ᠦᠪᠦᠷ ᠮᠣᠩᠭᠤᠯ ᠣᠷᠤᠨ ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/4/21
      4 ᠰᠠᠷ᠎ᠠ ᠶᠢᠨ 19 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃       4 ᠰᠠᠷ᠎ᠠ ᠶᠢᠨ 19 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠪᠠᠶᠢᠭ᠎ᠠ ᠲᠤᠬᠠᠶ ᠶᠢᠨ ᠭᠠᠵᠠᠷ ᠤᠨ ᠳᠣᠲᠣᠯᠠᠭᠰᠠᠨ ᠡᠪᠡᠳᠴᠢᠨ ᠤ ᠵᠢᠱᠢᠶ᠎ᠡ 7 ᠪᠠᠶᠢᠵᠦ᠂ ᠡᠬᠦᠨ ᠳᠤ ᠬᠢᠩᠭᠠᠨ ᠠᠶᠢᠮᠠᠭ ᠲᠤ 2᠂ ᠤᠯᠠᠭᠠᠨᠬᠠᠳᠠ ᠳᠤ 3᠂ ᠪᠠᠶᠠᠨᠨᠠᠭᠤᠷ ᠬᠤᠲᠠ ᠳᠤ 2 ᠪᠤᠢ᠃ ᠳᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠬᠴᠢ 10 ᠪᠠᠶᠢᠵᠤ᠂ ᠡᠭᠦᠨ ᠳᠤ ᠬᠦᠬᠡᠬᠤᠳᠠ ᠳᠤ 1᠂ ᠬᠢᠩᠭᠠᠨ ᠳᠤ 8᠂ ᠦᠬᠠᠢ ᠳᠤ 1 ᠪᠤᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 2 ᠪᠠᠶᠢᠵᠤ᠂ ᠡᠭᠦᠨ ᠳᠤ ᠬᠦᠬᠡᠬᠤᠳᠠ ᠳᠤ 1᠂ ᠤᠯᠠᠭᠠᠨᠬᠠᠳᠠ ᠳᠤ 1 ᠪᠣᠢ᠃ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠤᠢ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ