︽ᠪᠠᠶᠠᠨᠨᠠᠭᠤᠷ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/4/14
      ᠨᠢᠭᠡ᠂ ᠲᠣᠭᠲᠠᠭᠠᠭᠰᠠᠨ ᠠᠬᠤᠢ ᠪᠠᠶᠢᠳᠠᠯ      ︽ᠪᠠᠶᠠᠨᠨᠠᠭᠤᠷ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ︵ᠪᠠᠶᠠᠨᠨᠠᠭᠤᠷ ᠬᠤᠲᠠ ᠲᠠᠷᠬᠠᠭᠠᠭᠰᠠᠨ ﹇2017﹈ 66 ᠳ᠋ᠤᠭᠠᠷ ᠲᠣᠭᠠᠲᠤ︶ ᠶᠢᠨ ᠪᠢᠴᠢᠭ ᠮᠠᠲ᠋ᠧᠷᠢᠶᠠᠯ ᠢ 2021 ᠣᠨ ᠤ 11 ᠳ᠋ᠦᠭᠡᠷ ᠤᠳᠠᠭ᠎ᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ  ᠠᠴᠠ ᠬᠦᠴᠦᠨ ᠦᠭᠡᠢ ᠪᠣᠯᠭᠠᠪᠠ᠃ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ  ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠲᠠᠲᠠᠬᠤ ᠬᠢᠷᠢ ᠴᠢᠳᠠᠮᠵᠢ ᠦᠷ᠎ᠡ ᠪᠦᠲᠦᠮᠵᠢ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠳᠠᠯᠳᠤᠭᠠᠴᠢᠨ ᠤᠷᠢᠵᠤ ᠪᠡᠯᠡ ᠲᠠᠲᠠᠬᠤ ᠲᠥᠷᠥᠯ ᠵᠦᠢᠯ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ᠂ ᠬᠥᠭᠵᠢᠯᠲᠡ ᠶᠢᠨ ᠬᠥᠳᠡᠯᠭᠡᠭᠴᠢ ᠡᠨᠧᠷᠭᠢ ᠶᠢ ᠪᠣᠶᠢᠵᠢᠭᠤᠯᠬᠤ᠂ ᠪᠣᠳᠠᠲᠤ ᠴᠣᠭᠴᠠ ᠶᠢᠨ ᠠᠵᠤ ᠠᠬᠤᠢ ᠶᠢ ᠬᠥᠭᠵᠢᠭᠦᠯᠦᠨ ᠮᠠᠨᠳᠤᠭᠤᠯᠬᠤ ᠳᠤᠮᠳᠠᠬᠢ ᠵᠠᠩᠭᠢᠯᠠᠭ᠎ᠠ ᠶᠢᠨ ᠦᠢᠯᠡᠳᠦᠯ ᠢ ᠦᠨᠡᠨ ᠬᠦ ᠰᠠᠶᠢᠲᠤᠷ ᠪᠠᠳᠠᠷᠠᠭᠤᠯᠵᠤ᠂ ᠬᠤᠳᠠᠯᠳᠤᠭᠠᠴᠢᠨ ᠤᠷᠢᠵᠤ ᠪᠡᠯᠡ ᠲᠠᠲᠠᠬᠤ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠤᠨ᠎ᠠ᠂ ᠪᠢᠳᠡ ︽ᠪᠠᠶᠠᠨᠨᠠᠭᠤᠷ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠲᠠᠲᠠᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ᠶᠢ ᠲᠣᠭᠲᠠᠭᠠᠵᠤ᠂ ᠲᠥᠷᠥ ᠶᠢᠨ ᠪᠣᠳᠣᠯᠭ᠎ᠠ ᠶᠢ ᠬᠤᠲᠠ ᠶᠢᠨ ᠵᠠᠰᠠᠭ ᠤᠨ ᠣᠷᠳᠣᠨ   ᠠᠴᠠ 3 ᠳ᠋ᠤᠭᠠᠷ ᠰᠠᠷ᠎ᠠ ᠶᠢᠨ 4 ᠤ ᠡᠳᠦᠷ ᠳᠠᠷᠤᠮᠠᠯᠯᠠᠨ ᠲᠠᠷᠬᠠᠭᠠᠪᠠ᠃      ᠬᠤᠶᠠᠷ᠂ ᠪᠢᠴᠢᠭ ᠮᠠᠲ᠋ᠧᠷᠢᠶᠠᠯ ᠢ ᠦᠨᠳᠦᠰᠦᠯᠡᠬᠦ      ︽ᠭᠠᠳᠠᠭᠰᠢ ᠨᠡᠭᠡᠭᠡᠯᠲᠡ ᠶᠢ ᠥᠷᠭᠡᠳᠬᠡᠵᠦ ᠭᠠᠳᠠᠭᠠᠳᠤ ᠪᠡᠯᠡ ᠶᠢ ᠢᠳᠡᠪᠬᠢᠲᠡᠢ ᠠᠰᠢᠭᠯᠠᠬᠤ ᠠᠷᠭ᠎ᠠ ᠬᠡᠮᠵᠢᠶ᠎ᠡ ᠨᠦᠭᠦᠳ ᠤᠨ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ﹇2017﹈ 5 ᠳ᠋ᠤᠭᠠᠷ ᠲᠣᠭᠠᠲᠤ︶᠂ ︽ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 63 ᠳ᠋ᠤᠭᠠᠷ ᠲᠣᠭᠠᠲᠤ︶ ᠂ ︽ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠥᠰᠥᠭ ﹇2005﹈ 189 ᠳ᠋ᠦᠭᠡᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠴᠢᠩᠭᠠᠳᠬᠠᠬᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠤᠳ︾᠂ ︽ᠭᠠᠵᠠᠷ ᠰᠢᠷᠣᠢ ᠶᠢᠨ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠪᠥᠬᠦ ᠲᠠᠯ᠎ᠠ ᠪᠠᠷ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠢᠯᠤᠭᠤᠳᠬᠤ ᠰᠠᠨᠠᠯ︾ ︵ᠥᠪᠥᠷ ᠵᠠᠰᠠᠭ ᠲᠠᠷᠬᠠᠭᠠᠭᠰᠠᠨ ﹇2016﹈ 146 ᠳ᠋ᠤᠭᠠᠷ ᠲᠣᠭᠠᠲᠤ︶ ᠪᠠ ︽ᠪᠠᠶᠠᠨᠨᠠᠭᠤᠷ ᠬᠤᠲᠠ ᠶᠢᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾᠃      ᠭᠤᠷᠪᠠ᠂ ᠭᠤᠣᠯ ᠠᠭᠤᠯᠭ᠎ᠠ      ᠲᠥᠷᠥ ᠶᠢᠨ ᠪᠣᠳᠣᠯᠭ᠎ᠠ ᠳᠤ ᠨᠡᠶᠢᠲᠡ 15 ᠵᠦᠢᠯ ᠪᠤᠶ᠃ᠨᠢᠭᠡᠳᠦᠭᠡᠷ ᠵᠦᠢᠯ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ᠠᠵᠤ ᠦᠢᠯᠡᠰ ᠤᠨ ᠪᠠᠶᠢᠷᠢ ᠲᠣᠭᠲᠠᠭᠠᠯᠲᠠ᠂ ᠪᠡᠯᠡ ᠣᠷᠣᠭᠤᠯᠤᠯᠲᠠ ᠶᠢᠨ ᠡᠷᠴᠢᠮ ᠵᠢᠴᠢ ᠱᠠᠩᠨᠠᠨ ᠬᠥᠬᠢᠭᠦᠯᠬᠦ ᠬᠡᠪᠴᠢᠶ᠎ᠡ ᠶᠢ ᠲᠣᠳᠣᠷᠬᠠᠶᠢᠯᠠᠪᠠ᠃ᠬᠤᠶᠠᠳᠤᠭᠠᠷ ᠵᠦᠢᠯ ᠠᠴᠠ ᠠᠷᠪᠠᠨ ᠨᠢᠭᠡᠳᠦᠭᠡᠷ ᠵᠦᠢᠯ ᠪᠣᠯᠲᠠᠯ᠎ᠠ᠂ ᠠᠷᠪᠠᠨ ᠲᠠᠯ᠎ᠠ  ᠠᠴᠠ ᠭᠠᠷᠳᠠᠵᠤ᠂ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢ ᠨᠡᠶᠢᠲᠡᠯᠡᠨ᠎ᠡ︔ᠬᠤᠶᠠᠳᠤᠭᠠᠷ ᠵᠦᠢᠯ ᠳᠤ ᠭᠤᠣᠯᠳᠠᠭᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠠᠬᠢᠴᠠ ᠶᠢ ᠲᠦᠷᠭᠡᠳᠬᠡᠬᠦ ᠶᠢᠨ ᠲᠥᠯᠥᠭᠡ ᠶᠤᠮ᠃ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠡᠯ᠎ᠡ ᠲᠥᠷᠥᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠳᠤ ᠪᠡᠯᠡ ᠣᠷᠣᠭᠤᠯᠤᠯᠲᠠ ᠶᠢ ᠠᠬᠢᠭᠤᠯᠬᠤ ᠰᠠᠯᠠᠭ᠎ᠠ ᠮᠥᠴᠢᠷ ᠠᠴᠠ ᠪᠥᠬᠦ ᠶᠠᠪᠤᠴᠠ ᠪᠠᠷ ᠣᠷᠣᠯᠠᠨ ᠭᠦᠢᠴᠡᠳᠬᠡᠵᠦ᠂ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠠᠴᠠ ᠴᠠᠭ ᠬᠢᠵᠠᠭᠠᠷᠯᠠᠨ ᠲᠦᠷᠭᠡᠨ ᠭᠦᠢᠴᠡᠳᠬᠡᠵᠦ᠂ ᠬᠢᠨᠠᠯᠲᠠ ᠲᠠᠯᠪᠢᠬᠤ ᠰᠠᠯᠠᠭ᠎ᠠ ᠮᠥᠴᠢᠷ ᠠᠴᠠ ᠮᠥᠷᠳᠡᠨ ᠰᠢᠮᠳᠠᠭᠤᠯᠤᠨ ᠭᠦᠢᠴᠡᠳᠬᠡᠨ᠎ᠡ ᠭᠡᠵᠦ ᠲᠣᠭᠲᠠᠭᠠᠵᠠᠢ᠃ᠭᠤᠷᠪᠠᠳᠤᠭᠠᠷ ᠵᠦᠢᠯ ᠳᠤ ᠭᠤᠣᠯᠳᠠᠭᠤ ᠠᠵᠤ ᠠᠬᠤᠶᠢᠯᠠᠯ ᠤᠨ ᠳᠦᠷᠢᠮ ᠤᠨ ᠴᠢᠨᠠᠷᠲᠠᠢ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠤᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠠᠵᠤ ᠠᠬᠤᠶᠢᠯᠠᠯ ᠳᠤ ᠦᠨ᠎ᠡ ᠲᠥᠯᠥᠪᠦᠷᠢ ᠦᠭᠡᠢ ᠪᠠᠷ ︽ᠨᠢᠭᠡ ᠵᠢᠷᠤᠭ ᠲᠥᠰᠥᠪ︾᠂ ︽ᠣᠷᠣᠨ ᠪᠦᠰᠡ ᠶᠢᠨ ᠦᠨᠡᠯᠡᠨ ᠵᠢᠱᠢᠯᠲᠡ︾᠂ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠬᠠᠮᠲᠤᠪᠠᠷ ᠭᠥᠷᠳᠡᠬᠦ︾ ᠵᠡᠷᠭᠡ ᠦᠷ᠎ᠡ ᠪᠦᠲᠦᠭᠡᠯ ᠢ ᠬᠠᠩᠭᠠᠵᠤ᠂ ︽ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ︾᠂ ︽ᠬᠠᠮᠲᠤᠷᠠᠨ ᠬᠢᠨᠠᠨ ᠵᠥᠪᠰᠢᠶᠡᠷᠡᠬᠦ︾ ᠶᠢ ᠨᠠᠶᠢᠳᠠᠪᠤᠷᠢᠵᠢᠭᠤᠯᠤᠨ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠠᠬᠢᠭᠤᠯᠵᠤ᠂ ᠬᠢᠨᠠᠨ ᠵᠥᠪᠰᠢᠶᠡᠷᠡᠬᠦ ᠭᠤᠭᠴᠤᠭ᠎ᠠ ᠶᠢ ᠰᠢᠯᠢᠳᠡᠭᠵᠢᠭᠦᠯᠦᠨ᠂ ᠬᠢᠨᠠᠨ ᠵᠥᠪᠰᠢᠶᠡᠷᠡᠬᠦ ᠴᠠᠭ ᠢ ᠪᠣᠭᠤᠨᠢᠰᠬᠠᠬᠤ ᠬᠡᠷᠡᠭᠲᠡᠢ᠃ᠳᠥᠷᠪᠡᠳᠦᠭᠡᠷ ᠵᠦᠢᠯ ᠳᠤ ᠪᠡᠯᠡ ᠣᠷᠣᠭᠤᠯᠤᠯᠲᠠ ᠶᠢᠨ ᠬᠦᠴᠦᠨ ᠵᠦᠢᠯ ᠤᠨ ᠪᠠᠲᠤᠯᠠᠭ᠎ᠠ᠃ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠶᠢ ᠣᠷᠳᠣ ᠬᠤᠭᠤᠴᠠᠭ᠎ᠠ ᠪᠠᠷ ᠲᠦᠷᠢᠶᠡᠰᠦᠯᠡᠭᠦᠯᠬᠦ᠂ ᠤᠷᠢᠳ ᠢᠶᠠᠷ ᠲᠦᠷᠢᠶᠡᠰᠦᠯᠡᠭᠦᠯᠵᠦ ᠳᠠᠷᠠᠭ᠎ᠠ ᠨᠢ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ ᠪᠠ ᠰᠢᠯᠵᠢᠭᠦᠯᠦᠨ ᠥᠭᠬᠦ ᠶᠢ ᠤᠶᠠᠯᠳᠤᠭᠤᠯᠬᠤ᠂ ᠬᠠᠷᠢᠮᠠᠬᠠᠢ ᠴᠢᠨᠠᠷᠲᠠᠢ ᠪᠠᠷ ᠵᠢᠯ ᠤᠨ ᠬᠤᠭᠤᠴᠠᠭ᠎ᠠ ᠲᠠᠢ ᠰᠢᠯᠵᠢᠭᠦᠯᠦᠨ ᠬᠤᠳᠠᠯᠳᠤᠬᠤ᠂ ᠬᠤᠭᠤᠴᠠᠭ᠎ᠠ ᠬᠤᠪᠢᠶᠠᠨ ᠭᠠᠵᠠᠷ ᠬᠠᠩᠭᠠᠬᠤ ᠵᠡᠷᠭᠡ ᠠᠷᠭ᠎ᠠ ᠮᠠᠶ᠋ᠢᠭ ᠢᠶᠠᠷ ᠭᠠᠵᠠᠷ ᠰᠢᠷᠣᠢ ᠶᠢ ᠬᠡᠷᠡᠭᠯᠡᠵᠦ ᠪᠣᠯᠬᠤ ᠪᠥᠭᠡᠳ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠬᠤ ᠮᠥᠩᠭᠦ ᠶᠢ ᠬᠤᠭᠤᠴᠠᠭ᠎ᠠ ᠬᠤᠪᠢᠶᠠᠨ ᠲᠤᠰᠢᠶᠠᠵᠤ ᠪᠣᠯᠣᠨ᠎ᠠ ᠭᠡᠵᠦ ᠲᠣᠭᠲᠠᠭᠠᠵᠠᠢ᠃ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠬᠤ ᠬᠠᠮᠤᠭ ᠤᠨ ᠳᠣᠣᠷ᠎ᠠ ᠦᠨ᠎ᠡ ᠶᠢ ᠲᠣᠭᠲᠠᠭᠠᠬᠤ ᠳᠠᠭᠠᠨ ᠪᠠᠶᠢᠭ᠎ᠠ ᠭᠠᠵᠠᠷ ᠤᠨ ᠭᠠᠵᠠᠷ ᠰᠢᠷᠣᠢ ᠶᠢᠨ ᠲᠠᠰ ᠢᠯᠭᠠᠯ ᠤᠨ ᠬᠠᠷᠢᠴᠠᠩᠭᠤᠢ ᠬᠠᠮᠤᠭ ᠤᠨ ᠳᠣᠣᠷ᠎ᠠ ᠪᠠᠷᠢᠮᠵᠢᠶ᠎ᠠ ᠶᠢᠨ 70% ᠠᠴᠠ ᠳᠣᠣᠷ᠎ᠠ ᠪᠠᠶᠢᠯᠭᠠᠬᠤ ᠦᠭᠡᠢ ᠪᠠᠷ ᠬᠡᠷᠡᠭᠵᠢᠭᠦᠯᠵᠦ ᠪᠣᠯᠣᠨ᠎ᠠ︔ ᠡᠭᠦᠨ ᠤ ᠵᠡᠷᠭᠡᠴᠡᠭᠡᠪᠡᠷ ᠲᠥᠯᠦᠪᠵᠢᠭᠦᠯᠭᠡ ᠳᠤ ᠨᠡᠶᠢᠴᠡᠭᠦᠯᠵᠦ᠂ ᠬᠡᠷᠡᠭᠴᠡᠭᠡ ᠶᠢ ᠨᠢ ᠦᠯᠦ ᠬᠤᠪᠢᠷᠠᠭᠤᠯᠬᠤ ᠤᠷᠢᠲᠠᠯ ᠤᠨ ᠳᠣᠣᠷ᠎ᠠ᠂ ᠤᠳᠤ ᠪᠠᠶᠢᠭ᠎ᠠ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠢ ᠬᠡᠷᠡᠭᠯᠡᠵᠦ᠂ ᠭᠠᠵᠠᠷ ᠰᠢᠷᠣᠢ ᠶᠢᠨ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠦᠭᠰᠡᠨ ᠪᠠ ᠪᠠᠭᠲᠠᠭᠠᠮᠵᠢ ᠶᠢᠨ ᠨᠤᠷᠮ᠎ᠠ ᠶᠢ ᠨᠡᠮᠡᠭᠳᠡᠭᠦᠯᠦᠭᠰᠡᠨ ᠪᠠᠶᠢᠪᠠᠯ᠂ ᠭᠠᠵᠠᠷ ᠰᠢᠷᠣᠢ ᠶᠢᠨ ᠦᠨ᠎ᠡ ᠶᠢᠨ ᠵᠣᠭᠤᠰ ᠤᠨ ᠣᠷᠣᠯᠭ᠎ᠠ ᠶᠢ ᠲᠠᠬᠢᠵᠦ ᠨᠡᠮᠡᠭᠳᠡᠭᠦᠯᠬᠦ ᠦᠭᠡᠢ᠃ᠲᠠᠪᠤᠳᠤᠭᠠᠷ ᠵᠦᠢᠯ ᠳᠤ ᠠᠵᠤ ᠠᠬᠤᠶᠢᠯᠠᠯ ᠤᠨ ᠪᠡᠯᠡ ᠣᠷᠣᠭᠤᠯᠤᠯᠲᠠ ᠪᠠᠨ ᠲᠦᠷᠭᠡᠳᠬᠡᠬᠦ ᠶᠢ ᠡᠯ᠎ᠡ ᠭᠠᠵᠠᠷ ᠣᠷᠣᠨ ᠨᠤᠭᠤᠳ ᠪᠣᠳᠠᠲᠠᠢ ᠪᠡᠶᠡᠯᠡᠭᠦᠯᠦᠭᠰᠡᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠤᠭ᠎ᠠ ᠬᠡᠮᠵᠢᠶ᠎ᠡ ᠶᠢᠨ 3% ᠪᠠᠷ ᠠᠵᠤ ᠠᠬᠤᠶᠢᠯᠠᠯ ᠳᠤ ᠱᠠᠩᠨᠠᠯ ᠣᠯᠭᠤᠵᠤ ᠪᠣᠯᠣᠨ᠎ᠠ᠂ ᠶᠡᠷᠦᠩᠬᠡᠢ ᠲᠤᠭ᠎ᠠ ᠶᠢ ᠬᠠᠮᠤᠭ ᠥᠨᠳᠥᠷ ᠲᠡᠭᠡᠨ 3000 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ᠵᠢᠷᠭᠤᠳᠤᠭᠠᠷ ᠵᠦᠢᠯ ᠳᠤ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠬᠦ ᠶᠢ ᠵᠣᠷᠢᠭᠵᠢᠭᠤᠯᠤᠨ᠎ᠠ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 2 ᠳ᠋ᠦᠩᠰᠢᠭᠤᠷ ᠲᠥᠭᠦᠷᠢᠭ ︵ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠢᠯᠢᠭ ᠡᠳ᠋ᠰᠢᠭᠦᠯᠬᠦ ᠦᠢᠯᠡᠰ ᠤᠨ 6000 ᠲᠦᠮᠡᠨ ᠲᠥᠭᠦᠷᠢᠭ︶ ᠠᠴᠠ ᠳᠡᠭᠡᠭᠰᠢᠬᠢ ᠲᠥᠷᠥᠯ ᠵᠦᠢᠯ ᠢ ᠨᠢᠭᠡ ᠯᠡ ᠤᠳᠠᠭ᠎ᠠ ᠳᠤ ᠪᠡᠶᠡᠯᠡᠭᠦᠯᠦᠭᠡᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠲᠥᠷᠥᠯ ᠵᠦᠢᠯ ᠤᠨ ᠪᠠᠶᠢᠭ᠎ᠠ ᠭᠠᠵᠠᠷ ᠣᠷᠣᠨ ᠢᠶᠠᠷ ᠮᠠᠭᠠᠳᠯᠠᠨ ᠲᠣᠭᠲᠠᠭᠠᠯᠭᠠᠭᠠᠳ᠂ ᠭᠠᠶᠢᠯᠢ ᠲᠤᠰᠢᠶᠠᠬᠤ ᠣᠨ  ᠠᠴᠠ ᠡᠬᠢᠯᠡᠨ᠂ ᠦᠷᠭᠦᠯᠵᠢᠯᠡᠨ ᠲᠠᠪᠤᠨ ᠵᠢᠯ ᠱᠠᠩᠨᠠᠵᠤ ᠪᠣᠯᠣᠨ᠎ᠠ᠃ᠳᠣᠯᠣᠳᠤᠭᠠᠷ ᠵᠦᠢᠯ ᠳᠤ ᠣᠲᠣ ᠶᠢᠨ ᠪᠠᠶᠢᠭ᠎ᠠ ᠠᠵᠤ ᠠᠬᠤᠶᠢᠯᠠᠯ ᠤᠨ ᠬᠡᠯᠬᠢᠶᠡᠰᠦ ᠪᠠᠨ ᠥᠷᠭᠡᠳᠬᠡᠨ ᠮᠡᠷᠭᠡᠵᠢᠯ ᠤᠨ ᠥᠭᠡᠷᠡᠴᠢᠯᠡᠯᠲᠡ ᠬᠢᠬᠦ ᠶᠢ ᠵᠣᠷᠢᠭᠵᠢᠭᠤᠯᠤᠨ᠎ᠠ‌‍ᠬᠡᠷᠡᠭᠯᠡᠬᠦ ᠭᠠᠵᠠᠷ ᠢ ᠰᠢᠨ᠎ᠡ ᠪᠠᠷ ᠨᠡᠮᠡᠭᠳᠡᠭᠦᠯᠬᠦ ᠦᠭᠡᠢ ᠮᠥᠷᠲᠡᠭᠡᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 2000 ᠲᠦᠮᠡᠨ ᠲᠥᠭᠦᠷᠢᠭ ᠠᠴᠠ ᠳᠡᠭᠡᠭᠰᠢ ᠨᠢᠭᠡ ᠤᠳᠠᠭ᠎ᠠ ᠶᠢᠨ ᠴᠢᠨᠠᠷᠲᠠᠢ ᠪᠠᠷ ᠪᠡᠶᠡᠯᠡᠭᠦᠯᠦᠭᠰᠡᠨ ᠬᠡᠯᠬᠢᠶ᠎ᠡ ᠶᠢ ᠥᠷᠭᠡᠳᠬᠡᠬᠦ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠳᠤ ᠪᠣᠯ ᠲᠥᠷᠥᠯ ᠵᠦᠢᠯ ᠤᠨ ᠪᠠᠶᠢᠭ᠎ᠠ ᠭᠠᠵᠠᠷ ᠣᠷᠣᠨ ᠨᠢ ᠦᠨᠡᠮᠰᠢᠭᠰᠡᠨ ᠤ ᠲᠠᠷᠠᠭ᠎ᠠ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠪᠣᠳᠠᠲᠠᠢ ᠪᠡᠶᠡᠯᠡᠭᠦᠯᠦᠭᠰᠡᠨ ᠤ 3% ᠶᠢᠨ ᠱᠠᠩᠨᠠᠯ ᠣᠯᠭᠤᠵᠤ᠂ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ᠨᠠᠢᠮᠠᠳᠤᠭᠠᠷ ᠵᠦᠢᠯ ᠳᠤ ᠳᠠᠬᠢᠨ ᠵᠣᠬᠢᠶᠠᠨ ᠪᠠᠶᠢᠭᠤᠯᠵᠤ ᠨᠡᠶᠢᠯᠡᠭᠦᠯᠦᠨ ᠬᠤᠳᠠᠯᠳᠤᠨ ᠠᠪᠬᠤ ᠶᠢ ᠵᠣᠷᠢᠭᠵᠢᠭᠤᠯᠤᠨ᠎ᠠ᠃ ᠪᠡᠯᠡ ᠣᠷᠣᠭᠤᠯᠬᠤ ᠲᠠᠯ᠎ᠠ ᠨᠢ ᠨᠢᠭᠡ ᠤᠳᠠᠭ᠎ᠠ ᠳᠤ 1 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠭᠠᠷᠭᠠᠵᠤ ᠬᠤᠳᠠ ᠶᠢᠨ ᠳᠣᠲᠣᠷᠠᠬᠢ ᠠᠵᠤ ᠠᠬᠤᠶᠢᠯᠠᠯ ᠢ ᠲᠠᠬᠢᠨ ᠵᠣᠬᠢᠶᠠᠨ ᠪᠠᠶᠢᠭᠤᠯᠵᠤ ᠨᠡᠶᠢᠯᠡᠭᠦᠯᠦᠨ ᠬᠤᠳᠠᠯᠳᠤᠨ ᠠᠪᠤᠭᠰᠠᠨ ᠪᠥᠭᠡᠳ ᠰᠲ᠋ᠣᠺ ᠤᠨ ᠡᠷᠬᠡ ᠨᠢ 51% ᠠᠴᠠ ᠳᠣᠣᠷ᠎ᠠ ᠦᠭᠡᠢ ᠪᠠᠶᠢᠵᠤ᠂ ᠪᠣᠯᠵᠤᠭ᠎ᠠ ᠶᠢᠨ ᠬᠠᠷᠠᠯᠲᠠ ᠪᠠᠨ ᠪᠡᠶᠡᠯᠡᠭᠦᠯᠦᠭᠰᠡᠨ ᠪᠠᠶᠢᠪᠠᠯ᠂ ᠪᠡᠯᠡ ᠣᠷᠣᠭᠤᠯᠬᠤ ᠲᠠᠯ᠎ᠠ ᠳᠤ ᠬᠤᠳᠠᠯᠳᠤᠨ ᠠᠪᠬᠤ ᠪᠡᠯᠡ ᠮᠥᠩᠭᠦ ᠶᠢᠨ ᠵᠣᠬᠢᠬᠤ ᠬᠠᠷᠢᠴᠠᠯ ᠤᠨ ᠱᠠᠩᠨᠠᠯ ᠣᠯᠭᠤᠵᠤ ᠪᠣᠯᠣᠨ᠎ᠠ᠃ ᠳᠠᠬᠢᠨ ᠵᠣᠬᠢᠶᠠᠨ ᠪᠠᠶᠢᠭᠤᠯᠵᠤ ᠨᠡᠶᠢᠯᠡᠭᠦᠯᠦᠨ ᠬᠤᠳᠠᠯᠳᠤᠨ ᠠᠪᠤᠭᠰᠠᠨ ᠬᠥᠷᠥᠩᠭᠡ ᠨᠢ ᠥᠷᠢ ᠪᠠᠨ ᠲᠥᠯᠥᠵᠦ ᠳᠡᠶᠢᠯᠬᠦ ᠦᠭᠡᠢ᠂ ᠣᠷᠳᠣ ᠬᠤᠭᠤᠴᠠᠭ᠎ᠠ ᠪᠠᠷ ᠠᠯᠳᠠᠭᠳᠠᠯ ᠲᠠᠢ ᠪᠤᠶᠤ ᠬᠥᠰᠢᠮᠡᠯ ᠠᠵᠤ ᠠᠬᠤᠶᠢᠯᠠᠯ ᠳᠤ ᠬᠠᠷᠢᠶᠠᠯᠠᠭᠳᠠᠪᠠᠯ᠂ ᠳᠠᠬᠢᠨ ᠵᠣᠬᠢᠶᠠᠨ ᠪᠠᠶᠢᠭᠤᠯᠵᠤ ᠨᠡᠶᠢᠯᠡᠭᠦᠯᠦᠨ ᠬᠤᠳᠠᠯᠳᠤᠨ ᠠᠪᠴᠤ ᠦᠢᠯᠡᠳᠪᠦᠷᠢᠯᠡᠯ ᠡᠵᠡᠩᠨᠡᠯᠲᠡ ᠪᠠᠨ ᠰᠡᠷᠭᠦᠭᠡᠭᠰᠡᠨ ᠣᠨ  ᠠᠴᠠ ᠡᠬᠢᠯᠡᠨ᠂ ᠬᠤᠶᠠᠷ ᠵᠢᠯ ᠳᠠᠷᠠᠭᠠᠯᠠᠨ ᠱᠠᠩᠨᠠᠵᠤ ᠪᠣᠯᠣᠨ᠎ᠠ᠃ᠶᠢᠰᠦᠳᠦᠭᠡᠷ ᠵᠦᠢᠯ ᠠᠷᠪᠠᠳᠤᠭᠠᠷ ᠵᠦᠢᠯ ᠳᠤ ᠠᠵᠤ ᠠᠬᠤᠶᠢᠯᠠᠯ ᠤᠨ ᠤᠳᠤᠷᠢᠳᠬᠤ ᠪᠠᠭ᠂ ᠠᠵᠢᠯᠲᠠᠨ ᠠᠵᠢᠯᠴᠢᠨ ᠢ ᠬᠥᠬᠢᠭᠦᠯᠦᠨ ᠱᠠᠩᠨᠠᠨ᠎ᠠ᠃ ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠤᠨ ᠤᠳᠤᠷᠢᠳᠬᠤ ᠪᠠᠭ ᠤᠨ ᠪᠦᠷᠢᠯᠳᠦᠭᠦᠨ ᠢ ᠱᠠᠩᠨᠠᠨ ᠬᠥᠬᠢᠭᠦᠯᠵᠦ ᠪᠣᠯᠣᠨ᠎ᠠ᠂ ᠦᠷ᠎ᠡ ᠬᠡᠦᠬᠡᠳ ᠨᠢ ᠮᠠᠨ ᠤ ᠬᠤᠲᠠ ᠶᠢᠨ ᠬᠡᠪᠴᠢᠶᠡᠨ ᠳᠤ ᠰᠢᠯᠢᠳᠡᠭ ᠢ ᠨᠢ ᠰᠣᠩᠭᠤᠨ ᠰᠤᠷᠤᠯᠴᠠᠵᠤ ᠪᠣᠯᠣᠨ᠎ᠠ︔ ᠲᠡᠭᠦᠨ ᠤ ᠰᠢᠨ᠎ᠡ ᠠᠵᠢᠯᠲᠠᠨ ᠨᠢ ᠰᠦᠢᠳᠬᠡᠯ ᠬᠤᠷᠢᠶᠠᠬᠤ ᠦᠭᠡᠢ ᠪᠠᠷ ᠪᠣᠯᠪᠠᠰᠤᠷᠠᠯ ᠭᠥᠷᠳᠡᠬᠦ ᠪᠠᠷ ᠭᠤᠶᠤᠴᠢᠯᠠᠵᠤ ᠪᠣᠯᠣᠨ᠎ᠠ᠃ᠠᠷᠪᠠᠨ ᠨᠢᠭᠡᠳᠦᠭᠡᠷ ᠵᠦᠢᠯ ᠳᠤ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠪᠤᠶᠤ ᠬᠤᠪᠢ ᠬᠥᠮᠥᠨ ᠢ ᠱᠠᠩᠨᠠᠨ ᠬᠥᠬᠢᠭᠦᠯᠦᠨ᠎ᠡ᠃ᠠᠷᠪᠠᠨ ᠬᠤᠶᠠᠳᠤᠭᠠᠷ ᠵᠦᠢᠯ ᠳᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠦᠨᠳᠦᠰᠦ ᠪᠠᠷᠢᠮᠲᠠ ᠶᠢ ᠲᠣᠭᠲᠠᠭᠠᠪᠠ᠃ᠠᠷᠪᠠᠨ ᠳᠥᠷᠪᠡᠳᠦᠭᠡᠷ ᠵᠦᠢᠯ ᠳᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠭᠤᠣᠯ ᠴᠣᠭᠴᠠ ᠪᠣᠯ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠭᠠᠭᠴᠠᠮᠣᠳᠤ ᠪᠣᠭᠤᠮᠲᠠ ᠪᠣᠯᠣᠨ᠎ᠠ ᠭᠡᠵᠦ ᠲᠣᠭᠲᠠᠭᠠᠪᠠ᠃ ᠲᠥᠷᠥᠯ ᠵᠦᠢᠯ ᠤᠨ ᠪᠠᠶᠢᠭ᠎ᠠ ᠭᠠᠵᠠᠷ ᠲᠤ ᠲᠤᠰᠬᠠᠢ ᠵᠦᠢᠯ ᠤᠨ ᠪᠡᠯᠡ ᠮᠥᠩᠭᠦ ᠭᠠᠷᠭᠠᠵᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠡᠶᠡᠯᠡᠭᠦᠯᠬᠦ ᠴᠢᠬᠤᠯᠠᠲᠠᠢ ᠪᠠᠶᠢᠪᠠᠯ᠂ ᠲᠣᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠰᠠᠭᠤᠷᠢᠨ ᠳᠡᠭᠡᠷ᠎ᠡ᠂ ᠨᠠᠩ ᠣᠨᠣᠪᠴᠢᠲᠠᠶ᠂ ᠭᠠᠵᠠᠷ ᠣᠷᠣᠨ ᠤ ᠪᠣᠳᠠᠲᠠᠢ ᠳᠤ ᠨᠡᠶᠢᠴᠡᠭᠰᠡᠨ ᠬᠡᠷᠡᠭᠵᠢᠭᠦᠯᠬᠦ ᠨᠠᠷᠢᠨ ᠳᠦᠷᠢᠮ᠂ ᠬᠡᠷᠡᠭᠵᠢᠭᠦᠯᠬᠦ ᠴᠤᠪᠤᠷᠠᠯ ᠢ ᠲᠣᠭᠲᠠᠭᠠᠵᠤ ᠪᠣᠯᠣᠨ᠎ᠠ᠃ᠠᠷᠪᠠᠨ ᠲᠠᠪᠤᠳᠤᠭᠠᠷ ᠵᠦᠢᠯ ᠳᠤ ᠲᠣᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠳᠤ ᠬᠠᠤᠯᠢ ᠴᠠᠭᠠᠵᠠ᠂ ᠬᠠᠤᠯᠢ ᠲᠣᠭᠲᠠᠭᠠᠯ ᠪᠤᠶᠤ ᠬᠤᠯᠪᠣᠭᠳᠠᠯ ᠪᠦᠬᠦᠢ ᠬᠡᠷᠡᠭᠯᠡᠬᠦ ᠲᠥᠷᠥ ᠶᠢᠨ ᠪᠣᠳᠣᠯᠭ᠎ᠠ ᠶᠢᠨ ᠬᠤᠪᠢᠷᠠᠯᠲᠠ ᠶᠢ ᠦᠨᠳᠦᠰᠦᠯᠡᠨ ᠲᠣᠬᠢᠷᠠᠭᠤᠯᠤᠯᠲᠠ ᠬᠢᠬᠦ ᠬᠡᠷᠡᠭᠲᠡᠢ ᠭᠡᠵᠦ ᠲᠣᠭᠲᠠᠭᠠᠵᠠᠢ᠃ᠲᠣᠰ ᠤᠳᠠᠭᠠᠨ ᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠥᠩᠭᠡᠷᠡᠭᠰᠡᠨ ᠤ ᠲᠥᠷᠥ ᠶᠢᠨ ᠪᠣᠳᠣᠯᠭ᠎ᠠ ᠲᠠᠢ ᠬᠠᠷᠢᠴᠠᠭᠤᠯᠪᠠᠯ᠂ ᠨᠢᠭᠡ ᠳᠤ᠂  ᠴᠢᠨᠠᠷ ᠰᠠᠶᠢᠲᠠᠢ ᠬᠥᠭᠵᠢᠯᠲᠡ ᠶᠢ ᠨᠠᠩ ︽ᠬᠤᠶᠠᠷ ᠰᠠᠭᠤᠷᠢᠨ ᠭᠠᠵᠠᠷ︾᠂ ︽ᠳᠥᠷᠪᠡᠨ ᠠᠵᠤ ᠦᠢᠯᠡᠰ ᠤᠨ ᠪᠦᠯᠦᠭᠯᠡᠯ︾ ᠢ ᠪᠦᠲᠦᠭᠡᠨ ᠪᠠᠶᠢᠭᠤᠯᠬᠤ ᠶᠢᠨ ᠲᠣᠭᠤᠷᠢᠨ ᠳᠤ᠂ ︽ᠠᠯᠲᠠᠨ ᠤ ᠠᠭᠤᠯᠤᠭᠳᠠᠴᠠ ᠲᠠᠢ︾ ︽ᠰᠢᠨ᠎ᠡ ᠠᠭᠤᠯᠤᠭᠳᠠᠴᠠ ᠲᠠᠢ︾᠂ ︽ᠨᠣᠭᠤᠭᠠᠨ ᠠᠭᠤᠯᠤᠭᠳᠠᠴᠠ ᠲᠠᠢ︾ ᠪᠠᠷ ᠥᠨᠳᠥᠷ ᠴᠢᠨᠠᠷ ᠰᠠᠶᠢᠲᠠᠢ ᠲᠥᠷᠥᠯ ᠵᠦᠢᠯ ᠢ ᠬᠦᠴᠦᠯᠡᠨ ᠣᠷᠣᠭᠤᠯᠤᠨ᠎ᠠ᠃ ᠬᠤᠶᠠᠷ ᠲᠤ᠂ ᠪᠣᠳᠠᠲᠠᠶᠢᠵᠢᠭᠤᠯᠤᠭᠰᠠᠨ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠦᠵᠡᠭᠦᠯᠬᠦ ᠶᠢ ᠨᠠᠩ ᠢᠯᠡᠭᠦᠦ ᠴᠢᠬᠤᠯᠠᠴᠢᠯᠠᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠠᠭᠤᠯᠭ᠎ᠠ ᠨᠢ ᠣᠯᠠᠨ᠂ ᠡᠷᠴᠢᠮ ᠨᠢ ᠶᠡᠭᠡ᠂ ᠠᠰᠢᠭ ᠭᠥᠷᠳᠡᠬᠦ ᠬᠡᠪᠴᠢᠶ᠎ᠡ ᠨᠢ ᠥᠷᠭᠡᠨ ᠪᠠᠶᠢᠵᠤ᠂ ᠠᠵᠤ ᠠᠬᠤᠶᠢᠯᠠᠯ ᠳᠤ ᠪᠥᠬᠦ ᠲᠠᠯ᠎ᠠ ᠶᠢᠨ᠂ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠴᠢᠨᠠᠷ ᠰᠠᠶᠢᠲᠠᠢ ᠥᠨᠳᠥᠷ ᠪᠦᠲᠦᠮᠵᠢᠲᠡᠶ ᠦᠢᠯᠡᠴᠢᠯᠡᠭᠡ ᠶᠢ ᠪᠥᠬᠦ ᠬᠦᠴᠦᠨ ᠢᠶᠠᠷ ᠢᠶᠠᠨ ᠬᠠᠩᠭᠠᠨ᠎ᠠ᠃ ᠭᠤᠷᠪᠠ ᠳᠤ ᠲᠦᠷᠦ ᠶᠢᠨ ᠪᠣᠳᠣᠯᠭ᠎ᠠ ᠶᠢ ᠪᠡᠶᠡᠯᠡᠭᠦᠯᠬᠦ ᠶᠢ ᠨᠡᠩ ᠴᠢᠬᠤᠯᠠᠴᠢᠯᠠᠨ᠎ᠠ᠃ ᠬᠤᠲᠠ᠂ ᠡᠯ᠎ᠡ ᠭᠠᠵᠠᠷ ᠣᠷᠣᠨ ᠨᠤᠭᠤᠳ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠤᠰᠬᠠᠢ ᠪᠡᠯᠡ ᠮᠥᠩᠭᠦ ᠭᠠᠷᠭᠠᠵᠤ᠂ ᠪᠡᠯᠡ ᠮᠥᠩᠭᠦ ᠶᠢ ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠵᠢᠭᠰᠠᠭᠠᠨ ᠣᠷᠣᠭᠤᠯᠵᠤ᠂ ᠠᠮᠠᠯᠳᠠᠭᠰᠠᠨ ᠵᠦᠢᠯᠡᠰ ᠢᠶᠠᠨ ᠬᠢᠨᠠᠮᠠᠭᠠᠢ ᠪᠡᠶᠡᠯᠡᠭᠦᠯᠵᠦ᠂ ᠲᠥᠷᠥᠯ ᠵᠦᠢᠯ ᠤᠨ ᠡᠯᠰᠡᠨ ᠣᠷᠣᠭᠤᠯᠵᠤ ᠳᠡᠶᠢᠯᠬᠦ᠂ ᠪᠣᠳᠠᠲᠠᠢ ᠭᠠᠵᠠᠷ ᠲᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃      ᠤᠤᠯ ᠤᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ᠄ ︽ᠪᠠᠶᠠᠨᠨᠠᠭᠤᠷ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ