠯ ᠨᠥᠬᠦᠪᠦᠷᠢ ᠣᠯᠭᠤᠨ᠎ᠠ᠃ | ᠲᠠᠪᠤᠳᠤᠭᠠᠷ ᠵᠦᠢᠯ ᠠᠵᠤ ᠠᠬᠤᠶᠢᠯᠠᠯ ᠨᠢ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠭᠤᠶᠤᠴᠢᠯᠠᠬᠤ ᠶᠠᠪᠤᠴᠠ ᠳᠤ᠂ ᠬᠤᠳᠠᠯ ᠬᠡᠯᠡᠵᠦ ᠬᠠᠭᠤᠷᠮᠠᠭᠯᠠᠨ | ᠵᠣᠬᠢᠶᠠᠵᠤ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠮᠡᠬᠡᠯᠡᠨ ᠠᠪᠬᠤ᠂ ᠤᠬᠠᠭᠠᠯᠠᠨ ᠠᠪᠬᠤ ᠵᠡᠷᠭᠡ ᠬᠠᠤᠯᠢ ᠰᠠᠬᠢᠯᠭ᠎ᠠ ᠠᠴᠠ ᠵᠥᠷᠢᠴᠡᠭᠰᠡᠨ ᠦᠶᠯᠡ | ᠠᠵᠢᠯᠯᠠᠭ᠎ᠠ ᠲᠠᠢ ᠪᠠᠶᠢᠪᠠᠯ᠂ ︽ᠡᠳ᠋ ᠤᠨ ᠵᠠᠰᠠᠭ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠰᠢᠢᠳᠬᠡᠨ ᠲᠣᠷᠭᠠᠬᠤ ᠳᠦᠷᠢᠮ︾ ᠵᠡᠷᠭᠡ ᠬᠤᠯᠪᠣᠭᠳᠠᠯ | ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠰᠢᠳᠬᠡᠨ ᠲᠣᠷᠭᠠᠵᠤ᠂ ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ᠂ | ᠬᠠᠤᠯᠢ ᠪᠠᠷᠢᠬᠤ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠦᠨ᠎ᠡ᠃ | ᠵᠢᠷᠭᠤᠳᠤᠭᠠᠷ ᠵᠦᠢᠯ ᠲᠣᠰ ᠠᠷᠭ᠎ᠠ ᠶᠢ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ ᠠᠴᠠ | ᠬᠠᠷᠢᠭᠤᠴᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠨ᠎ᠠ᠃ | ᠳᠣᠯᠣᠳᠤᠭᠠᠷ ᠵᠦᠢᠯ ᠲᠣᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ 2025 | ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠲᠣᠰ ᠬᠤᠲᠠ ᠶᠢᠨ ᠡᠭᠦᠨ ᠠᠴᠠ ᠡᠮᠦᠨ᠎ᠡ ᠲᠣᠭᠲᠠᠭᠠᠭᠰᠠᠨ ᠬᠠᠮᠢᠶ᠎ᠠ ᠪᠦᠬᠦᠢ ᠱᠠᠩᠨᠠᠵᠤ ᠨᠥᠬᠦᠪᠦᠷᠢᠯᠡᠬᠦ | ᠪᠠᠷᠢᠮᠵᠢᠶ᠎ᠠ ᠨᠢ ᠲᠣᠰ ᠠᠷᠭ᠎ᠠ ᠲᠠᠢ ᠨᠢᠭᠡᠳᠦᠯ ᠦᠭᠡᠢ ᠪᠠᠶᠢᠪᠠᠯ᠂ ᠲᠣᠰ ᠠᠷᠭ᠎ᠠ ᠪᠠᠷ ᠪᠠᠷᠢᠮᠵᠢᠶ᠎ᠠ ᠪᠣᠯᠭᠠᠨ᠎ᠠ᠃ | |