︽ᠪᠠᠶᠠᠨᠨᠠᠭᠤᠷ ᠬᠤᠲᠠ ᠶᠢᠨ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠤᠨ ᠪᠡᠯᠡ ᠮᠥᠩᠭᠦ ᠶᠢᠨ ᠱᠠᠩᠨᠠᠯ ᠨᠥᠬᠦᠪᠦᠷᠢ ᠶᠢ ᠠᠬᠢᠭᠤᠯᠬᠤ ᠶᠢᠨ ᠬᠡᠷᠡᠭᠵᠢᠭᠦᠯᠬᠦ ᠲᠥᠰᠥᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/4/14
      ᠪᠥᠬᠦ ᠬᠤᠲᠠ ᠶᠢᠨ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ ᠲᠦᠷᠭᠡᠳᠬᠡᠨ ᠠᠬᠢᠭᠤᠯᠵᠤ᠂ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠤᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠬᠤ ᠶᠢᠨ ᠲᠤᠰᠠᠳᠠ᠂ ᠬᠤᠲᠠ ᠶᠢᠨ ᠵᠠᠰᠠᠭ ᠤᠨ ᠣᠷᠳᠣᠨ  ᠠᠴᠠ ︽ᠪᠠᠶᠠᠨᠨᠠᠭᠤᠷ ᠬᠤᠲᠠ ᠶᠢᠨ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠤᠨ ᠪᠡᠯᠡ ᠮᠥᠩᠭᠦ ᠶᠢᠨ ᠱᠠᠩᠨᠠᠯ ᠨᠥᠬᠦᠪᠦᠷᠢ ᠶᠢ ᠠᠬᠢᠭᠤᠯᠬᠤ ᠬᠡᠷᠡᠭᠵᠢᠭᠦᠯᠬᠦ ᠲᠥᠰᠥᠯ︾ ᠢ ᠨᠡᠶᠢᠲᠡᠯᠡᠵᠦ ᠂ ᠡᠳᠦᠭᠡ ︽ᠬᠡᠷᠡᠭᠵᠢᠭᠦᠯᠬᠦ ᠲᠥᠰᠥᠯ︾ ᠤᠨ ᠲᠤᠬᠠᠢ ᠳᠣᠣᠷᠠᠬᠢ ᠮᠡᠲᠦ ᠲᠠᠶᠢᠯᠤᠮᠵᠢ ᠬᠢᠪᠡ᠄      ᠨᠢᠭᠡ᠂ ᠲᠣᠭᠲᠠᠭᠠᠭᠰᠠᠨ ᠠᠬᠤᠢ ᠪᠠᠶᠢᠳᠠᠯ      ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠠᠬᠢᠭᠤᠯᠬᠤ ᠪᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠶᠢᠷᠢᠯᠠᠭᠤᠯᠤᠯᠲᠠ ᠶᠢᠨ ᠨᠢᠭᠡ ᠵᠦᠢᠯ ᠤᠨ ᠴᠢᠬᠤᠯᠠ ᠥᠭᠡᠷᠡᠴᠢᠯᠡᠯᠲᠡ ᠶᠢᠨ ᠡᠭᠦᠷᠭᠡ ᠮᠥᠨ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠡᠭᠡᠳᠦ ᠱᠠᠲᠤᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠭᠰᠠᠨ ᠪᠠᠶᠢᠨ᠎ᠠ᠃ ᠬᠤᠲᠠ ᠶᠢᠨ ᠳᠠᠷᠤᠭ᠎ᠠ ᠸᠠᠩ ᡁᠢ ᠫᠢᠩ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠣᠷᠣᠨ ᠪᠦᠰᠡ ᠶᠢᠨ ᠦᠨᠡᠯᠡᠨ ᠵᠢᠱᠢᠯᠲᠡ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠲᠤᠰᠬᠠᠢ ᠰᠡᠳᠦᠪ ᠢᠶᠠᠷ ᠰᠣᠨᠣᠰᠴᠤ᠂ ᠪᠣᠳᠠᠲᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠭᠤᠷᠪᠠᠨ ᠱᠠᠭᠠᠷᠳᠠᠯᠭ᠎ᠠ ᠳᠤᠷᠠᠳᠪᠠ᠂ ᠨᠢᠭᠡ ᠳᠤ᠂ ᠡᠯ᠎ᠡ ᠬᠤᠰᠢᠭᠤ ᠰᠢᠶᠠᠨ ᠤ ᠵᠠᠰᠠᠭ ᠤᠨ ᠣᠷᠳᠣᠨ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠵᠤ ᠲᠣᠬᠢᠷᠠᠭᠤᠯᠤᠨ᠂ ᠵᠠᠷᠤᠳᠠᠯ ᠤᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ︔ ᠬᠤᠶᠠᠷ ᠲᠤ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠳ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠳᠡᠭᠡᠳᠦ ᠳᠣᠣᠷᠠᠳᠤ ᠱᠠᠲᠤ ᠪᠠᠷ ᠢᠶᠠᠨ ᠨᠡᠪᠲᠡᠷᠡᠯᠴᠡᠨ ᠵᠣᠬᠢᠴᠠᠭᠤᠯᠵᠤ᠂ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠬᠤ ᠬᠡᠷᠡᠭᠲᠡᠢ︔ ᠭᠤᠷᠪᠠ ᠳᠤ᠂ ᠬᠤᠲᠠ ᠶᠢᠨ ᠵᠠᠰᠠᠭ ᠤᠨ ᠣᠷᠳᠣᠨ ᠤ ᠱᠠᠯᠠᠪᠳᠠᠭᠤᠯᠤᠨ ᠪᠠᠶᠢᠴᠠᠭᠠᠬᠤ ᠲᠠᠰᠤᠭ ᠤᠨ ᠬᠢᠨ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠰᠠᠭᠤᠳᠠᠯ ᠢ ᠴᠠᠭ ᠲᠤᠬᠠᠢ ᠳᠤᠨᠢ ᠬᠠᠷᠢᠭᠤ ᠲᠤᠰᠬᠠᠵᠤ᠂ ᠪᠠᠶᠢᠳᠠᠯ ᠢ ᠮᠡᠳᠡᠭᠳᠡᠬᠦ ᠬᠡᠷᠡᠭᠲᠡᠢ᠃2022 ᠣᠨ ᠤ 1 ᠰᠠᠷ᠎ᠠ ᠶᠢᠨ 7 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠣᠨ ᠪᠦᠰᠡ ᠶᠢᠨ ᠦᠨᠡᠯᠡᠨ ᠵᠢᠱᠢᠬᠦ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠯᠪᠠᠨ ᠭᠡᠷ ᠠᠴᠠ ᠮᠠᠨ ᠤ ᠬᠤᠲᠠ ᠳᠤ ︽ᠰᠢᠪᠠᠳᠠᠨ ᠰᠢᠢᠳᠪᠦᠷᠢᠯᠡᠭᠦᠯᠬᠦ ᠵᠠᠬᠢᠳᠠᠯ︾ ᠪᠠᠭᠤᠯᠭᠠᠵᠤ᠂ 1 ᠰᠠᠷ᠎ᠠ ᠶᠢᠨ 16 ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠵᠠᠷᠯᠠᠯ ᠳᠤ᠂ ᠮᠠᠨ ᠤ ᠬᠤᠲᠠ ᠶᠢᠨ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠪᠥᠬᠦ ᠣᠷᠣᠨ ᠤ 12 ᠳ᠋ᠤᠭᠠᠷ ᠲᠤ ᠵᠢᠭᠰᠠᠭᠠᠭᠳᠠᠵᠤ᠂ ᠪᠠᠶᠢᠳᠠᠯ ᠲᠤᠶᠢᠯ ᠤᠨ ᠪᠠᠴᠢᠮ᠂ ᠲᠣᠰ ᠠᠵᠢᠯ ᠢ ᠲᠦᠷᠭᠡᠨ ᠲᠦᠯᠬᠢᠨ ᠠᠬᠢᠭᠤᠯᠵᠤ᠂ ᠬᠤᠰᠢᠭᠤ ᠰᠢᠶᠠᠨ ᠤ ᠡᠳ᠋ ᠤᠨ ᠵᠠᠰᠠᠭ ᠤᠨ ᠳᠠᠷᠤᠯᠲᠠ ᠶᠢ ᠨᠠᠮᠳᠠᠭᠤᠯᠤᠨ᠂ ᠡᠯ᠎ᠡ ᠬᠤᠰᠢᠭᠤ ᠰᠢᠶᠠᠨ ᠤ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ ᠲᠦᠷᠭᠡᠳᠬᠡᠨ ᠠᠬᠢᠭᠤᠯᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠤᠷᠮᠠᠰᠢᠭᠤᠯᠤᠨ ᠬᠥᠭᠵᠢᠭᠡᠬᠦ ᠶᠢᠨ ᠲᠥᠯᠥᠭᠡ᠂ ᠬᠤᠲᠠ ᠶᠢᠨ ᠵᠠᠰᠠᠭ ᠤᠨ ᠣᠷᠳᠣᠨ  ᠠᠴᠠ ᠲᠤᠰᠬᠠᠢ ᠵᠦᠢᠯ ᠤᠨ ᠪᠡᠯᠡ ᠮᠥᠩᠭᠦ ᠭᠠᠷᠭᠠᠵᠤ ᠣᠷᠣᠨ ᠪᠦᠰᠡ ᠶᠢᠨ ᠦᠨᠡᠯᠡᠨ ᠵᠢᠱᠢᠯᠲᠡ ᠶᠢᠨ ᠱᠠᠩᠨᠠᠯ ᠨᠥᠬᠦᠪᠦᠷᠢ ᠳᠤ ᠬᠡᠷᠡᠭᠯᠡᠬᠦ ᠪᠠᠷ ᠰᠤᠳᠤᠯᠤᠨ ᠲᠣᠭᠲᠠᠭᠠᠪᠠ᠃      ᠬᠤᠶᠠᠷ᠂ ᠲᠣᠭᠲᠠᠭᠠᠬᠤ ᠦᠨᠳᠦᠰᠦᠯᠡᠯ1᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 76 ᠳ᠋ᠤᠭᠠᠷ ᠲᠣᠭᠠᠲᠤ︶ ᠤᠨ ᠳᠣᠯᠣᠳᠤᠭᠠᠷ ᠪᠦᠯᠦᠭ ᠤᠨ ᠬᠤᠷᠢᠨ ᠵᠢᠷᠭᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠤᠰᠬᠠᠢ ᠵᠦᠢᠯ ᠤᠨ ᠪᠡᠯᠡ ᠮᠥᠩᠭᠦ ᠲᠣᠬᠢᠷᠠᠭᠤᠯᠵᠤ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠥᠷᠨᠢᠭᠦᠯᠬᠦ ᠶᠢ ᠳᠡᠮᠵᠢᠬᠦ ᠬᠡᠷᠡᠭᠲᠡᠢ᠃2᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠤᠨ ᠲᠣᠪᠴᠢ ᠲᠡᠮᠳᠡᠭᠯᠡᠯ ︽ᠣᠷᠣᠨ ᠪᠦᠰᠡ ᠶᠢᠨ ᠦᠨᠡᠯᠡᠨ ᠵᠢᠱᠢᠯᠲᠡ ᠶᠢᠨ ᠬᠤᠯᠪᠣᠭᠳᠠᠯ ᠪᠦᠬᠦᠢ ᠠᠵᠢᠯ ᠢ ᠰᠤᠳᠤᠯᠬᠤ︾ ︵︵2021︶ 35 ᠳ᠋ᠤᠭᠠᠷ ᠲᠣᠭᠠᠲᠤ︶ ᠳᠤ ︽ᠣᠷᠣᠨ ᠪᠦᠰᠡ ᠶᠢᠨ ᠦᠨᠡᠯᠡᠨ ᠵᠢᠱᠢᠯᠲᠡ ᠶᠢᠨ ᠵᠠᠷᠤᠳᠠᠯ ᠢ ᠱᠠᠩᠨᠠᠬᠤ ᠪᠠᠷ ᠨᠥᠬᠦᠪᠦᠷᠢ ᠶᠢ ᠣᠷᠣᠯᠠᠭᠤᠯᠬᠤ ᠠᠷᠭ᠎ᠠ ᠬᠡᠮᠵᠢᠶ᠎ᠡ ᠶᠢ ᠳᠤᠷᠠᠳᠴᠤ᠂ ᠪᠡᠯᠡ ᠮᠥᠩᠭᠦ ᠶᠢᠨ ᠢᠷᠡᠯᠲᠡ ᠶᠢ ᠲᠣᠳᠣᠷᠬᠠᠶᠢᠯᠠᠨ᠂ ᠰᠢᠯᠭᠠᠨ ᠬᠢᠨᠠᠬᠤ ᠪᠠᠷᠢᠮᠵᠢᠶ᠎ᠠ ᠪᠠ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠨᠠᠷᠢᠯᠢᠭᠵᠢᠭᠤᠯᠵᠤ᠂ ᠱᠠᠩᠨᠠᠬᠤ ᠪᠠᠷ ᠨᠥᠬᠦᠪᠦᠷᠢ ᠶᠢ ᠣᠷᠣᠯᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠡᠯ᠎ᠡ ᠭᠠᠵᠠᠷ ᠣᠷᠣᠨ ᠤ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ ᠬᠡᠷᠡᠭᠵᠢᠭᠦᠯᠬᠦ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠳᠠᠶᠢᠴᠢᠯᠠᠨ᠎ᠠ︾᠃3᠂  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠬᠠᠮᠲᠤᠷᠠᠨ ︽ᠪᠥᠬᠦ ᠣᠷᠣᠨ ᠤ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ ᠲᠦᠷᠭᠡᠳᠬᠡᠨ ᠠᠬᠢᠭᠤᠯᠬᠤ ᠲᠤᠬᠠᠢ ᠮᠡᠳᠡᠭᠳᠡᠯ︾ ︵ᠥᠪᠥᠷ ᠪᠠᠶᠢᠭᠠᠯᠢ ᠡᠬᠢ ᠥᠰᠥᠭ ﹇2021﹈ 476 ᠳ᠋ᠤᠭᠠᠷ ᠲᠣᠭᠠᠲᠤ︶ ᠢ ᠲᠠᠷᠬᠠᠭᠠᠪᠠ᠃4᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠣᠨ ᠪᠦᠰᠡ ᠶᠢᠨ ᠦᠨᠡᠯᠡᠨ ᠵᠢᠱᠢᠬᠦ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠯᠪᠠᠨ ᠭᠡᠷ ᠤᠨ ︽ᠰᠢᠮᠳᠠᠭᠤᠯᠤᠨ ᠭᠦᠢᠴᠡᠳᠬᠡᠬᠦ ᠵᠠᠬᠢᠳᠠᠯ︾᠃5᠂ ᠬᠤᠲᠠ ᠶᠢᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠶᠢᠨ ᠬᠤᠯᠪᠣᠭᠳᠠᠯ ᠪᠦᠬᠦᠢ ᠵᠢᠭᠠᠪᠤᠷᠢ ᠶᠢᠨ ᠱᠠᠭᠠᠷᠳᠠᠯᠭ᠎ᠠ᠃      ᠭᠤᠷᠪᠠ᠂ ᠦᠨᠳᠦᠰᠦᠨ ᠪᠣᠷᠣ ᠲᠥᠯᠥᠪ ᠪᠠ ᠭᠤᠣᠯ ᠠᠭᠤᠯᠭ᠎ᠠ      ︽ᠪᠠᠶᠠᠨᠨᠠᠭᠤᠷ ᠬᠤᠲᠠ ᠶᠢᠨ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠤᠨ ᠪᠡᠯᠡ ᠮᠥᠩᠭᠦ ᠶᠢᠨ ᠱᠠᠩᠨᠠᠵᠤ ᠲᠤᠰᠠᠯᠠᠬᠤ ᠶᠢ ᠠᠬᠢᠭᠤᠯᠬᠤ ᠶᠢᠨ ᠬᠡᠷᠡᠭᠵᠢᠭᠦᠯᠬᠦ ᠲᠥᠰᠥᠯ︾ ᠳᠤ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠦᠨᠳᠦᠰᠦᠯᠡᠨ᠂ ᠮᠠᠨ ᠤ ᠬᠤᠲᠠ ᠶᠢᠨ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠤᠨ ᠠᠬᠢᠴᠠ ᠶᠢᠨ ᠪᠠᠶᠢᠳᠠᠯ ᠲᠠᠢ ᠨᠢᠭᠲᠠ ᠤᠶᠠᠯᠳᠤᠭᠤᠯᠵᠤ᠂ ᠪᠡᠯᠡ ᠮᠥᠩᠭᠦ ᠶᠢᠨ ᠱᠠᠩᠨᠠᠵᠤ ᠲᠤᠰᠠᠯᠠᠬᠤ ᠬᠡᠪᠴᠢᠶ᠎ᠡ ᠪᠠ ᠱᠠᠩᠨᠠᠵᠤ ᠲᠤᠰᠠᠯᠠᠬᠤ ᠵᠠᠷᠴᠢᠮ ᠢ ᠲᠣᠳᠣᠷᠬᠠᠶᠢᠯᠠᠪᠠ᠃ ︽ᠬᠡᠷᠡᠭᠵᠢᠭᠦᠯᠬᠦ ᠲᠥᠰᠥᠯ︾ ᠢ ᠭᠤᠷᠪᠠᠨ ᠬᠡᠰᠡᠭ ᠲᠤ ᠬᠤᠪᠢᠶᠠᠪᠠ᠄︵ᠨᠢᠭᠡ︶ ᠪᠡᠯᠡ ᠮᠥᠩᠭᠦ ᠶᠢᠨ ᠱᠠᠩᠨᠠᠵᠤ ᠲᠤᠰᠠᠯᠠᠬᠤ ᠬᠡᠪᠴᠢᠶ᠎ᠡ ᠪᠣᠯᠣᠨ ᠵᠣᠭᠤᠰ ᠤᠨ ᠲᠤᠭ᠎ᠠᠲᠣᠰ ᠤᠳᠠᠭᠠᠨ ᠤ ᠱᠠᠩᠨᠠᠵᠤ ᠨᠥᠬᠦᠪᠦᠷᠢᠯᠡᠬᠦ ᠶᠢ ᠵᠥᠪᠬᠡᠨ ᠪᠣᠳᠠᠲᠠᠢ ᠣᠷᠣᠨ ᠪᠦᠰᠡ ᠶᠢᠨ ᠦᠨᠡᠯᠡᠨ ᠵᠢᠱᠢᠬᠦ ᠵᠦᠢᠯᠡᠰ ᠲᠤ ᠬᠠᠨᠳᠤᠭᠤᠯᠵᠤ᠂ ᠱᠠᠩᠨᠠᠵᠤ ᠨᠥᠬᠦᠪᠦᠷᠢᠯᠡᠬᠦ ᠡᠲᠡᠭᠡᠳ ᠪᠣᠯ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠪᠣᠯᠣᠨ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠪᠣᠯᠣᠨ᠎ᠠ︔ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢᠨ ᠲᠥᠰᠥᠪ ᠨᠡᠶᠢᠲᠡ 1200 ᠲᠦᠮᠡᠨ ᠲᠥᠭᠦᠷᠢᠭ ᠪᠣᠯᠣᠨ᠎ᠠ ︵ᠬᠤᠶᠠᠷ︶ ᠱᠠᠩᠨᠠᠵᠤ ᠲᠤᠰᠠᠯᠠᠬᠤ ᠵᠠᠷᠴᠢᠮ ᠪᠣᠯᠣᠨ ᠠᠷᠭ᠎ᠠ ᠮᠠᠶ᠋ᠢᠭᠱᠠᠩᠨᠠᠯ ᠨᠥᠬᠦᠪᠦᠷᠢ ᠶᠢᠨ ᠪᠡᠯᠡ ᠮᠥᠩᠭᠦ ᠶᠢ ᠬᠤᠶᠠᠷ ᠬᠡᠰᠡᠭ ᠲᠤ ᠬᠤᠪᠢᠶᠠᠨ᠎ᠠ᠃ ᠨᠢᠭᠡ ᠬᠡᠰᠡᠭ ᠨᠢ ᠱᠠᠩᠨᠠᠯ ᠤᠨ ᠪᠡᠯᠡ ᠮᠥᠩᠭᠦ ᠪᠣᠯᠣᠨ᠎ᠠ᠂ 2022 ᠣᠨ ᠤ 1 ᠳ᠋ᠦᠭᠡᠷ ᠰᠠᠷ᠎ᠠ ᠶᠢᠨ 25 ᠤ ᠡᠳᠦᠷ ᠠᠴᠠ ᠡᠮᠦᠨ᠎ᠡ ᠨᠢᠭᠡᠨᠲᠡ ᠪᠡᠶᠡᠯᠡᠭᠦᠯᠦᠭᠰᠡᠨ ᠣᠷᠣᠨ ᠪᠦᠰᠡ ᠶᠢᠨ ᠦᠨᠡᠯᠡᠨ ᠵᠢᠱᠢᠬᠦ ᠵᠦᠢᠯᠡᠰ ᠢ ᠱᠠᠩᠨᠠᠬᠤ ᠳᠤ ᠬᠡᠷᠡᠭᠯᠡᠨ᠎ᠡ᠂ ᠱᠠᠩᠨᠠᠯ ᠤᠨ ᠪᠡᠯᠡ ᠮᠥᠩᠭᠦ ᠨᠡᠶᠢᠲᠡ 492 ᠲᠦᠮᠡᠨ ᠲᠥᠭᠦᠷᠢᠭ︔ ᠨᠥᠭᠦᠭᠡ ᠨᠢᠭᠡ ᠬᠡᠰᠡᠭ ᠨᠢ ᠤᠷᠮᠠᠰᠢᠭᠤᠯᠬᠤ ᠴᠢᠨᠠᠷᠲᠠᠢ ᠨᠥᠬᠦᠪᠦᠷᠢ ᠪᠡᠯᠡ ᠮᠥᠩᠭᠦ ᠪᠣᠯᠣᠨ᠎ᠠ᠂ ᠡᠭᠦᠨ ᠢ ᠬᠠᠷᠠᠬᠠᠨ ᠪᠡᠶᠡᠯᠡᠭᠦᠯᠦᠭᠡᠳᠦᠢ 11 ᠵᠦᠢᠯ ᠤᠨ ᠪᠣᠳᠠᠲᠠᠢ ᠦᠨᠡᠯᠡᠨ ᠵᠢᠱᠢᠬᠦ ᠵᠦᠢᠯᠡᠰ ᠲᠤ ᠬᠡᠷᠡᠭᠯᠡᠵᠦ᠂ ᠤᠷᠮᠠᠰᠢᠭᠤᠯᠬᠤ ᠴᠢᠨᠠᠷᠲᠠᠢ ᠨᠥᠬᠦᠪᠦᠷᠢ ᠪᠡᠯᠡ ᠮᠥᠩᠭᠦ  ᠨᠢ ᠨᠡᠶᠢᠲᠡ 708 ᠲᠦᠮᠡᠨ ᠲᠥᠭᠦᠷᠢᠭ ᠪᠠᠶᠢᠵᠤ᠂ ᠪᠡᠶᠡᠯᠡᠭᠦᠯᠦᠭᠰᠡᠨ ᠲᠠᠰ ᠳᠠᠷᠠᠭᠠᠯᠠᠯ ᠢᠶᠠᠷ ᠱᠠᠩᠨᠠᠨ ᠬᠥᠬᠢᠭᠦᠯᠵᠦ᠂ ᠬᠡᠷᠡᠭᠯᠡᠵᠦ ᠳᠠᠭᠤᠰᠲᠠᠯ᠎ᠠ ᠬᠡᠷᠡᠭᠯᠡᠨ᠎ᠡ᠃︵ᠭᠤᠷᠪᠠ︶ ᠪᠡᠯᠡ ᠮᠥᠩᠭᠦ ᠶᠢᠨ ᠬᠠᠮᠢᠶᠠᠷᠤᠯᠲᠠ ᠪᠠ ᠬᠡᠷᠡᠭᠯᠡᠯᠲᠡᠱᠠᠩᠨᠠᠵᠤ ᠲᠤᠰᠠᠯᠠᠬᠤ ᠪᠡᠯᠡ ᠮᠥᠩᠭᠦ ᠳᠤ ᠲᠤᠰᠬᠠᠢ ᠵᠣᠭᠤᠰ ᠢ ᠲᠤᠰᠬᠠᠢ ᠵᠦᠢᠯ ᠳᠤᠨᠢ ᠬᠡᠷᠡᠭᠯᠡᠬᠦ᠂ ᠲᠤᠰᠬᠠᠢ ᠲᠠᠩᠰᠠ ᠪᠠᠷ ᠲᠣᠭᠠᠴᠠᠭ᠎ᠠ ᠬᠢᠬᠦ ᠶᠢ ᠬᠡᠷᠡᠭᠵᠢᠭᠦᠯᠵᠦ᠂ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠳᠤ ᠲᠤᠰᠬᠠᠢ ᠵᠦᠢᠯ ᠢᠶᠠᠷ ᠬᠡᠷᠡᠭᠯᠡᠬᠦ ᠬᠡᠷᠡᠭᠲᠡᠢ᠂ ᠪᠤᠰᠤᠳ ᠵᠦᠢᠯ ᠳᠤ ᠨᠡᠭᠦᠯᠭᠡᠨ ᠬᠡᠷᠡᠭᠯᠡᠵᠦ ᠪᠣᠯᠬᠤ ᠦᠭᠡᠢ᠂ ᠥᠪᠡᠷᠲᠡᠭᠡᠨ ᠵᠠᠰᠠᠬᠤ ᠣᠷᠣᠨ ᠤ ᠡᠬᠡ ᠲᠠᠩᠰᠠ ᠳᠤ ᠣᠷᠣᠭᠤᠯᠬᠤ ᠠᠴᠠ ᠡᠮᠦᠨ᠎ᠡ ᠪᠡᠶᠡᠯᠡᠭᠦᠯᠦᠭᠡᠳᠦᠢ ᠣᠷᠣᠨ ᠪᠦᠰᠡ ᠶᠢᠨ ᠦᠨᠡᠯᠡᠨ ᠵᠢᠱᠢᠬᠦ ᠵᠦᠢᠯ ᠳᠤ ᠭᠤᠣᠯᠳᠠᠯᠭ᠎ᠠ ᠲᠠᠢ ᠬᠡᠷᠡᠭᠯᠡᠬᠦ ᠬᠡᠷᠡᠭᠲᠡᠢ᠃                              ᠪᠠᠶᠠᠨᠨᠠᠭᠤᠷ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ                                      2022 ᠣᠨ ᠤ 4 ᠰᠠᠷ᠎ᠠ ᠶᠢᠨ 2 ᠤᠨ ᠡᠳᠦᠷ      ᠤᠤᠯ ᠤᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ᠄ ︽ᠪᠠᠶᠠᠨᠨᠠᠭᠤᠷ ᠬᠤᠲᠠ ᠶᠢᠨ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠤᠨ ᠪᠡᠯᠡ ᠮᠥᠩᠭᠦ ᠶᠢᠨ ᠱᠠᠩᠨᠠᠯ ᠨᠥᠬᠦᠪᠦᠷᠢ ᠶᠢ ᠠᠬᠢᠭᠤᠯᠬᠤ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ