ᠰᠢ ᠶᠢᠨ ᠫᠢᠩ ᠬᠠᠷᠢᠭᠤ ᠵᠠᠬᠢᠳᠠᠯ ᠢᠯᠡᠭᠡᠵᠦ ᠨᠠᠨᠵᠢᠩ ᠶᠡᠭᠡ ᠰᠤᠷᠭᠠᠭᠤᠯᠢ ᠶᠢᠨ ᠭᠠᠳᠠᠭᠠᠳᠤ ᠳᠤ ᠰᠤᠷᠤᠯᠴᠠᠭᠠᠳ ᠤᠯᠤᠰ ᠲᠠᠭᠠᠨ ᠪᠤᠴᠠᠵᠤ ᠢᠷᠡᠭᠰᠡᠨ ᠵᠠᠯᠠᠭᠤ ᠡᠷᠳᠡᠮᠲᠡᠤᠨ ᠢ ᠵᠣᠷᠢᠭᠵᠢᠭᠤᠯᠤᠭᠰᠠᠨ ᠨᠢ᠄ ᠶᠣᠰᠣ ᠮᠤᠷᠠᠯ ᠢᠶᠠᠷ ᠬᠥᠮᠦᠨ ᠢ ᠬᠥᠮᠦᠵᠢᠭᠦᠯᠬᠦ ᠶᠢ ᠪᠠᠷᠢᠮᠲᠠᠯᠠᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠬᠤ ᠲᠠᠯ᠎ᠠ ᠪᠠᠷ ᠲᠠᠬᠢᠨ ᠰᠢᠯᠢᠳᠡᠭ ᠠᠮᠵᠢᠯᠲᠠ ᠪᠦᠲᠦᠮᠵᠢ ᠭᠠᠷᠭᠠᠵᠤ ᠰᠣᠶᠣᠯ ᠤᠨ ᠢᠲᠡᠭᠡᠯ ᠢᠶᠠᠨ ᠪᠠᠲᠤᠳᠬᠠᠵᠤ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠬᠤ ᠲᠠᠯ᠎ᠠ ᠪᠠᠷ ᠳᠠᠭᠤᠷᠢᠶᠠᠯ ᠪᠣᠯᠬᠤ ᠬᠡᠷᠡᠭᠳᠡᠢ
ᠨᠡᠶᠢᠲᠡᠯᠡᠭᠰᠡᠨ ᠴᠠᠭ᠄
2022/5/26
      ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 19 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 5 ᠰᠠᠷ᠎ᠠ ᠶᠢᠨ 18 ᠤ ᠡᠳᠦᠷ ᠨᠠᠨᠵᠢᠩ ᠶᠡᠭᠡ ᠰᠤᠷᠭᠠᠭᠤᠯᠢ ᠶᠢᠨ ᠭᠠᠳᠠᠭᠠᠳᠤ ᠳᠤ ᠰᠤᠷᠤᠯᠴᠠᠭᠠᠳ ᠤᠯᠤᠰ ᠲᠠᠭᠠᠨ ᠪᠤᠴᠠᠵᠤ ᠢᠷᠡᠭᠰᠡᠨ ᠵᠠᠯᠠᠭᠤ ᠡᠷᠳᠡᠮᠲᠡᠤᠨ ᠲᠤ ᠬᠠᠷᠢᠭᠤ ᠵᠠᠬᠢᠳᠠᠯ ᠢᠯᠡᠭᠡᠵᠦ᠂ ᠲᠡᠳᠡᠨ ᠳᠤ ᠴᠢᠩ ᠰᠡᠳᠭᠢᠯ ᠤᠨ ᠬᠦᠰᠡᠯ ᠨᠠᠶᠢᠳᠠᠯᠭ᠎ᠠ ᠲᠠᠯᠪᠢᠵᠠᠢ᠃       ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠲᠠ ᠨᠠᠷ ᠯᠢ ᠰᠧ ᠭᠤᠸᠠᠩ᠂ ᠴᠧᠩ ᠺᠠᠢ ᠵᠢᠶᠠ ᠵᠡᠷᠭᠡ ᠠᠬᠠᠮᠠᠳ ᠨᠢᠭᠡ ᠦᠶ᠎ᠡ ᠶᠢᠨ ᠰᠢᠨᠵᠢᠯᠡᠬᠦ ᠤᠬᠠᠭᠠᠨᠲᠠᠨ ᠢᠶᠠᠷ ᠳᠠᠭᠤᠷᠢᠶᠠᠯ ᠪᠣᠯᠭᠠᠵᠤ᠂ ᠭᠠᠳᠠᠭᠠᠳᠤ ᠳᠤ ᠰᠤᠷᠤᠯᠴᠠᠭᠠᠳ ᠰᠤᠷᠤᠯᠭ᠎ᠠ ᠪᠠᠨ ᠲᠡᠭᠦᠰᠭᠡᠭᠰᠡᠨ ᠤ ᠳᠠᠷᠠᠭ᠎ᠠ ᠤᠯᠤᠰ ᠲᠠᠭᠠᠨ ᠪᠤᠴᠠᠵᠤ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠦᠢᠯᠡᠰ ᠲᠤ ᠣᠷᠣᠯᠴᠠᠵᠤ᠂ ᠥᠪᠡᠷ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠡᠬᠡ ᠤᠯᠤᠰ ᠤᠨ ᠢᠶᠠᠨ ᠲᠥᠯᠥᠭᠡ ᠵᠢᠳᠬᠦᠵᠦ᠂ ᠠᠷᠠᠳ ᠲᠦᠮᠡᠨ ᠳᠤ ᠦᠢᠯᠡᠴᠢᠯᠡᠵᠦ᠂ ᠡᠯᠪᠡᠭ ᠪᠠᠶᠠᠯᠢᠭ ᠦᠷ᠎ᠡ ᠪᠦᠲᠦᠭᠡᠯ ᠣᠯᠤᠭᠰᠠᠨ ᠢ ᠰᠣᠨᠣᠰᠤᠭᠠᠳ ᠪᠢ ᠮᠠᠰᠢ ᠪᠠᠶᠠᠷᠯᠠᠵᠤ ᠪᠠᠶᠢᠨ᠎ᠠ᠃ ᠨᠠᠨᠵᠢᠩ ᠶᠡᠭᠡ ᠰᠤᠷᠭᠠᠭᠤᠯᠢ ᠪᠠᠶᠢᠭᠤᠯᠤᠭᠳᠠᠭᠰᠠᠨ 120 ᠵᠢᠯ ᠤᠨ ᠤᠢ ᠶᠢᠨ ᠲᠠᠰᠢᠷᠠᠮ ᠢᠶᠠᠷ᠂ ᠲᠠ ᠨᠠᠷ ᠲᠤ ᠵᠢᠴᠢ ᠪᠦᠬᠦ ᠰᠤᠷᠭᠠᠭᠤᠯᠢ ᠶᠢᠨ ᠪᠠᠭᠰᠢ ᠰᠤᠷᠤᠬᠴᠢ ᠠᠵᠢᠯᠳᠠᠨ᠂ ᠥᠷᠭᠡᠨ ᠤᠯᠠᠨ ᠰᠤᠷᠭᠠᠭᠤᠯᠢ ᠶᠢᠨ ᠨᠠᠶᠢᠵᠠ ᠨᠠᠷ ᠲᠤ ᠬᠠᠯᠠᠭᠤᠨ ᠪᠠᠶᠠᠷ ᠬᠦᠷᠭᠡᠵᠦ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠵᠦ ᠪᠠᠶᠢᠨ᠎ᠠ︕ ᠭᠡᠵᠦ ᠬᠡᠯᠡᠪᠡ᠃       ᠰᠢ ᠶᠢᠨ ᠫᠢᠩ᠂ ᠲᠠ ᠨᠠᠷ ᠵᠠᠬᠢᠳᠠᠯ ᠳᠠᠭᠠᠨ᠂ ᠠᠭᠤᠤ ᠶᠡᠭᠡ ᠴᠠᠭ ᠦᠶ᠎ᠡ ᠳᠤ ᠲᠦᠷᠦᠭᠰᠡᠨ ᠨᠢ ᠬᠥᠮᠦᠨ ᠤ ᠠᠮᠢᠳᠤᠷᠠᠯ ᠤᠨ ᠠᠵᠠ ᠵᠠᠪᠰᠢᠶᠠᠨ ᠪᠣᠯᠤᠨ᠎ᠠ᠂ ᠭᠠᠳᠠᠭᠠᠳᠤ ᠳᠤ ᠰᠤᠷᠤᠯᠴᠠᠭᠠᠳ ᠤᠯᠤᠰ ᠲᠠᠭᠠᠨ ᠪᠤᠴᠠᠵᠤ ᠢᠷᠡᠭᠰᠡᠨ ᠵᠠᠯᠠᠭᠤᠴᠤᠳ ᠬᠡᠭᠦᠳᠡᠭ ᠴᠡᠭᠡᠵᠢᠨ ᠳᠡᠭᠡᠨ ︽ᠤᠯᠤᠰ ᠤᠨ ᠶᠡᠭᠡ ᠶᠠᠪᠤᠳᠠᠯ︾ ᠢ ᠪᠤᠳᠤᠵᠦ᠂ ︽ᠤᠯᠤᠰ ᠤᠨ ᠬᠠᠷᠢᠭᠤᠴᠠᠯᠭ᠎ᠠ︾ ᠶᠢ ᠡᠭᠦᠷᠭᠡᠯᠡᠨ᠎ᠡ ᠭᠡᠪᠡ᠂ ᠡᠳᠡᠭᠡᠷ ᠦᠭᠡ ᠶᠢ ᠮᠠᠰᠢ ᠰᠠᠶᠢᠨ ᠶᠠᠷᠢᠵᠠᠢ᠃ ᠨᠥᠬᠦᠳ ᠨᠡᠷ ᠤᠨ ᠭᠠᠳᠠᠭᠠᠳᠤ ᠳᠤ ᠰᠤᠷᠤᠯᠴᠠᠭᠠᠳ ᠤᠯᠤᠰ ᠲᠠᠭᠠᠨ ᠵᠢᠳᠬᠦᠬᠦ ᠢᠷᠠᠭᠤ ᠠᠯᠳᠠᠷᠲᠤ ᠤᠯᠠᠮᠵᠢᠯᠠᠯ ᠢᠶᠠᠨ ᠶᠡᠭᠡ ᠪᠠᠷ ᠪᠠᠳᠠᠷᠠᠭᠤᠯᠵᠤ᠂ ᠤᠯᠤᠰ ᠣᠷᠣᠨ ᠤ ᠪᠠᠨ ᠲᠥᠯᠥᠭᠡ ᠵᠢᠳᠬᠦᠬᠦ᠂ ᠠᠷᠠᠳ ᠲᠦᠮᠡᠨ ᠳᠤ ᠦᠢᠯᠡᠴᠢᠯᠡᠬᠦ ᠪᠠᠷ ᠤᠬᠠᠮᠰᠠᠷᠲᠤ ᠬᠥᠭᠡᠭᠡᠴᠡᠯᠳᠦᠯ ᠢᠶᠠᠨ ᠪᠣᠯᠭᠠᠵᠤ᠂ ᠶᠣᠰᠣ ᠮᠤᠷᠠᠯ ᠢᠶᠠᠷ ᠬᠥᠮᠦᠨ ᠢ ᠬᠥᠮᠦᠵᠢᠭᠦᠯᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠬᠤ ᠲᠠᠯ᠎ᠠ ᠪᠠᠷ ᠲᠠᠬᠢᠨ ᠰᠢᠯᠢᠳᠡᠭ ᠠᠮᠵᠢᠯᠲᠠ ᠪᠦᠲᠦᠮᠵᠢ ᠭᠠᠷᠭᠠᠵᠤ᠂ ᠰᠣᠶᠣᠯ ᠤᠨ ᠢᠲᠡᠭᠡᠯ ᠢᠶᠠᠨ ᠪᠠᠲᠤᠳᠬᠠᠬᠤ᠂ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠬᠤ ᠲᠠᠯ᠎ᠠ ᠪᠠᠷ ᠳᠠᠭᠤᠷᠢᠶᠠᠯ ᠪᠣᠯᠬᠤ ᠪᠠᠷ ᠴᠢᠷᠮᠠᠶᠢᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠢᠳᠡᠪᠬᠢᠲᠡᠢ ᠪᠠᠷ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ︕       ᠨᠠᠨᠵᠢᠩ ᠶᠡᠭᠡ ᠰᠤᠷᠭᠠᠭᠤᠯᠢ ᠪᠣᠯ 1902 ᠣᠨ ᠳᠤ ᠰᠠᠨᠵᠢᠶᠠᠩ ᠤᠨ ᠪᠠᠭᠰᠢ ᠶᠢᠨ ᠰᠤᠷᠭᠠᠭᠤᠯᠢ ᠶᠢᠨ ᠰᠠᠭᠤᠷᠢᠨ ᠲᠡᠭᠡᠷ᠎ᠠ ᠪᠠᠶᠢᠭᠤᠯᠤᠬᠳᠠᠵᠥ᠂ 1950 ᠣᠨ ᠳᠤ ᠨᠠᠨᠵᠢᠩ ᠶᠡᠭᠡ ᠰᠤᠷᠭᠠᠭᠤᠯᠢ ᠭᠡᠵᠦ ᠵᠢᠩᠬᠢᠨᠢ ᠪᠠᠷ ᠨᠡᠷᠡᠯᠡᠪᠡ᠃ ᠰᠤᠷᠭᠠᠭᠤᠯᠢ ᠪᠠᠶᠢᠭᠤᠯᠤᠭᠳᠠᠭᠰᠠᠨ 120 ᠵᠢᠯ ᠤᠨ ᠲᠤᠷᠰᠢ᠂ ᠪᠦᠯᠦᠭ ᠪᠦᠯᠦᠭ ᠭᠠᠳᠠᠭᠠᠳᠤ ᠳᠤ ᠰᠤᠷᠤᠯᠴᠠᠭᠠᠳ ᠤᠯᠤᠰ ᠲᠠᠭᠠᠨ ᠪᠤᠴᠠᠭᠰᠠᠳ ᠨᠠᠨᠵᠢᠩ ᠶᠡᠭᠡ ᠰᠤᠷᠭᠠᠭᠤᠯᠢ ᠳᠤ ᠤᠯᠤᠰ ᠪᠠ ᠠᠷᠠᠳ ᠲᠦᠮᠡᠨ ᠤ ᠪᠠᠨ ᠲᠥᠯᠥᠭᠡ ᠵᠢᠳᠬᠦᠬᠦ ᠲᠡᠮᠡᠴᠡᠯ ᠤᠨ ᠤᠯᠠ ᠮᠥᠷ ᠢᠶᠠᠨ ᠦᠯᠡᠳᠡᠭᠡᠵᠦ᠂ ᠯᠢ ᠰᠧ ᠭᠤᠸᠠᠩ᠂ ᠴᠧᠩ ᠺᠠᠢ ᠵᠢᠶᠠ ᠨᠠᠷ ᠲᠡᠭᠦᠨ ᠤ ᠳᠣᠲᠣᠷᠠᠬᠢ ᠭᠠᠷᠮᠠᠭᠠᠢ ᠲᠥᠯᠥᠭᠡᠯᠡᠭᠴᠢ ᠪᠣᠯᠪᠠ᠃ ᠤᠢᠢᠷ᠎ᠠ ᠶᠢᠨ ᠡᠳᠦᠷ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠭᠠᠳᠠᠭᠠᠳᠤ ᠳᠤ ᠰᠤᠷᠤᠯᠭ᠎ᠠ ᠪᠠᠨ ᠲᠡᠭᠦᠰᠭᠡᠵᠦ ᠤᠯᠤᠰ ᠲᠠᠭᠠᠨ ᠪᠤᠴᠠᠵᠤ ᠨᠠᠨᠵᠢᠩ ᠶᠡᠭᠡ ᠰᠤᠷᠭᠠᠭᠤᠯᠢ ᠳᠤ ᠠᠵᠢᠯᠯᠠᠭᠰᠠᠨ 120 ᠵᠠᠯᠠᠭᠤ ᠡᠷᠳᠡᠮᠲᠡᠨ ᠤ ᠲᠥᠯᠥᠭᠡᠯᠡᠭᠴᠢ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠪᠢᠴᠢᠭ ᠵᠢᠭᠠᠵᠤ ᠬᠥᠮᠦᠨ ᠬᠥᠮᠦᠵᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠵᠡᠷᠭᠡ ᠲᠠᠯ᠎ᠠ ᠶᠢᠨ ᠠᠵᠢᠯ ᠤᠨ ᠣᠶᠢᠯᠠᠭᠠᠯᠲᠠ ᠪᠠᠨ ᠬᠠᠷᠢᠭᠤ ᠮᠡᠳᠡᠭᠦᠯᠵᠦ᠂ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠤᠯᠤᠰ ᠢᠶᠠᠨ ᠬᠦᠴᠦᠷᠬᠡᠭᠵᠢᠭᠦᠯᠬᠦ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠡᠷᠡᠰ ᠪᠠᠲᠤ ᠵᠣᠷᠢᠭ ᠢᠶᠠᠨ ᠢᠯᠡᠳᠭᠡᠵᠡᠢ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ