︽ᠪᠠᠶᠠᠨᠨᠠᠭᠤᠷ ᠬᠤᠲᠠ ᠶᠢᠨ ᠯᠠᠵᠤᠤ ᠶᠢᠨ ᠠᠵᠤ ᠦᠢᠯᠡᠰ ᠢ ᠶᠡᠭᠡ ᠪᠠᠷ ᠬᠥᠭᠵᠢᠭᠦᠯᠬᠦ ᠠᠷᠪᠠᠨ ᠵᠤᠷᠪᠤᠰ ᠰᠠᠨᠠᠯ︾ ᠢ ᠲᠠᠶᠢᠯᠪᠤᠷᠢᠯᠠᠬᠤ ᠲᠥᠰᠥᠯ
ᠨᠡᠶᠢᠲᠡᠯᠡᠭᠰᠡᠨ ᠴᠠᠭ᠄
2022/4/14
      ᠬᠤᠲᠠ ᠶᠢᠨ ᠪᠣᠬᠢᠷᠳᠤᠯ ᠦᠭᠡᠢ ᠠᠵᠤ ᠦᠢᠯᠡᠰ ᠢ ᠨᠢᠭᠡᠳᠦᠯᠲᠡᠢ ᠲᠥᠯᠥᠪᠯᠡᠨ ᠬᠥᠭᠵᠢᠭᠦᠯᠬᠦ ᠠᠯᠪᠠᠨ ᠭᠡᠷ ᠠᠴᠠ ︽ᠪᠠᠶᠠᠨᠨᠠᠭᠤᠷ ᠬᠤᠲᠠ ᠶᠢᠨ ᠯᠠᠵᠤᠤ ᠶᠢᠨ ᠠᠵᠤ ᠦᠢᠯᠡᠰ ᠢ ᠶᠡᠬᠡᠪᠡᠷ ᠬᠥᠭᠵᠢᠭᠦᠯᠬᠦ ᠠᠷᠪᠠᠨ ᠵᠤᠷᠪᠤᠰ ᠰᠠᠨᠠᠯ︾ ᠢ ᠲᠤᠭᠤᠷᠪᠢᠵᠤ᠂ ᠡᠳᠦᠭᠡ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠶ᠎ᠠ᠃      ᠨᠢᠭᠡ᠂ ᠲᠤᠭᠤᠷᠪᠢᠨ ᠪᠢᠴᠢᠬᠦ ᠦᠨᠳᠦᠰᠦᠯᠡᠯ      ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠲᠣᠮᠣ ᠣᠷᠣᠨ  ᠠᠴᠠ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ᠣᠷᠣᠨ ᠪᠣᠯᠬᠤ ᠳᠠᠪᠠᠯᠲᠠ ᠶᠢ ᠴᠢᠷᠮᠠᠶᠢᠨ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ  ᠠᠴᠠ ᠤᠷᠢᠳ ᠬᠤᠵᠢᠳ ︽ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠲᠤᠬᠠᠢ ᠰᠠᠨᠠᠯ︾ ︽ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠥᠯ ︵2020 ᠣᠨ ︱ 2022 ᠣᠨ︶︾ ᠵᠡᠷᠭᠡ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠪᠠ᠃ ᠪᠠᠶᠠᠨᠨᠠᠭᠤᠷ ᠬᠤᠲᠠ ᠪᠣᠯ ᠤᠯᠤᠰ ᠤᠨ ᠴᠢᠬᠤᠯᠠ ᠠᠮᠤ ᠲᠣᠰᠣᠨ ᠤ ᠦᠢᠯᠡᠳᠪᠦᠷᠢᠯᠡᠯ ᠤᠨ ᠰᠠᠭᠤᠷᠢᠨ ᠭᠠᠵᠠᠷ᠂ ᠪᠥᠬᠦ ᠤᠯᠤᠰ ᠤᠨ ᠬᠠᠮᠤᠭ ᠤᠨ ᠲᠣᠮᠣ ᠣᠷᠭᠠᠨᠢᠭ ᠲᠦᠭᠦᠬᠡᠢ ᠰᠦ᠂ ᠨᠡᠷᠡᠨ ᠬᠤᠸᠠᠷ ᠤᠨ ᠦᠷ᠎ᠡ᠂ ᠤᠰᠤ ᠦᠭᠡᠶᠢᠳᠡᠭᠦᠯᠦᠭᠰᠡᠨ ᠨᠣᠭᠤᠭ᠎ᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠠ ᠪᠥᠬᠦ ᠤᠯᠤᠰ ᠤᠨ ᠬᠤᠶᠠᠳᠤᠭᠠᠷ ᠲᠣᠮᠣ ᠲᠥᠪᠡᠳ ᠬᠠᠰᠢ ᠳᠠᠷᠢᠵᠤ ᠡᠳ᠋ᠰᠢᠭᠦᠯᠬᠦ ᠰᠠᠭᠤᠷᠢᠨ ᠭᠠᠵᠠᠷ ᠪᠠᠶᠢᠵᠤ᠂ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠭᠰᠠᠨ 93 ᠤᠯᠤᠰ ᠪᠠ ᠭᠠᠵᠠᠷ ᠣᠷᠣᠨ ᠪᠠᠶᠢᠵᠤ᠂ ᠠᠷᠠᠯᠵᠢᠶᠠᠨ ᠤ ᠲᠤᠭ᠎ᠠ ᠬᠡᠮᠵᠢᠶ᠎ᠡ ᠨᠢ ᠠᠷᠪᠠᠨ ᠬᠤᠶᠠᠷ ᠵᠢᠯ ᠳᠠᠷᠠᠭᠠᠯᠠᠨ ᠪᠥᠬᠦ ᠣᠷᠣᠨ ᠤ ᠲᠡᠷᠢᠭᠦᠨ ᠳᠤ ᠣᠷᠣᠪᠠ᠃ ᠣᠳᠣᠬᠠᠨ ᠳᠤ᠂ ᠪᠠᠶᠠᠨᠨᠠᠭᠤᠷ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ  ᠠᠴᠠ ᠪᠣᠷᠣᠳᠣᠬᠤᠢ ᠶᠢᠨ ᠪᠣᠬᠢᠷᠳᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠬᠠᠷᠠᠯᠲᠠ ᠶᠢ ᠳᠤᠷᠠᠳᠴᠤ᠂ ᠪᠠᠶᠠᠨᠨᠠᠭᠤᠷ ᠬᠤᠲᠠ ᠶᠢᠨ ᠯᠠᠵᠤᠤ ᠶᠢᠨ ᠠᠵᠤ ᠦᠢᠯᠡᠰ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠯᠠᠵᠤᠤ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠦᠨᠡᠨ ᠬᠦ ᠠᠬᠢᠭᠤᠯᠬᠤ ᠶᠢᠨ ᠲᠤᠰᠠᠳᠠ᠂ ᠲᠣᠰ ᠰᠠᠨᠠᠯ ᠢ ᠣᠨᠴᠠᠭᠠᠶᠢᠯᠠᠨ ᠲᠣᠭᠲᠠᠭᠠᠪᠠ᠃      ᠬᠤᠶᠠᠷ᠂ ᠭᠤᠣᠯ ᠠᠭᠤᠯᠭ᠎ᠠ      ︽ᠪᠠᠶᠠᠨᠨᠠᠭᠤᠷ ᠬᠤᠲᠠ ᠶᠢᠨ ᠯᠠᠵᠤᠤ ᠶᠢᠨ ᠠᠵᠤ ᠦᠢᠯᠡᠰ ᠢ ᠶᠡᠬᠡᠪᠡᠷ ᠬᠥᠭᠵᠢᠭᠦᠯᠬᠦ ᠠᠷᠪᠠᠨ ᠵᠤᠷᠪᠤᠰ ᠰᠠᠨᠠᠯ︾ ᠨᠢ ᠭᠤᠣᠯᠳᠠᠭᠤ ᠠᠷᠪᠠᠨ ᠲᠠᠯ᠎ᠠ ᠪᠠᠷ ᠪᠦᠷᠢᠯᠳᠦᠵᠡᠢ᠂ ᠪᠣᠳᠠᠲᠠᠢ ᠪᠠᠷ ᠬᠡᠯᠡᠪᠡᠯ ᠳᠣᠣᠷᠠᠬᠢ ᠮᠡᠲᠦ᠄1᠂ ᠡᠭᠦᠯᠳᠡᠷ ᠣᠷᠣᠭᠤᠯᠵᠤ ᠪᠣᠶᠢᠵᠢᠭᠤᠯᠬᠤ ᠶᠢ ᠠᠳᠬᠤᠬᠤ ᠬᠡᠷᠡᠭᠲᠡᠢ᠃ ᠤᠯᠤᠰ ᠤᠨ ᠳᠣᠲᠣᠭᠠᠳᠤ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠳᠡᠭᠡᠳᠦ ᠰᠤᠷᠭᠠᠭᠤᠯᠢ᠂ ᠡᠭᠦᠯᠳᠡᠷ ᠪᠣᠶᠢᠵᠢᠭᠤᠯᠬᠤ ᠬᠥᠲᠥᠴᠢ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠲᠤᠨ ᠭᠤᠣᠯ ᠤᠨ ᠰᠠᠪᠠ ᠭᠠᠵᠠᠷ ᠤᠨ ᠪᠠᠷᠠᠭᠤᠨ ᠬᠤᠶᠢᠲᠤ ᠣᠷᠣᠨ ᠤ ᠦᠷ᠎ᠡ ᠡᠳ᠋ ᠤᠨ ᠭᠧᠨ ᠤ ᠬᠥᠮᠥᠷᠭᠡ ᠪᠠ ᠣᠲᠣ ᠦᠶ᠎ᠡ ᠶᠢᠨ ᠦᠷ᠎ᠡ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠳᠤ ᠲᠦᠰᠢᠭᠯᠡᠨ᠂ ᠮᠠᠨ ᠤ ᠬᠤᠲᠠ ᠶᠢᠨ ᠳᠠᠷᠢᠬᠤ ᠳᠤ ᠲᠣᠬᠢᠷᠠᠬᠤ ᠰᠢᠯᠢᠳᠡᠭ ᠡᠭᠦᠯᠳᠡᠷ ᠢ ᠣᠷᠣᠭᠤᠯᠤᠨ ᠠᠪᠴᠢᠷᠠᠬᠤ ᠵᠢᠴᠢ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠰᠢᠨ᠎ᠡ ᠡᠭᠦᠯᠳᠡᠷ ᠢ ᠪᠣᠶᠢᠵᠢᠭᠤᠯᠬᠤ ᠶᠢ ᠲᠦᠷᠭᠡᠳᠬᠡᠨ᠎ᠡ᠃2᠂ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠳᠬᠤᠨ᠎ᠠ᠃ ᠨᠢᠭᠡ ᠪᠦᠯᠦᠭ ᠪᠠᠷᠢᠮᠵᠢᠶᠠᠵᠢᠭᠤᠯᠤᠨ ᠴᠢᠬᠢ ᠪᠣᠶᠢᠵᠢᠭᠤᠯᠬᠤ ᠰᠠᠭᠤᠷᠢᠨ ᠭᠠᠵᠠᠷ ᠵᠢᠴᠢ ᠪᠠᠷᠢᠮᠵᠢᠶᠠᠵᠢᠭᠤᠯᠤᠨ ᠳᠠᠷᠢᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃3᠂ ᠦᠢᠯᠡᠳᠪᠦᠷᠢᠯᠡᠯ ᠤᠨ ᠮᠧᠬᠠᠨᠢᠭ ᠢ ᠠᠳᠬᠤᠬᠤ᠃ ᠯᠠᠵᠤᠤ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠬᠡᠷᠡᠭᠰᠡᠬᠦ ᠨᠠᠢᠮᠠᠨ ᠵᠦᠢᠯ ᠤᠨ ᠲᠠᠷᠢᠶᠠᠯᠠᠩ ᠤᠨ ᠮᠠᠰᠢᠨ ᠢ ᠲᠠᠷᠢᠶᠠᠯᠠᠩ ᠤᠨ ᠮᠠᠰᠢᠨ ᠤ ᠨᠥᠬᠦᠪᠦᠷᠢ ᠶᠢᠨ ᠬᠡᠪᠴᠢᠶᠡᠨ ᠳ᠋ᠦ‌ᠠᠵᠤ ᠠᠬᠤᠶᠢᠯᠠᠯ ︵ᠬᠤᠷᠰᠢᠶ᠎ᠠ︶ ᠤᠨ ᠲᠡᠷᠢᠭᠦᠨ ᠤ ᠦᠢᠯᠡᠳᠪᠦᠷᠢᠯᠡᠬᠦ᠂ ᠡᠳ᠋ᠰᠢᠭᠦᠯᠬᠦ ᠮᠠᠰᠢᠨ ᠲᠥᠬᠦᠭᠡᠷᠦᠮᠵᠢ ᠪᠤᠶᠤ ᠦᠢᠯᠡᠳᠪᠦᠷᠢᠯᠡᠯ ᠤᠨ ᠱᠤᠭᠤᠮ ᠢ ᠣᠷᠣᠭᠤᠯᠵᠤ ᠢᠷᠡᠬᠦ᠂ ᠬᠤᠳᠠᠯᠳᠤᠨ ᠠᠪᠬᠤ᠂ ᠰᠤᠳᠤᠯᠤᠨ ᠨᠡᠭᠡᠭᠡᠬᠦ ᠶᠢ ᠵᠣᠷᠢᠭᠵᠢᠭᠤᠯᠤᠨ᠎ᠠ᠃4᠂ ᠵᠠᠬᠢᠶᠠᠯᠠᠭ᠎ᠠ ᠶᠢᠨ ᠲᠠᠷᠢᠶᠠᠯᠠᠭ᠎ᠠ ᠶᠢ ᠠᠳᠬᠤᠨ᠎ᠠ᠃ ᠯᠠᠵᠤᠤ ᠬᠤᠳᠠᠯᠳᠤᠨ ᠠᠪᠬᠤ ᠪᠠ ᠡᠳ᠋ᠰᠢᠭᠦᠯᠬᠦ ᠠᠵᠤ ᠠᠬᠤᠶᠢᠯᠠᠯ ︵ᠬᠤᠷᠰᠢᠶ᠎ᠠ︶ ᠤᠨ ᠲᠠᠷᠢᠶᠠᠴᠢᠨ ᠡᠷᠦᠬᠡ  ᠯᠦᠭᠡ ᠲᠠᠷᠢᠮᠠᠯ ᠤᠨ ᠵᠠᠬᠢᠶᠠᠯᠠᠭ᠎ᠠ ᠶᠢᠨ ᠬᠠᠭᠤᠳᠠᠰᠤ ᠲᠣᠭᠲᠠᠬᠤ ᠶᠢ ᠬᠥᠲᠥᠯᠥᠨ ᠵᠢᠯᠤᠭᠤᠳᠬᠤ ᠪᠠ ᠳᠡᠮᠵᠢᠨ᠎ᠡ︔ ᠠᠵᠤ ᠠᠬᠤᠶᠢᠯᠠᠯ ︵ᠬᠤᠷᠰᠢᠶ᠎ᠠ︶ ᠤᠨ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ᠂ ᠬᠤᠪᠢ ᠣᠷᠣᠭᠤᠯᠤᠨ ᠬᠤᠷᠰᠢᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠡᠮᠵᠢᠨ ᠥᠪᠡᠰᠦᠪᠡᠨ ᠰᠠᠭᠤᠷᠢᠨ ᠭᠠᠵᠠᠷ ᠪᠠᠶᠢᠭᠤᠯᠬᠤ ᠶᠢ ᠵᠣᠷᠢᠭᠵᠢᠭᠤᠯᠤᠨ᠎ᠠ︔ ︽ᠠᠵᠤ ᠠᠬᠤᠶᠢᠯᠠᠯ ︵ᠬᠤᠷᠰᠢᠶ᠎ᠠ︶ + ᠲᠣᠰᠬᠤᠨ ᠤ ᠬᠠᠮᠲᠤ ᠨᠡᠶᠢᠲᠡ + ᠲᠠᠷᠢᠶᠠᠴᠢᠨ ᠡᠷᠦᠬᠡ︾ ᠶᠢᠨ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠢ ᠳᠡᠯᠭᠡᠷᠡᠭᠦᠯᠵᠦ᠂ ᠲᠠᠷᠢᠮᠠᠯ ᠤᠨ ᠦᠷ᠎ᠡ ᠠᠰᠢᠭ ᠢ ᠳᠡᠭᠡᠭᠰᠢᠯᠡᠭᠦᠯᠦᠨ᠎ᠡ᠃5᠂ ᠨᠠᠷᠢᠯᠢᠭ ᠭᠦᠨᠵᠡᠭᠡᠢ ᠡᠳ᠋ᠰᠢᠭᠦᠯᠬᠦ ᠶᠢ ᠠᠳᠬᠤᠨ᠎ᠠ᠃ ᠯᠠᠵᠤᠤ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠢ ᠵᠦᠢ ᠵᠣᠬᠢᠰᠲᠠᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠎ᠠ︔ ᠨᠠᠷᠢᠯᠢᠭ ᠭᠦᠨᠵᠡᠭᠡᠢ ᠡᠳ᠋ᠰᠢᠭᠦᠯᠬᠦ ᠠᠵᠤ ᠠᠬᠤᠶᠢᠯᠠᠯ ᠤᠨ ᠣᠷᠣᠭᠤᠯᠤᠨ ᠪᠣᠶᠢᠵᠢᠭᠤᠯᠬᠤ ᠶᠢ ᠴᠢᠩᠭᠠᠷᠠᠭᠤᠯᠵᠤ᠂ ᠰᠢᠨ᠎ᠡ ᠪᠠᠷ ᠣᠷᠣᠭᠤᠯᠤᠨ ᠪᠣᠶᠢᠵᠢᠭᠤᠯᠤᠭᠰᠠᠨ ᠨᠠᠷᠢᠯᠢᠭ ᠭᠦᠨᠵᠡᠭᠡᠢ ᠡᠳ᠋ᠰᠢᠭᠦᠯᠬᠦ ᠬᠥᠲᠥᠴᠢ ᠠᠵᠤ ᠠᠬᠤᠶᠢᠯᠠᠯ ᠳᠤ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢᠨ ᠲᠡᠳᠬᠦᠮᠵᠢ ᠦᠵᠡᠭᠦᠯᠦᠨ᠎ᠡ︔ ᠠᠩᠬ᠎ᠠ ᠡᠳ᠋ᠰᠢᠭᠦᠯᠦᠭᠰᠡᠨ ᠦᠢᠯᠡᠳᠬᠦᠨ ᠵᠢᠴᠢ ᠨᠠᠷᠢᠯᠢᠭ ᠭᠦᠨ ᠡᠳ᠋ᠰᠢᠭᠦᠯᠦᠭᠰᠡᠨ ᠦᠢᠯᠡᠳᠬᠦᠨ ᠢ ᠰᠤᠳᠤᠯᠤᠨ ᠨᠡᠭᠡᠭᠡᠬᠦ ᠶᠢ ᠵᠣᠷᠢᠭᠵᠢᠭᠤᠯᠤᠨ᠎ᠠ᠃6᠂ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠠᠳᠬᠤᠨ᠎ᠠ᠃ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠠᠶᠤᠯ ᠲᠦᠭᠰᠢᠭᠦᠷᠢ ᠶᠢ ᠰᠡᠷᠭᠡᠶᠢᠯᠡᠬᠦ‌ᠠᠵᠤ ᠦᠢᠯᠡᠰ ᠤᠨ ᠲᠣᠣᠷ ᠰᠦᠯᠵᠢᠶᠡᠨ ᠤ ᠡᠵᠡᠩᠨᠡᠨ ᠪᠣᠷᠣᠯᠠᠭᠤᠯᠬᠤ ᠲᠠᠪᠴᠠᠩ ᠪᠠᠶᠢᠭᠤᠯᠬᠤ ᠶᠢ ᠵᠣᠷᠢᠭᠵᠢᠭᠤᠯᠵᠤ᠂ ᠪᠣᠷᠤᠯᠠᠭᠤᠯᠭ᠎ᠠ ᠰᠠᠶᠢᠲᠠᠢ ᠦᠢᠯᠡᠳᠬᠦᠨ ᠤ ᠭᠦᠢᠯᠭᠡᠭᠡᠨ ᠤ ᠪᠠᠶᠢᠷᠢᠰᠢᠯ ᠢ ᠪᠣᠶ ᠪᠣᠯᠭᠠᠨ᠎ᠠ︔ ᠪᠠᠷᠢᠮᠵᠢᠶᠠᠵᠢᠭᠤᠯᠬᠤ ᠳᠦᠷᠢᠮ ᠲᠣᠭᠲᠠᠭᠠᠯ ᠢ ᠲᠣᠭᠲᠠᠭᠠᠬᠤ ᠶᠢ ᠲᠦᠷᠭᠡᠳᠬᠡᠵᠦ᠂ ᠯᠠᠵᠤᠤ ᠶᠢᠨ ᠦᠢᠯᠡᠳᠬᠦᠨ ᠤ ᠶᠠᠰᠤ ᠴᠢᠨᠠᠷ ᠤᠨ ᠭᠡᠷᠡᠴᠢᠯᠡᠯ ᠵᠢᠴᠢ ᠶᠠᠰᠤ ᠴᠢᠨᠠᠷ ᠤᠨ ᠮᠥᠷᠳᠡᠨ ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ︔ ᠦᠷ᠎ᠡ ᠶᠢᠨ ᠬᠠᠤᠯᠢ ᠶᠢ ᠬᠡᠷᠡᠭᠵᠢᠭᠦᠯᠬᠦ ᠪᠠ ᠬᠢᠨᠠᠨ ᠬᠠᠮᠢᠶᠠᠷᠬᠤ ᠠᠵᠢᠯ ᠢ ᠴᠢᠩᠭᠠᠳᠬᠠᠨ᠎ᠠ᠃7᠂ ᠨᠠᠷᠠᠲᠤ ᠲᠡᠮᠳᠡᠭ ᠢ ᠪᠣᠶᠢᠵᠢᠭᠤᠯᠬᠤ ᠶᠢ ᠠᠳᠬᠤᠨ᠎ᠠ᠃ ᠠᠵᠤ ᠠᠬᠤᠶᠢᠯᠠᠯ ︵ᠬᠤᠷᠰᠢᠶ᠎ᠠ︶ ᠤᠨ ᠪᠣᠬᠢᠷᠳᠤᠯ ᠦᠭᠡᠢ᠂ ᠣᠷᠭᠠᠨᠢᠭ ᠢᠳᠡᠭᠡᠨ ᠤ ᠭᠡᠷᠡᠴᠢᠯᠡᠯ᠂ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠢ ᠥᠷᠨᠢᠭᠦᠯᠬᠦ ᠪᠠ ᠣᠨᠴᠠᠯᠢᠭᠲᠤ ᠨᠠᠷᠠᠲᠤ ᠦᠢᠯᠡᠳᠬᠦᠨ ᠢ ᠡᠭᠦᠳᠦᠨ ᠪᠠᠶᠢᠭᠤᠯᠬᠤ ᠶᠢ ᠵᠣᠷᠢᠭᠵᠢᠭᠤᠯᠤᠨ᠎ᠠ︔ ᠪᠦᠬᠦ ᠤᠯᠤᠰ ᠤᠨ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠵᠢᠴᠢ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠪᠡᠯᠭᠡ ᠲᠡᠮᠳᠡᠭ ᠢ ᠢᠳᠡᠪᠬᠢᠲᠡᠢ ᠪᠠᠷ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠡᠷᠬᠡ ᠣᠯᠭᠤᠬᠤ ᠪᠠᠷᠢᠮᠵᠢᠶ᠎ᠠ ᠳᠤ ᠨᠡᠶᠢᠴᠡᠬᠦ ᠯᠠᠵᠤᠤ ᠶᠢᠨ ᠪᠦᠲᠦᠭᠡᠭᠳᠡᠬᠦᠨ ᠳᠤ ᠡᠷᠬᠡ ᠣᠯᠭᠤᠨ᠎ᠠ᠃8᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠶᠢ ᠠᠳᠬᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠰᠢᠰᠲ᠋ᠥᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠪᠣᠯᠣᠨ ᠴᠢᠳᠠᠪᠤᠷᠢᠲᠠᠨ ᠤ ᠰᠠᠭᠤᠷᠢᠰᠢᠯ ᠢ ᠠᠬᠢᠭᠤᠯᠵᠤ᠂ ᠯᠠᠵᠤᠤ ᠶᠢᠨ ᠠᠵᠤ ᠦᠢᠯᠡᠰ ᠲᠤ ᠰᠢᠨᠵᠢᠯᠡᠬᠦ ᠤᠬᠠᠭᠠᠨ ᠮᠡᠷᠭᠡᠵᠢᠯ ᠤᠨ ᠪᠠᠲᠤᠯᠠᠭ᠎ᠠ ᠬᠠᠩᠭᠠᠨ᠎ᠠ︔ ᠨᠢᠭᠡ ᠪᠦᠯᠦᠭ ᠮᠡᠷᠭᠡᠵᠢᠯ ᠢ ᠮᠡᠳᠡᠬᠦ᠂ ᠡᠵᠡᠩᠨᠡᠬᠦ ᠳᠡᠭᠡᠨ ᠴᠢᠳᠠᠮᠠᠭᠠᠢ᠂ ᠦᠢᠯᠡᠴᠢᠯᠡᠵᠦ ᠴᠢᠳᠠᠳᠠᠭ ᠯᠠᠵᠤᠤ ᠶᠢᠨ ᠠᠵᠤ ᠦᠢᠯᠡᠰᠵᠢᠯᠲᠡ ᠶᠢᠨ ᠡᠩᠨᠡᠭᠡ ᠶᠢ ᠬᠦᠴᠦᠯᠡᠨ ᠪᠣᠶᠢᠵᠢᠭᠤᠯᠬᠤ ᠬᠡᠷᠡᠭᠲᠡᠢ︔ ᠯᠠᠵᠤᠤ ᠶᠢᠨ ᠭᠤᠣᠯ ᠲᠦᠯᠬᠢᠬᠦ ᠲᠦᠷᠦᠯ ᠵᠦᠢᠯ ᠵᠢᠴᠢ ᠭᠤᠣᠯ ᠲᠦᠯᠬᠢᠬᠦ ᠮᠡᠷᠭᠡᠵᠢᠯ ᠤᠨ ᠨᠡᠷᠡᠰ ᠤᠨ ᠵᠢᠭᠰᠠᠭᠠᠯᠲᠠ ᠶᠢ ᠪᠦᠷᠢᠯᠳᠦᠭᠦᠯᠬᠦ ᠶᠢᠨ ᠬᠠᠮᠲᠤ ᠳᠡᠯᠭᠡᠷᠡᠭᠦᠯᠬᠦ ᠦᠢᠯᠡᠴᠢᠯᠡᠭᠡᠨ ᠤ ᠠᠵᠢᠯ ᠢ ᠰᠠᠶᠢᠲᠤᠷ ᠬᠢᠨ᠎ᠡ᠃9᠂ ᠨᠡᠶᠢᠭᠡᠮᠴᠢᠯᠡᠭᠰᠡᠨ ᠦᠢᠯᠡᠴᠢᠯᠡᠭᠡ ᠶᠢ ᠠᠳᠬᠤᠨ᠎ᠠ᠃ ︽ᠠᠰᠠᠷᠠᠭᠴᠢ ᠮᠠᠶ᠋ᠢᠭ ᠤᠨ ᠨᠠᠶᠢᠳᠠᠨ ᠬᠠᠮᠢᠶᠠᠷᠤᠭᠤᠯᠬᠤ︾ ︵ᠳᠠᠷᠤᠢ ᠪᠦᠬᠦᠨ ᠢ ᠨᠠᠶᠢᠳᠠᠨ ᠬᠠᠮᠢᠶᠠᠷᠤᠭᠤᠯᠬᠤ᠄ ᠲᠠᠷᠢᠶᠠᠴᠢᠨ ᠡᠷᠦᠬᠡ ᠶᠢᠨ ᠦᠢᠯᠡᠳᠪᠦᠷᠢᠯᠡᠯ ᠤᠨ ᠶᠠᠪᠤᠴᠠ ᠳᠠᠬᠢ ᠲᠠᠷᠢᠶᠠᠯᠠᠬᠤ᠂ ᠳᠠᠷᠢᠬᠤ᠂ ᠬᠠᠮᠢᠶᠠᠷᠬᠤ᠂ ᠬᠤᠷᠢᠶᠠᠬᠤ᠂ ᠨᠥᠭᠡᠴᠡᠯᠡᠬᠦ᠂ ᠪᠣᠷᠣᠯᠠᠭᠤᠯᠬᠤ ᠵᠢᠷᠭᠤᠭᠠᠨ ᠶᠡᠭᠡ ᠭᠤᠭᠴᠤᠭ᠎ᠠ ᠳᠤ ᠪᠥᠬᠦ ᠶᠠᠪᠤᠴᠠ ᠶᠢ ᠨᠠᠶᠢᠳᠠᠨ ᠬᠠᠮᠢᠶᠠᠷᠤᠭᠤᠯᠬᠤ ᠶᠢ ᠬᠡᠷᠡᠭᠵᠢᠭᠦᠯᠦᠨ᠎ᠡ︶᠂ ︽ᠲᠣᠪᠶᠤᠭ ᠤᠨ ᠮᠠᠶ᠋ᠢᠭ ᠤᠨ ᠨᠠᠶᠢᠳᠠᠨ ᠬᠠᠮᠢᠶᠠᠷᠤᠭᠤᠯᠬᠤ︾ ︵ᠳᠠᠷᠤᠢ ᠬᠠᠭᠠᠰ ᠨᠠᠶᠢᠳᠠᠨ ᠬᠠᠮᠢᠶᠠᠷᠤᠭᠤᠯᠬᠤ᠄ ᠲᠠᠷᠢᠶᠠᠴᠢᠨ ᠡᠷᠦᠬᠡ ᠥᠪᠡᠷ ᠤᠨ ᠬᠡᠷᠡᠭᠴᠡᠭᠡ ᠪᠠᠨ ᠦᠨᠳᠦᠰᠦᠯᠡᠨ᠂ ᠲᠠᠷᠢᠶᠠᠯᠠᠬᠤ᠂ ᠳᠠᠷᠢᠬᠤ᠂ ᠬᠠᠮᠢᠶᠠᠷᠬᠤ᠂ ᠬᠤᠷᠢᠶᠠᠬᠤ᠂ ᠨᠥᠭᠡᠴᠡᠯᠡᠬᠦ᠂ ᠪᠣᠷᠣᠯᠠᠭᠤᠯᠬᠤ ᠳᠤᠮᠳᠠᠬᠢ ᠬᠡᠰᠡᠭ ᠭᠤᠭᠴᠤᠭ᠎ᠠ ᠪᠠᠨ ᠬᠤᠷᠰᠢᠶ᠎ᠠ ᠳᠤ ᠲᠤᠰᠢᠶᠠᠨ ᠨᠠᠶᠢᠳᠠᠨ ᠬᠠᠮᠢᠶᠠᠷᠤᠭᠤᠯᠤᠨ᠎ᠠ︶ ᠪᠠᠷ ᠲᠥᠯᠥᠭᠡᠯᠡᠭᠦᠯᠦᠭᠰᠡᠨ ᠭᠠᠵᠠᠷ ᠰᠢᠷᠣᠢ ᠶᠢ ᠨᠠᠶᠢᠳᠠᠨ ᠬᠠᠮᠢᠶᠠᠷᠤᠭᠤᠯᠬᠤ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠠᠭᠪᠤᠷ ᠢ ᠲᠡᠭᠦᠯᠳᠡᠷᠵᠢᠭᠦᠯᠦᠨ ᠳᠡᠭᠡᠭᠰᠢᠯᠡᠭᠦᠯᠦᠨ᠎ᠡ᠃10᠂ ᠲᠥᠷᠥ ᠶᠢᠨ ᠪᠣᠳᠣᠯᠭ᠎ᠠ ᠪᠠᠷ ᠲᠡᠳᠬᠦᠬᠦ ᠶᠢ ᠠᠳᠬᠤᠨ᠎ᠠ᠃ ᠡᠯ᠎ᠡ ᠬᠤᠰᠢᠭᠤ ᠰᠢᠶᠠᠨ ᠲᠣᠭᠤᠷᠢᠭ ᠨᠢ ᠲᠠᠷᠢᠶᠠᠯᠠᠩ ᠳᠤ ᠬᠤᠯᠪᠣᠭᠳᠠᠬᠤ ᠡᠯ᠎ᠡ ᠲᠥᠷᠥᠯ ᠤᠨ ᠲᠥᠷᠥᠯ ᠵᠦᠢᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠵᠦ᠂ ᠯᠠᠵᠤᠤ ᠶᠢᠨ ᠠᠵᠤ ᠦᠢᠯᠡᠰ ᠤᠨ ᠬᠥᠭᠵᠢᠯᠲᠡ ᠶᠢ ᠲᠡᠳᠬᠦᠬᠦ ᠳᠤ ᠬᠡᠷᠡᠭᠯᠡᠬᠦ ᠬᠡᠷᠡᠭᠲᠡᠢ᠃ ᠯᠠᠵᠤᠤ ᠶᠢᠨ ᠨᠠᠷᠢᠯᠢᠭ ᠡᠳ᠋ᠰᠢᠭᠦᠯᠬᠦ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠦᠵᠡᠭᠦᠯᠦᠨ᠎ᠡ︔ ᠵᠢᠯ ᠪᠦᠷᠢ ᠵᠣᠬᠢᠬᠤ ᠬᠡᠮᠵᠢᠶᠡᠨ ᠤ ᠲᠤᠰᠬᠠᠢ ᠵᠦᠢᠯ ᠤᠨ ᠵᠠᠷᠤᠳᠠᠯ ᠲᠣᠬᠢᠷᠠᠭᠤᠯᠵᠤ᠂ ᠯᠠᠵᠤᠤ ᠶᠢᠨ ᠰᠢᠨ᠎ᠡ ᠲᠥᠷᠥᠯ ᠵᠦᠢᠯ᠂ ᠰᠢᠨ᠎ᠡ ᠮᠡᠷᠭᠡᠵᠢᠯ ᠢ ᠣᠷᠣᠭᠤᠯᠤᠨ ᠠᠪᠴᠢᠷᠠᠵᠤ ᠰᠢᠭᠰᠢᠨ ᠰᠣᠩᠭᠤᠬᠤ᠂ ᠲᠤᠷᠰᠢᠯᠲᠠ ᠬᠢᠵᠦ ᠵᠢᠱᠢᠶ᠎ᠡ ᠦᠵᠡᠭᠦᠯᠬᠦ᠂ ᠤᠬᠠᠭᠤᠯᠤᠨ ᠪᠣᠯᠪᠠᠰᠤᠷᠠᠭᠤᠯᠬᠤ ᠵᠢᠴᠢ ᠮᠡᠷᠭᠡᠵᠢᠯ ᠢ ᠳᠡᠯᠭᠡᠷᠡᠭᠦᠯᠬᠦ ᠵᠡᠷᠭᠡ ᠠᠵᠢᠯ ᠳᠤ ᠬᠡᠷᠡᠭᠯᠡᠨ᠎ᠡ︔ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠤᠨ ᠬᠥᠲᠥᠯᠥᠨ ᠵᠢᠯᠤᠭᠤᠳᠴᠤ ᠪᠠᠶᠢᠭᠠᠳ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡᠨ ᠤ ᠵᠠᠭᠪᠤᠷ ᠲᠤ ᠰᠢᠨ᠎ᠡ ᠶᠢ ᠡᠭᠦᠳᠴᠦ᠂ ᠯᠠᠵᠤᠤ ᠳᠠᠷᠢᠬᠤ᠂ ᠡᠳ᠋ᠰᠢᠭᠦᠯᠬᠦ᠂ ᠠᠵᠤ ᠦᠶᠢᠯᠡᠰᠵᠢᠭᠦᠯᠬᠦ ᠳᠤ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠦᠨ᠎ᠡ᠃      ᠤᠤᠯ ᠤᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ᠄ ︽ᠪᠠᠶᠠᠨᠨᠠᠭᠤᠷ ᠬᠤᠲᠠ ᠶᠢᠨ ᠯᠠᠵᠤᠤ ᠶᠢᠨ ᠠᠵᠤ ᠦᠢᠯᠡᠰ ᠢ ᠶᠡᠬᠡᠪᠡᠷ ᠬᠥᠭᠵᠢᠭᠦᠯᠬᠦ ᠠᠷᠪᠠᠨ ᠵᠤᠷᠪᠤᠰ ᠰᠠᠨᠠᠯ︾ ᠢ ᠳᠠᠷᠤᠮᠠᠯᠯᠠᠨ ᠶᠠᠪᠤᠭᠤᠯᠬᠤ ᠲᠤᠬᠠᠢ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ