︽ᠪᠠᠶᠠᠨᠨᠠᠭᠤᠷ ᠬᠤᠲᠠ ᠶᠢᠨ ᠤᠰᠤ ᠪᠠ ᠪᠣᠷᠳᠣᠭᠤᠷ ᠢ ᠬᠢᠵᠠᠭᠠᠷᠯᠠᠬᠤ ᠠᠷᠪᠠᠨ ᠵᠤᠷᠪᠤᠰ ᠰᠠᠨᠠᠯ︾ ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/4/14
      ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︽ᠪᠠᠶᠠᠨᠨᠠᠭᠤᠷ ᠬᠤᠲᠠ ᠶᠢᠨ ᠤᠰᠤ ᠪᠠ ᠪᠣᠷᠳᠣᠭᠤᠷ ᠢ ᠬᠢᠵᠠᠭᠠᠷᠯᠠᠬᠤ ᠠᠷᠪᠠᠨ ᠵᠤᠷᠪᠤᠰ ᠰᠠᠨᠠᠯ ︾ ᠢ ᠲᠤᠭᠤᠷᠪᠢᠵᠤ᠂ ᠡᠳᠦᠭᠡ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠶ᠎ᠠ᠃      ᠨᠢᠭᠡ᠂ ᠲᠤᠭᠤᠷᠪᠢᠨ ᠪᠢᠴᠢᠬᠦ ᠦᠨᠳᠦᠰᠦᠯᠡᠯ      2016 ᠣᠨ ᠠᠴᠠ ᠨᠠᠰᠢ᠂ ᠰᠢ ᠶᠢᠨ ᠫᠢᠩ ᠶᠡᠷᠦᠩᠬᠡᠢ ᠱᠦᠵᠢ ︽ᠨᠢᠭᠡ ᠨᠠᠭᠤᠷ ᠬᠤᠶᠠᠷ ᠲᠠᠩᠭᠢᠰ︾ ᠤᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠠᠪᠤᠳᠠᠯ ᠳᠤ ᠣᠯᠠᠨ ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ 2021 ᠣᠨ ᠳᠤ᠂ ᠶᠡᠷᠦᠩᠬᠡᠢ ᠱᠦᠵᠢ ᠰᠢ ᠶᠢᠨ ᠫᠢᠩ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠳᠡᠭᠡᠷ᠎ᠡ ︽ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠲᠠᠷᠢᠶᠠᠯᠠᠩ ᠤᠨ ᠣᠯᠠᠨ ᠡᠬᠢᠲᠦ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠲᠦᠯᠬᠢᠨ ᠠᠬᠢᠭᠤᠯᠬᠤ ᠬᠡᠷᠡᠭᠲᠡᠢ︾ ᠭᠡᠵᠦ ᠵᠢᠭᠠᠵᠤ ᠭᠠᠷᠭᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠥᠯᠦᠪᠵᠢᠭᠦᠯᠭᠡ ᠶᠢᠨ ᠲᠣᠪᠴᠢ︾ ᠳᠤ ᠪᠠᠰᠠ ᠣᠯᠠᠨ ᠡᠬᠢᠲᠦ ᠪᠣᠬᠢᠷᠳᠤᠯ ᠢ ᠵᠠᠰᠠᠬᠤ ᠠᠵᠢᠯ ᠢ ᠨᠢᠭᠡ ᠵᠦᠢᠯ ᠤᠨ ᠭᠤᠣᠯᠳᠠᠯᠭ᠎ᠠ ᠲᠠᠢ ᠠᠵᠢᠯ ᠪᠣᠯᠭᠠᠵᠤ᠂ ᠠᠮᠢ ᠠᠬᠤᠢ ᠣᠷᠴᠢᠨ ᠠᠬᠤᠢ ᠶᠢᠨ ᠶᠠᠮᠤᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠬᠠᠮᠲᠤᠷᠠᠨ ︽ᠲᠠᠷᠢᠶᠠᠯᠠᠩ ᠤᠨ ᠣᠯᠠᠨ ᠡᠬᠢᠲᠦ ᠪᠣᠬᠢᠷᠳᠤᠯ ᠢ ᠵᠠᠰᠠᠬᠤ ᠬᠢᠭᠡᠳ ᠬᠢᠨᠠᠯᠲᠠ ᠲᠠᠯᠪᠢᠵᠤ ᠵᠢᠯᠤᠭᠤᠳᠬᠤ ᠬᠡᠷᠡᠭᠵᠢᠭᠦᠯᠬᠦ ᠲᠥᠰᠥᠯ ︵ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ ᠲᠠᠷᠬᠠᠭᠠᠵᠤ᠂ ᠣᠯᠠᠨ ᠡᠬᠢᠲᠦ ᠪᠣᠬᠢᠷᠳᠤᠯ ᠢ ᠵᠠᠰᠠᠬᠤ ᠨᠢ ᠨᠢᠭᠡᠨᠲᠡ ᠤᠯᠤᠰ ᠤᠨ ᠪᠠᠶᠢᠯᠳᠤᠬᠤ ᠪᠣᠳᠣᠯᠭ᠎ᠠ ᠪᠣᠯᠤᠭᠰᠠᠨ ᠪᠠᠶᠢᠨ᠎ᠠ᠃      ᠰᠢ ᠶᠢᠨ ᠫᠢᠩ ᠶᠡᠷᠦᠩᠬᠡᠢ ᠱᠦᠵᠢ ᠶᠢᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷ᠎ᠡ ᠳᠤᠷᠠᠳᠤᠭᠰᠠᠨ ︽ᠪᠣᠷᠣᠳᠣᠬᠤᠢ ᠶᠢᠨ ᠤᠰᠤᠯᠠᠯᠲᠠ ᠶᠢᠨ ᠣᠷᠣᠨ ᠳᠤ ᠣᠳᠣ ᠦᠶ᠎ᠡ ᠶᠢᠨ ᠲᠠᠷᠢᠶᠠᠯᠠᠩ ᠢ ᠬᠥᠭᠵᠢᠭᠦᠯᠬᠦ ᠬᠡᠷᠡᠭᠲᠡᠢ︾ ᠭᠡᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠨ ᠤ ᠬᠤᠲᠠ ᠶᠢᠨ ᠤᠰᠤ ᠶᠢ ᠬᠢᠵᠠᠭᠠᠷᠯᠠᠨ ᠪᠣᠷᠳᠣᠭᠤᠷ ᠢ ᠬᠢᠵᠠᠭᠠᠷᠯᠠᠬᠤ ᠠᠵᠢᠯ ᠢ ᠦᠨᠡᠨᠬᠦ ᠠᠬᠢᠭᠤᠯᠵᠤ᠂ ᠪᠣᠷᠣᠳᠣᠬᠤᠢ ᠶᠢᠨ ᠪᠥᠬᠦ ᠣᠷᠣᠨ ᠪᠦᠰᠡ ᠶᠢᠨ ᠪᠣᠬᠢᠷᠳᠤᠯ ᠦᠭᠡᠢ ᠣᠷᠭᠠᠨᠢᠭ ᠳᠡᠭᠡᠳᠦ ᠲᠠᠰ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠦᠢᠯᠡᠴᠢᠯᠡᠭᠡᠨ ᠤ ᠭᠠᠳᠠᠭᠰᠢ ᠭᠠᠷᠭᠠᠬᠤ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ᠂ ᠲᠠᠷᠢᠶᠠᠯᠠᠩ ᠤᠨ ᠣᠯᠠᠨ ᠡᠬᠢᠲᠦ ᠪᠣᠬᠢᠷᠳᠤᠯ ᠤᠨ ︽ᠲᠠᠷᠢᠶᠠᠨ ᠳᠠᠷᠤᠭ᠎ᠠ ᠶᠢᠨ ᠳᠦᠷᠢᠮ︾ ᠤᠨ ᠬᠡᠷᠡᠭᠴᠡᠭᠡ ᠪᠠ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠲᠣᠰ ᠰᠠᠨᠠᠯ ᠢ ᠣᠨᠴᠠᠭᠠᠶᠢᠯᠠᠨ ᠲᠣᠭᠲᠠᠭᠠᠪᠠ᠃      ᠬᠤᠶᠠᠷ᠂ ᠭᠤᠣᠯ ᠠᠭᠤᠯᠭ᠎ᠠ      ︽ᠪᠠᠶᠠᠨᠨᠠᠭᠤᠷ ᠬᠤᠲᠠ ᠶᠢᠨ ᠤᠰᠤ ᠪᠠ ᠪᠣᠷᠳᠣᠭᠤᠷ ᠢ ᠬᠢᠵᠠᠭᠠᠷᠯᠠᠬᠤ ᠠᠷᠪᠠᠨ ᠵᠤᠷᠪᠤᠰ ᠰᠠᠨᠠᠯ︾ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠭᠠᠵᠠᠷ ᠰᠢᠷᠣᠢ ᠶᠢᠨ ᠬᠡᠪᠴᠢᠶᠡᠵᠢᠭᠰᠡᠨ ᠡᠵᠡᠩᠨᠡᠯᠲᠡ ᠶᠢ ᠲᠦᠯᠬᠢᠨ ᠠᠬᠢᠭᠤᠯᠵᠤ᠂ ᠤᠰᠤ ᠪᠣᠷᠳᠣᠭᠤᠷ ᠤᠨ ᠨᠢᠭᠡ ᠴᠣᠭᠴᠠᠵᠢᠭᠰᠠᠨ ᠲᠠᠯᠠᠪᠠᠶ ᠶᠢ ᠥᠷᠭᠡᠳᠬᠡᠨ᠂ ᠲᠠᠷᠢᠮᠠᠯ ᠤᠨ ᠦᠢᠯᠡᠰ ᠤᠨ ᠪᠦᠲᠦᠴᠡ ᠶᠢ ᠶᠡᠬᠡᠪᠡᠷ ᠲᠣᠬᠢᠷᠠᠭᠤᠯᠵᠤ᠂ ᠲᠠᠷᠢᠶᠠᠯᠠᠩ ᠤᠨ ᠮᠡᠷᠭᠡᠵᠢᠯ ᠤᠨ ᠤᠰᠤ ᠠᠷᠪᠢᠯᠠᠬᠤ ᠵᠢᠴᠢ ᠤᠰᠤ ᠬᠠᠩᠭᠠᠬᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠬᠦᠷᠢᠶᠡᠯᠡᠩ ᠲᠣᠭᠤᠷᠢᠭ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠨ᠂ ︽  ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠨᠠᠷᠠᠲᠤ ᠲᠥᠷᠥᠯ ᠲᠡᠮᠳᠡᠭᠲᠦ ᠶᠢᠨ ᠦᠢᠯᠡᠳᠦᠯ ᠢ ᠪᠠᠳᠠᠷᠠᠭᠤᠯᠵᠤ᠂ ᠪᠣᠯᠪᠠᠰᠤᠷᠠᠭᠤᠯᠤᠨ ᠳᠡᠯᠭᠡᠷᠡᠭᠦᠯᠬᠦ ᠡᠷᠴᠢᠮ ᠢ ᠴᠢᠩᠭᠠᠷᠠᠭᠤᠯᠬᠤ ᠵᠢᠴᠢ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠠᠷᠪᠠᠨ ᠵᠤᠷᠪᠤᠰ ᠰᠠᠨᠠᠯ ᠢᠶᠠᠷ ᠪᠦᠷᠢᠯᠳᠦᠨ᠎ᠡ᠂ ᠡᠭᠦᠨ ᠳᠤ ᠭᠤᠣᠯ ᠠᠭᠤᠯᠭ᠎ᠠ  ᠨᠢ᠄︵ᠨᠢᠭᠡ︶ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ︽ᠪᠥᠬᠦ ᠤᠯᠤᠰ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ︵2021 ︱ 2030 ᠣᠨ︶︾ ᠪᠣᠯᠣᠨ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠲᠥᠯᠦᠪᠵᠢᠭᠦᠯᠭᠡ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠶᠡᠭᠡ ᠪᠠᠷ ᠡᠪᠳᠡᠵᠦ ᠶᠡᠭᠡ ᠪᠠᠷ ᠪᠠᠶᠢᠭᠤᠯᠬᠤ ᠵᠠᠷᠴᠢᠮ ᠢ ᠪᠠᠷᠢᠮᠲᠠᠯᠠᠨ᠂ ︽ᠰᠤᠪᠠᠭ ᠰᠤᠪᠠᠭ ᠵᠠᠮ ᠣᠶ ᠰᠢᠭᠤᠢ ᠲᠠᠷᠢᠶᠠᠨ ᠭᠠᠵᠠᠷ ᠤᠰᠤᠨ ᠴᠠᠬᠢᠯᠭᠠᠨ ᠤ ᠮᠡᠷᠭᠡᠵᠢᠯ ᠤᠨ ᠬᠠᠮᠢᠶᠠᠷᠤᠯᠲᠠ︾ ᠶᠢ ᠪᠦᠷᠢᠨ ᠢᠵᠢ ᠪᠦᠷᠢᠳᠦᠭᠦᠯᠬᠦ ᠶᠢ ᠬᠡᠷᠡᠭᠵᠢᠭᠦᠯᠵᠦ᠂ ︽ᠨᠢᠭᠡ ᠡᠷᠦᠬᠡ ᠳᠤ ᠨᠢᠭᠡ ᠬᠡᠰᠡᠭ ᠲᠠᠷᠢᠶᠠᠨ ᠭᠠᠵᠠᠷ︾ ᠢ ᠪᠡᠶᠡᠯᠡᠭᠦᠯᠬᠦ ᠶᠢ ᠲᠦᠯᠬᠢᠨ ᠠᠬᠢᠭᠤᠯᠵᠤ᠂ ᠭᠠᠵᠠᠷ ᠰᠢᠷᠣᠢ ᠶᠢᠨ ᠬᠡᠰᠡᠭ ᠪᠤᠰᠠᠭ᠂ ᠲᠠᠷᠠᠬᠠᠢ ᠪᠤᠲᠠᠷᠬᠠᠢ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠨ᠎ᠡ᠃ ᠡᠭᠦᠨ ᠤ ᠬᠠᠮᠲᠤ᠂ ᠣᠷᠭᠠᠨᠢᠭ ᠪᠣᠷᠳᠣᠭᠤᠷ ᠨᠡᠮᠡᠵᠦ ᠣᠷᠣᠭᠤᠯᠬᠤ᠂ ᠡᠰᠢ ᠰᠦᠷᠡᠯ ᠢ ᠲᠠᠷᠢᠶᠠᠨ ᠳᠤ ᠣᠷᠣᠭᠤᠯᠬᠤ᠂ ᠬᠤᠵᠢᠷᠯᠢᠭ ᠭᠠᠵᠠᠷ ᠢ ᠰᠠᠶᠢᠵᠢᠷᠠᠭᠤᠯᠬᠤ ᠵᠡᠷᠭᠡ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠲᠠᠷᠢᠶᠠᠨ ᠭᠠᠵᠠᠷ ᠤᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠤᠰᠤ ᠪᠣᠷᠳᠣᠭᠤᠷ ᠢ ᠬᠢᠵᠠᠭᠠᠷᠯᠠᠬᠤ ᠳᠤ ᠪᠦᠲᠦᠭᠡᠨ ᠪᠠᠶᠢᠭᠤᠯᠤᠯᠲᠠ ᠶᠢᠨ ᠰᠠᠭᠤᠷᠢ ᠲᠠᠯᠪᠢᠵᠤ ᠥᠭᠬᠦ ᠬᠡᠷᠡᠭᠲᠡᠢ︾ ᠭᠡᠵᠡᠢ᠃︵ᠬᠤᠶᠠᠷ︶ ᠭᠠᠵᠠᠷ ᠰᠢᠷᠣᠢ ᠶᠢᠨ ᠬᠡᠪᠴᠢᠶᠡᠵᠢᠭᠰᠡᠨ ᠡᠵᠡᠩᠨᠡᠯᠲᠡ ᠶᠢ ᠠᠬᠢᠭᠤᠯᠤᠨ᠎ᠠ᠃ ︽ᠲᠠᠷᠢᠶᠠᠴᠢᠳ ᠤᠨ ᠲᠤᠰᠬᠠᠢ ᠠᠵᠢᠯ ᠤᠨ ᠬᠤᠷᠰᠢᠶ᠎ᠠ ᠶᠢᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ 20 ᠵᠤᠷᠪᠤᠰ ᠰᠠᠨᠠᠯ︾ ᠪᠠ ︽ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠶᠢ ᠬᠡᠷᠡᠭᠵᠢᠭᠦᠯᠬᠦ ᠠᠷᠭ᠎ᠠ︾ ᠶᠣᠰᠣᠭᠠᠷ᠂ ᠣᠶᠤᠨ ᠴᠢᠳᠠᠯ ᠢᠶᠠᠨ ᠲᠥᠪᠯᠡᠷᠡᠭᠦᠯᠦᠨ ᠬᠤᠷᠰᠢᠶ᠎ᠠ ᠶᠢ ᠲᠡᠳᠬᠦᠨ ᠪᠤᠵᠠᠭᠠᠶᠢᠷᠠᠭᠤᠯᠵᠤ᠂ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠶᠢ ᠲᠦᠷᠭᠡᠳᠬᠡᠨ᠂ ᠭᠠᠵᠠᠷ ᠰᠢᠷᠣᠢ ᠶᠢ ᠬᠡᠪᠴᠢᠶᠡᠵᠢᠭᠦᠯᠦᠨ ᠡᠵᠡᠩᠨᠡᠬᠦ ᠪᠠᠷ ᠳᠠᠮᠵᠢᠭᠤᠯᠤᠨ᠂ ᠪᠣᠷᠳᠣᠭᠤᠷ ᠢ ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ ᠪᠠ ᠤᠰᠤ ᠶᠢ ᠬᠢᠵᠠᠭᠠᠷᠯᠠᠨ ᠬᠤᠷᠣᠭᠳᠠᠯ ᠢ ᠪᠠᠭᠠᠰᠬᠠᠬᠤ ᠶᠢ ᠪᠡᠶᠡᠯᠡᠭᠦᠯᠬᠦ ᠶᠢ ᠲᠦᠯᠬᠢᠨ ᠠᠬᠢᠭᠤᠯᠤᠨ᠎ᠠ᠃︵ᠭᠤᠷᠪᠠ︶ ᠤᠰᠤ ᠪᠣᠷᠳᠣᠭᠤᠷ ᠤᠨ ᠨᠢᠭᠡ ᠴᠣᠭᠴᠠᠵᠢᠭᠰᠠᠨ ᠲᠠᠯᠠᠪᠠᠶ ᠶᠢ ᠥᠷᠭᠡᠳᠬᠡᠨ᠎ᠡ᠃ ︽ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠥᠯᠦᠪᠵᠢᠭᠦᠯᠭᠡ ᠶᠢᠨ ᠲᠣᠪᠴᠢ︾ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠪᠠ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠶᠡᠭᠡ ᠪᠠᠷ ᠳᠡᠯᠭᠡᠷᠡᠭᠦᠯᠦᠨ᠎ᠡ᠃ ᠬᠠᠲᠤᠨ ᠭᠤᠣᠯ ᠤᠨ ᠤᠰᠤᠯᠠᠯᠲᠠ ᠶᠢᠨ ᠣᠷᠣᠨ ᠳᠤ ᠬᠠᠲᠤᠨ ᠭᠤᠣᠯ ᠤᠨ ᠤᠰᠤ ᠶᠢ ᠲᠠᠲᠠᠵᠤ ᠰᠢᠭᠤᠳ ᠱᠦᠭᠦᠵᠦ ᠳᠤᠰᠤᠯᠭᠠᠨ ᠤᠰᠤᠯᠠᠬᠤ᠂ ᠬᠠᠲᠤᠨ ᠭᠤᠣᠯ ᠤᠨ ᠤᠰᠤ ᠶᠢ ᠲᠠᠲᠠᠵᠤ ᠲᠤᠩᠭᠠᠯᠠᠭ ᠳᠤᠰᠤᠯᠭᠠᠨ ᠤᠰᠤᠯᠠᠬᠤ᠂ ᠪᠦᠷᠬᠦᠭᠦᠯ ᠤᠨ ᠳᠣᠣᠷ᠎ᠠ ᠳᠤᠰᠤᠯᠭᠠᠨ ᠤᠰᠤᠯᠠᠬᠤ᠂ ᠪᠦᠷᠬᠦᠭᠦᠯ ᠦᠭᠡᠢ ᠪᠠᠷ ᠭᠦᠶᠦᠬᠡᠨ ᠪᠤᠯᠠᠵᠤ ᠳᠤᠰᠤᠯᠭᠠᠨ ᠤᠰᠤᠯᠠᠬᠤ ᠵᠡᠷᠭᠡ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠰᠢᠨ᠎ᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠪᠥᠬᠦ ᠲᠠᠯ᠎ᠠ ᠪᠠᠷ ᠥᠷᠨᠢᠭᠦᠯᠵᠦ᠂ ᠰᠢᠯᠵᠢᠮᠡᠯ ᠮᠠᠶ᠋ᠢᠭ ᠤᠨ ᠤᠰᠤ ᠪᠣᠷᠳᠣᠭᠤᠷ ᠢ ᠨᠢᠭᠡ ᠴᠣᠭᠴᠠᠵᠢᠭᠤᠯᠤᠨ ᠬᠠᠲᠤᠨ ᠭᠤᠣᠯ ᠤᠨ ᠤᠰᠤ ᠶᠢ ᠲᠠᠲᠠᠵᠤ ᠰᠢᠭᠤᠳ ᠱᠦᠭᠦᠵᠦ ᠳᠤᠰᠤᠯᠭᠠᠨ ᠤᠰᠤᠯᠠᠬᠤ ᠮᠡᠷᠭᠡᠵᠢᠯ ᠤᠨ ᠲᠥᠬᠦᠭᠡᠷᠦᠮᠵᠢ ᠵᠡᠷᠭᠡ ᠰᠢᠨ᠎ᠡ ᠲᠥᠬᠦᠭᠡᠷᠦᠮᠵᠢ ᠶᠢ ᠢᠳᠡᠪᠬᠢᠲᠡᠢ ᠪᠠᠷ ᠳᠡᠯᠭᠡᠷᠡᠭᠦᠯᠦᠨ᠎ᠡ︔ ᠬᠤᠳᠳᠤᠭ ᠢᠶᠠᠷ ᠤᠰᠤᠯᠠᠬᠤ ᠣᠷᠣᠨ ᠳᠤ᠂ ᠣᠶᠤᠨᠴᠢᠯᠠᠭᠰᠠᠨ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠢ ᠪᠥᠬᠦ ᠲᠠᠯ᠎ᠠ ᠪᠠᠷ ᠳᠡᠯᠭᠡᠷᠡᠭᠦᠯᠦᠨ ᠬᠡᠷᠡᠭᠵᠢᠭᠦᠯᠵᠦ᠂ ᠤᠰᠤ ᠲᠠᠲᠠᠵᠤ ᠬᠡᠷᠡᠭᠯᠡᠬᠦ ᠲᠥᠯᠥᠪᠯᠡᠭᠡ ᠶᠢᠨ ᠬᠠᠮᠢᠶᠠᠷᠤᠯᠲᠠ᠂ ᠨᠠᠷᠢᠯᠢᠭ ᠣᠨᠣᠴᠠᠲᠠᠢ ᠪᠠᠷ ᠬᠡᠮᠵᠢᠬᠦ ᠪᠠ ᠣᠶᠤᠨᠴᠢᠯᠠᠭᠰᠠᠨ ᠤᠰᠤ ᠪᠣᠷᠳᠣᠭᠤᠷ ᠲᠣᠬᠢᠷᠠᠭᠤᠯᠬᠤ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃︵ᠳᠥᠷᠪᠡ︶ ᠲᠠᠷᠢᠮᠠᠯ ᠤᠨ ᠦᠢᠯᠡᠰ ᠤᠨ ᠪᠦᠲᠦᠴᠡ ᠶᠢ ᠶᠡᠬᠡᠪᠡᠷ ᠲᠣᠬᠢᠷᠠᠭᠤᠯᠤᠨ᠎ᠠ᠃ ︽ᠤᠰᠤ ᠪᠠᠷ ᠬᠤᠳᠠ ᠶᠢ ᠲᠣᠭᠲᠠᠭᠠᠬᠤ᠂ ᠤᠰᠤ ᠪᠠᠷ ᠭᠠᠵᠠᠷ ᠢ ᠲᠣᠭᠲᠠᠭᠠᠬᠤ ᠂ ᠤᠰᠤ ᠪᠠᠷ ᠬᠥᠮᠥᠨ ᠢ ᠲᠣᠭᠲᠠᠭᠠᠬᠤ᠂ ᠤᠰᠤ ᠪᠠᠷ ᠤᠨᠠᠯᠲᠠ ᠶᠢ ᠲᠣᠭᠲᠠᠭᠠᠬᠤ︾ ᠵᠠᠷᠴᠢᠮ ᠶᠣᠰᠣᠭᠠᠷ᠂ ᠥᠷᠭᠡᠨ ᠤᠯᠠᠨ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠤᠰᠤ ᠪᠣᠷᠳᠣᠭᠤᠷ ᠤᠨ ᠲᠠᠷᠢᠮᠠᠯ ᠲᠠᠷᠢᠬᠤ ᠲᠠᠯᠠᠪᠠᠢ ᠶᠢ ᠲᠣᠬᠢᠷᠠᠭᠤᠯᠤᠨ ᠪᠠᠭᠠᠰᠬᠠᠵᠤ᠂ ᠬᠢᠲᠠᠳ ᠡᠮ ᠤᠨ ᠮᠠᠲ᠋ᠧᠷᠢᠶᠠᠯ᠂ ᠲᠡᠵᠢᠭᠡᠯ ᠡᠪᠡᠰᠦ᠂ ᠵᠢᠮᠢᠰ ᠨᠣᠭᠤᠭ᠎ᠠ᠂ ᠪᠤᠷᠴᠠᠭ ᠤᠨ ᠵᠦᠢᠯ ᠵᠡᠷᠭᠡ ᠬᠤᠷᠣᠭᠳᠠᠭᠤᠯᠤᠯ ᠪᠠᠭᠠᠲᠠᠢ ᠥᠨᠳᠥᠷ ᠦᠷ᠎ᠡ ᠠᠰᠢᠭᠲᠤ ᠲᠠᠷᠢᠮᠠᠯ ᠲᠠᠷᠢᠬᠤ ᠶᠢ ᠵᠣᠷᠢᠭᠵᠢᠭᠤᠯᠤᠨ᠎ᠠ᠃︵ᠲᠠᠪᠤ︶ ᠪᠣᠷᠳᠣᠭᠤᠷ ᠢ ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ ᠵᠢᠴᠢ ᠤᠰᠤ ᠶᠢ ᠬᠢᠵᠠᠭᠠᠷᠯᠠᠨ ᠬᠤᠷᠣᠭᠳᠠᠯ ᠢ ᠪᠠᠭᠠᠰᠬᠠᠬᠤ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃ ᠬᠥᠷᠥᠰᠥ ᠰᠢᠷᠣᠢ ᠶᠢ ᠬᠡᠮᠵᠢᠨ ᠨᠠᠶᠢᠷᠠᠯᠭ᠎ᠠ ᠲᠠᠢ ᠪᠣᠷᠳᠣᠭᠤᠷ ᠣᠷᠣᠭᠤᠯᠬᠤ᠂ ᠣᠷᠭᠠᠨᠢᠭ ᠪᠣᠷᠳᠣᠭᠤᠷ ᠢᠶᠠᠷ ᠣᠷᠭᠠᠨᠢᠭ ᠪᠤᠰᠤ ᠪᠣᠷᠳᠣᠭᠤᠷ ᠢ ᠣᠷᠣᠯᠠᠭᠤᠯᠬᠤ᠂ ᠰᠢᠨ᠎ᠡ ᠮᠠᠶ᠋ᠢᠭ ᠤᠨ ᠪᠣᠷᠳᠣᠭᠤᠷ ᠢᠶᠠᠷ ᠤᠯᠠᠮᠵᠢᠯᠠᠯᠲᠤ ᠪᠣᠷᠳᠣᠭᠤᠷ ᠢ ᠣᠷᠣᠯᠠᠭᠤᠯᠬᠤ ᠲᠠᠯᠠᠪᠠᠢ ᠶᠢ ᠥᠷᠭᠡᠳᠬᠡᠨ᠎ᠡ᠃ ᠲᠠᠷᠢᠶᠠᠴᠢᠨ ᠠᠶᠢᠯ ᠤᠨ ᠪᠣᠷᠳᠣᠭᠤᠷ ᠤᠨ ᠣᠪᠣᠭᠠᠨ ᠳᠤ ᠳᠡᠪᠲᠦᠭᠡᠵᠦ ᠢᠰᠬᠡᠬᠦ ᠰᠢᠨ᠎ᠡ ᠮᠡᠷᠭᠡᠵᠢᠯ ᠢ ᠶᠡᠬᠡᠪᠡᠷ ᠳᠡᠯᠭᠡᠷᠡᠭᠦᠯᠦᠨ᠎ᠡ᠃ ᠡᠰᠢ ᠰᠦᠷᠡᠯ ᠢ ᠲᠠᠷᠢᠶᠠᠨ ᠳᠤ ᠣᠷᠣᠭᠤᠯᠬᠤ ᠲᠠᠯᠠᠪᠠᠢ ᠶᠢ ᠥᠷᠭᠡᠳᠬᠡᠵᠦ᠂ ᠲᠠᠷᠢᠶᠠᠨ ᠭᠠᠵᠠᠷ ᠤᠨ ᠭᠠᠵᠠᠷ ᠤᠨ ᠰᠢᠮ᠎ᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠤᠰᠤᠨ ᠤ ᠡᠬᠢ ᠪᠠᠶᠠᠯᠢᠭ ᠢ ᠥᠨᠳᠥᠷ ᠦᠷ᠎ᠡ ᠪᠦᠲᠦᠮᠵᠢᠲᠡᠶ ᠠᠰᠢᠭᠯᠠᠬᠤ ᠶᠢᠨ ᠲᠣᠭᠤᠷᠢᠨ ᠳᠤ᠂ ᠨᠢᠷᠤᠭᠤᠪᠴᠢ ᠢᠨᠵᠧᠨᠧᠷᠢᠩ ᠤᠨ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠠᠲᠤᠨ ᠭᠤᠣᠯ ᠤᠨ ᠤᠰᠤ ᠶᠢ ᠲᠠᠲᠠᠵᠤ ᠳᠤᠰᠤᠯᠭᠠᠨ ᠤᠰᠤᠯᠠᠬᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠤᠰᠤᠯᠠᠯᠲᠠ ᠶᠢᠨ ᠳᠦᠷᠢᠮ ᠤᠨ ᠰᠢᠨ᠎ᠡ ᠵᠢ‌‍ᠲ᠋ᠠᠷᠢᠶᠠᠯᠠᠩ ᠤᠨ ᠮᠡᠷᠭᠡᠰᠢᠯ᠂ ᠲᠠᠷᠢᠶᠠᠯᠠᠩ ᠤᠨ ᠮᠠᠰᠢᠨ ᠢ ᠤᠶᠠᠯᠳᠤᠭᠤᠯᠤᠭᠰᠠᠨ ᠲᠠᠷᠢᠶᠠᠯᠠᠩ ᠤᠨ ᠤᠰᠤ ᠠᠷᠪᠢᠯᠠᠬᠤ ᠵᠠᠭᠪᠤᠷ ᠢ ᠪᠦᠬᠦ ᠲᠠᠯ᠎ᠠ ᠪᠠᠷ ᠥᠷᠨᠢᠭᠦᠯᠵᠦ᠂ ᠭᠡᠷᠡᠯ ᠪᠦᠯᠢᠶᠡᠨ ᠤᠰᠤ ᠬᠡᠢ ᠵᠡᠷᠭᠡ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠪᠠ ᠪᠣᠬᠢᠷᠳᠤᠯ ᠦᠭᠡᠢ ᠦᠷᠭᠦᠯᠵᠢᠯᠡᠬᠦ ᠬᠥᠭᠵᠢᠯᠲᠡ ᠶᠢ ᠠᠬᠢᠭᠤᠯᠤᠨ᠎ᠠ᠃︵ᠵᠢᠷᠭᠤᠭ᠎ᠠ︶ ᠬᠦᠷᠢᠶᠡᠯᠡᠩ ᠲᠣᠭᠤᠷᠢᠭ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ ᠬᠦᠷᠢᠶᠡᠯᠡᠩ ᠲᠣᠭᠤᠷᠢᠭ ᠨᠢ ᠲᠠᠷᠢᠮᠠᠯ ᠤᠨ ᠦᠢᠯᠡᠰ ᠤᠨ ᠪᠦᠲᠦᠴᠡ ᠳᠤ ᠲᠣᠬᠢᠷᠠᠭᠤᠯᠤᠯᠲᠠ ᠬᠢᠬᠦ᠂ ᠣᠷᠭᠠᠨᠢᠭ ᠪᠣᠷᠳᠣᠭᠤᠷ ᠨᠡᠮᠡᠵᠦ ᠣᠷᠣᠭᠤᠯᠬᠤ᠂ ᠰᠢᠨ᠎ᠡ ᠬᠡᠯᠪᠡᠷᠢ ᠶᠢᠨ ᠪᠣᠷᠳᠣᠭᠤᠷ ᠤᠨ ᠬᠡᠷᠡᠭᠯᠡᠯᠲᠡ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠤᠰᠤ ᠬᠡᠷᠡᠭᠯᠡᠬᠦ ᠬᠡᠮᠵᠢᠯᠲᠡ ᠶᠢᠨ ᠠᠦ᠋ᠲ᠋ᠣ᠋ ᠬᠢᠨᠠᠨ ᠬᠡᠮᠵᠢᠯᠲᠡ ᠵᠡᠷᠭᠡ ᠠᠭᠤᠯᠭ᠎ᠠ ᠳᠤ ᠭᠤᠣᠯᠳᠠᠯᠭ᠎ᠠ ᠲᠠᠢ ᠠᠩᠬᠠᠷᠤᠯ ᠢᠶᠠᠨ ᠲᠥᠪᠯᠡᠷᠡᠭᠦᠯᠦᠨ ᠲᠥᠪᠯᠡᠷᠡᠭᠦᠯᠦᠨ ᠵᠢᠱᠢᠶ᠎ᠡ ᠦᠵᠡᠭᠦᠯᠦᠨ ᠳᠡᠯᠭᠡᠨ ᠦᠵᠡᠭᠦᠯᠵᠦ᠂ ᠴᠡᠭ ᠢᠶᠠᠷ ᠨᠡᠶᠢᠳᠡᠮ ᠢ ᠳᠠᠶᠢᠴᠢᠯᠠᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃︵ᠳᠣᠯᠤᠭ᠎ᠠ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠲᠥᠯᠥᠨ‌ᠬᠠᠮᠢᠶ᠎ᠠ ᠪᠦᠬᠦᠢ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠶᠡᠭᠡ ᠳᠡᠭᠡᠳᠦ ᠰᠤᠷᠭᠠᠭᠤᠯᠢ ᠯᠤᠭ᠎ᠠ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠠᠺᠠᠳᠧᠮᠢᠴᠢ ᠶᠢᠨ ᠠᠵᠢᠯ ᠤᠨ ᠥᠷᠲᠡᠭᠡ᠂ ᠳ᠋ᠣᠺᠲ᠋ᠣᠷ ᠤᠨ ᠠᠵᠢᠯ ᠤᠨ ᠥᠷᠲᠡᠭᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠳᠤ ᠲᠦᠰᠢᠭᠯᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠲᠠᠪᠴᠠᠩ ᠢ ᠢᠳᠡᠪᠬᠢᠲᠡᠢ ᠪᠠᠷ ᠪᠣᠶ ᠪᠣᠯᠭᠠᠵᠤ᠂ ᠤᠰᠤ ᠠᠷᠪᠢᠯᠠᠵᠤ ᠪᠣᠷᠳᠣᠭᠤᠷ ᠠᠷᠪᠢᠯᠠᠬᠤ ᠮᠡᠷᠭᠡᠵᠢᠯ ᠤᠨ ᠬᠦᠴᠢᠷ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠵᠦ᠂ ᠨᠢᠭᠡ ᠪᠦᠯᠦᠭ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠤᠰᠤ ᠠᠷᠪᠢᠯᠠᠵᠤ ᠪᠣᠷᠳᠣᠭᠤᠷ ᠠᠷᠪᠢᠯᠠᠬᠤ ᠮᠡᠷᠭᠡᠵᠢᠯ ᠤᠨ ᠵᠠᠭᠪᠤᠷ ᠢ ᠬᠤᠷᠠᠮᠳᠤᠭᠤᠯᠤᠨ᠎ᠠ᠃︵ᠨᠠᠢᠮᠠ︶ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠨᠠᠷᠠᠲᠤ  ᠲᠡᠳᠡᠭᠡᠷ ᠤᠨ ᠦᠢᠯᠡᠳᠦᠯ ᠢ ᠪᠠᠳᠠᠷᠠᠭᠤᠯᠤᠨ᠎ᠠ᠃ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠲᠤ ᠲᠦᠰᠢᠭᠯᠡᠨ᠂ ᠡᠵᠡᠩᠨᠡᠯᠲᠡ ᠶᠢᠨ ᠭᠤᠣᠯ ᠴᠣᠭᠴᠠ ᠶᠢᠨ ᠤᠰᠤ ᠠᠷᠪᠢᠯᠠᠵᠤ ᠪᠣᠷᠳᠣᠭᠤᠷ ᠠᠷᠪᠢᠯᠠᠬᠤ ᠶᠢ ᠭᠡᠳᠡᠷᠭᠦ ᠰᠢᠬᠠᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠨᠠᠷᠠᠲᠤ  ᠲᠡᠮᠳᠡᠭ ᠤᠨ ᠡᠷᠬᠡ ᠣᠯᠭᠤᠬᠤ ᠪᠠᠷ ᠭᠤᠶᠤᠴᠢᠯᠠᠬᠤ ᠶᠢ ᠵᠣᠷᠢᠭᠵᠢᠭᠤᠯᠵᠤ᠂ ᠨᠠᠷᠠᠲᠤ  ᠲᠡᠮᠳᠡᠭ ᠤᠨ ᠶᠠᠰᠤ ᠴᠢᠨᠠᠷ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠦᠢᠯᠡᠳᠪᠦᠷᠢᠯᠡᠵᠦ᠂ ᠨᠢᠭᠡ ᠪᠦᠯᠦᠭ ᠪᠠᠷᠢᠮᠵᠢᠶᠠᠵᠢᠭᠰᠠᠨ ᠬᠡᠪᠴᠢᠶᠡᠵᠢᠭᠰᠡᠨ ᠪᠣᠬᠢᠷᠳᠤᠯ ᠦᠭᠡᠢ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃︵ᠶᠢᠰᠦ︶ ᠪᠣᠯᠪᠠᠰᠤᠷᠠᠭᠤᠯᠤᠨ ᠳᠡᠯᠭᠡᠷᠡᠭᠦᠯᠬᠦ ᠡᠷᠴᠢᠮ ᠢ ᠴᠢᠩᠭᠠᠷᠠᠭᠤᠯᠤᠨ᠎ᠠ᠃ ᠭᠡᠷ ᠳᠣᠲᠣᠷᠠᠬᠢ ᠪᠣᠯᠪᠠᠰᠤᠷᠠᠭᠤᠯᠤᠯ ᠤᠨ ᠬᠤᠷᠠᠯ᠂ ᠲᠠᠷᠢᠶᠠᠨ ᠭᠠᠵᠠᠷ ᠤᠨ ᠪᠣᠳᠠᠲᠠᠢ ᠪᠣᠯᠪᠠᠰᠤᠷᠠᠭᠤᠯᠤᠯ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ APP᠂ ᠲᠠᠷᠢᠶᠠᠯᠠᠩ ᠤᠨ ᠮᠡᠳᠡᠭᠡ ᠵᠠᠩᠭᠢ ᠶᠢᠨ ᠴᠢᠮᠡᠭᠡ ᠨᠡᠪᠲᠡᠷᠡᠯᠭᠡ ᠶᠢᠨ ᠦᠢᠯᠡᠴᠢᠯᠡᠭᠡᠨ ᠤ ᠲᠠᠪᠴᠠᠩ᠂ ᠰᠢᠨᠵᠢᠯᠡᠬᠦ ᠤᠬᠠᠭᠠᠨ ᠮᠡᠷᠭᠡᠵᠢᠯ ᠤᠨ ᠭᠤᠷᠪᠠ ᠶᠢ ᠬᠥᠳᠡᠭᠡ ᠪᠠᠭᠤᠯᠭᠠᠬᠤ᠂ ᠸᠢᠴᠠᠲ ᠤᠨ ᠬᠢᠴᠢᠶᠡᠯ ᠤᠨ ᠲᠠᠩᠬᠢᠮ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠠᠷᠢᠮᠠᠯ ᠤᠨ ᠲᠣᠮᠣ ᠡᠷᠦᠬᠡ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ ᠲᠠᠷᠢᠶᠠᠴᠢᠳ ᠤᠨ ᠲᠤᠰᠬᠠᠢ ᠠᠵᠢᠯ ᠤᠨ ᠬᠤᠷᠰᠢᠶ᠎ᠠ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠳᠠᠭᠠᠭᠤᠯᠤᠭᠴᠢ ᠶᠢᠨ ᠪᠣᠯᠪᠠᠰᠤᠷᠠᠭᠤᠯᠤᠯ ᠢ ᠭᠤᠣᠯᠳᠠᠯᠭ᠎ᠠ ᠲᠠᠢ ᠰᠠᠶᠢᠲᠤᠷ ᠬᠢᠵᠦ᠂ ᠤᠰᠤ ᠠᠷᠪᠢᠯᠠᠵᠤ ᠪᠣᠷᠳᠣᠭᠤᠷ ᠠᠷᠪᠢᠯᠠᠬᠤ ᠮᠡᠷᠭᠡᠵᠢᠯ ᠤᠨ ᠬᠠᠮᠤᠷᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠨ᠎ᠡ᠃︵ᠠᠷᠪᠠ︶ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠡᠯ᠎ᠡ ᠬᠤᠰᠢᠭᠤ ᠰᠢᠶᠠᠨ ᠲᠣᠭᠤᠷᠢᠭ ᠨᠢ ᠤᠰᠤ ᠠᠷᠪᠢᠯᠠᠵᠤ ᠪᠣᠷᠳᠣᠭᠤᠷ ᠠᠷᠪᠢᠯᠠᠬᠤ ᠬᠠᠷᠠᠯᠲᠠ ᠶᠢ ᠪᠠᠷᠢᠮᠵᠢᠶᠠᠯᠠᠵᠤ᠂ ᠲᠣᠰ ᠭᠠᠵᠠᠷ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠡᠭᠦᠷᠭᠡ ᠪᠠᠨ ᠨᠠᠷᠢᠯᠢᠭᠵᠢᠭᠤᠯᠤᠨ᠂ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠤᠰᠤ ᠠᠷᠪᠢᠯᠠᠵᠤ ᠪᠣᠷᠳᠣᠭᠤᠷ ᠠᠷᠪᠢᠯᠠᠬᠤ ᠡᠯ᠎ᠡ ᠵᠦᠢᠯ ᠤᠨ ᠡᠭᠦᠷᠭᠡ ᠠᠷᠭ᠎ᠠ ᠬᠡᠮᠵᠢᠶ᠎ᠡ ᠶᠢ ᠲᠣᠰᠬᠤᠨ ᠳᠤ ᠬᠦᠷᠲᠡᠯ᠎ᠡ ᠨᠠᠶᠢᠳᠠᠪᠤᠷᠢᠵᠢᠭᠤᠯᠤᠨ᠂ ᠡᠷᠦᠬᠡ ᠳᠤ ᠬᠦᠷᠲᠡᠯ᠎ᠡ ᠵᠠᠳᠠᠯᠵᠤ᠂ ᠲᠠᠩᠰᠠ ᠡᠪᠬᠡᠮᠡᠯ ᠤᠨ ᠮᠠᠲ᠋ᠧᠷᠢᠶᠠᠯ ᠢ ᠪᠦᠷᠢᠨᠰᠢᠭᠦᠯᠵᠦ᠂ ᠡᠯ᠎ᠡ ᠵᠦᠢᠯ ᠤᠨ ᠠᠵᠢᠯ ᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠬᠤᠲᠠ ᠶᠢᠨ ᠡᠳ᠋ ᠤᠨ ᠵᠠᠰᠠᠭ ᠨᠢ ᠡᠳ᠋ ᠤᠨ ᠵᠠᠰᠠᠭ ᠤᠨ ᠲᠥᠰᠥᠪ ᠤᠨ ᠲᠣᠬᠢᠷᠠᠭᠤᠯᠤᠯᠲᠠ ᠪᠠᠷ ᠳᠡᠮᠵᠢᠨ᠂ ᠲᠠᠷᠢᠶᠠᠯᠠᠩ ᠳᠤ ᠬᠤᠯᠪᠣᠭᠳᠠᠬᠤ ᠡᠯ᠎ᠡ ᠲᠥᠷᠥᠯ ᠤᠨ ᠲᠥᠷᠥᠯ ᠵᠦᠢᠯ ᠤᠨ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ᠂ ᠠᠵᠢᠯ ᠢᠶᠠᠨ ᠰᠠᠶᠢᠲᠤᠷ ᠨᠠᠶᠢᠳᠠᠪᠤᠷᠢᠵᠢᠭᠤᠯᠤᠭᠰᠠᠨ ᠬᠤᠰᠢᠭᠤ ᠰᠢᠶᠠᠨ ᠳᠤ ︽ᠱᠠᠩᠨᠠᠬᠤ ᠪᠠᠷ ᠨᠥᠬᠦᠪᠦᠷᠢ ᠶᠢ ᠣᠷᠣᠯᠠᠭᠤᠯᠬᠤ︾ ᠶᠢ ᠬᠡᠷᠡᠭᠵᠢᠭᠦᠯᠦᠨ᠎ᠡ᠃      ᠤᠤᠯ ᠤᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ᠄ ︽ᠪᠠᠶᠠᠨᠨᠠᠭᠤᠷ ᠬᠤᠲᠠ ᠶᠢᠨ ᠤᠰᠤ ᠪᠠ ᠪᠣᠷᠳᠣᠭᠤᠷ ᠬᠢᠵᠠᠭᠠᠷᠯᠠᠬᠤ ᠠᠵᠢᠯ ᠤᠨ ᠠᠷᠪᠠᠨ ᠵᠤᠷᠪᠤᠰ ᠰᠠᠨᠠᠯ︾ ᠢ ᠳᠠᠷᠤᠮᠠᠯᠯᠠᠨ ᠶᠠᠪᠤᠭᠤᠯᠬᠤ ᠲᠤᠬᠠᠢ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ