ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 19 ᠤ ᠴᠠᠬᠢᠯᠭᠠᠨ ᠮᠡᠳᠡᠭᠡ 5 ᠰᠠᠷ᠎ᠠ ᠶᠢᠨ 19 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ | ᠫᠢᠩ ᠠᠯᠳᠠᠨ ᠲᠣᠭᠤᠰᠭ᠋᠎ᠠ ᠤᠯᠤᠰ ᠤᠳ ᠤᠨ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠨᠠᠷ ᠤᠨ ᠠᠭᠤᠯᠵᠠᠯᠲᠠ ᠶᠢᠨ ᠡᠬᠢᠯᠡᠬᠦ ᠶᠣᠰᠣᠯᠠᠯ ᠳᠡᠭᠡᠷ᠎ᠡ ᠸᠢᠳᠢᠣ᠋ ᠪᠠᠷ | ᠪᠠᠶᠠᠷ ᠤᠨ ᠦᠭᠡ ᠬᠡᠯᠡᠪᠡ᠃ | ᠰᠢ ᠶᠢᠨ ᠫᠢᠩ᠂ ᠣᠳᠣᠬᠠᠨ ᠳᠤ ᠵᠠᠭᠤᠨ ᠵᠢᠯ ᠤᠨ ᠬᠤᠪᠢᠰᠤᠯᠲᠠ ᠪᠣᠯᠤᠨ ᠡᠷᠢᠨ ᠵᠠᠭᠤᠨ ᠤ ᠬᠢᠵᠢᠭ ᠤᠨ ᠪᠠᠶᠢᠳᠠᠯ ᠤᠨ ᠲᠠᠪᠬᠤᠴᠠᠭᠰᠠᠨ ᠨᠦᠯᠦᠭᠡ ᠠᠴᠠ | ᠪᠤᠯᠵᠤ ᠳᠡᠯᠡᠬᠡᠶ ᠶᠢᠨ ᠪᠠᠶᠢᠳᠠᠯ ᠳᠤ ᠲᠣᠭᠲᠠᠭᠤᠨ ᠪᠤᠰᠤ᠂ ᠲᠣᠭᠲᠠᠭᠠᠯᠲᠤ ᠪᠤᠰᠤ᠂ ᠠᠮᠤᠷ ᠲᠦᠪᠰᠢᠨ ᠪᠤᠰᠤ ᠬᠦᠴᠦᠨ ᠵᠦᠶ᠋ᠯ ᠡᠳᠦᠷ ᠢᠷᠡᠬᠦᠶ᠎ᠡ ᠲᠣᠪᠤᠶᠢᠮ᠎ᠠ ᠪᠤᠯᠪᠠ᠃ | ᠭᠡᠪᠡᠴᠦ ᠡᠩᠬᠡ ᠲᠠᠶᠢᠪᠤᠩ ᠬᠢᠭᠡᠳ ᠬᠥᠭᠵᠢᠯᠲᠡ ᠶᠢᠨ ᠴᠠᠭ ᠦᠶ᠎ᠡ ᠶᠢᠨ ᠭᠤᠣᠯ ᠰᠡᠳᠦᠪ ᠬᠤᠪᠢᠷᠠᠭᠰᠠᠨ ᠦᠭᠡᠢ᠂ ᠡᠯ᠎ᠡ ᠤᠯᠤᠰ ᠤᠨ ᠠᠷᠠᠳ ᠲᠦᠮᠡᠨ ᠤ ᠰᠠᠶᠢᠨ | ᠰᠠᠶᠢᠬᠠᠨ ᠠᠮᠢᠳᠤᠷᠠᠯ ᠤᠨ ᠲᠤᠬᠠᠢ ᠬᠥᠭᠡᠭᠡᠴᠡᠯᠳᠦᠯ ᠬᠤᠪᠢᠷᠠᠭᠰᠠᠨ ᠦᠭᠡᠢ᠂ ᠳᠡᠯᠡᠬᠡᠢ ᠨᠡᠶᠢᠭᠡᠮ ᠢᠶᠠᠷ ᠢᠶᠠᠨ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ | ᠬᠠᠮᠳᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠬᠦ ᠲᠡᠦᠬᠡᠲᠦ ᠡᠭᠦᠷᠭᠡ ᠬᠤᠪᠢᠷᠠᠭᠰᠠᠨ ᠦᠭᠡᠢ᠃ ᠳᠡᠯᠡᠬᠡᠢ ᠨᠡᠶᠢᠭᠡᠮ ᠤᠨ ᠢᠳᠡᠪᠬᠢᠲᠡᠢ᠂ ᠥᠭᠡᠳᠡᠷᠬᠡᠭ᠂ | ᠪᠦᠲᠦᠭᠡᠯᠴᠢ ᠬᠦᠴᠦᠨ ᠪᠣᠯᠤᠭᠰᠠᠨ ᠤ ᠬᠤᠪᠢ ᠳᠤ᠂ ᠠᠯᠳᠠᠨ ᠲᠣᠭᠤᠰᠭ᠋᠎ᠠ ᠤᠯᠤᠰ ᠤᠳ ᠢᠲᠡᠭᠡᠯ ᠵᠣᠷᠢᠭ ᠢᠶᠠᠨ ᠪᠠᠲᠤᠳᠬᠠᠵᠤ᠂ ᠠᠶᠤᠯ ᠲᠦᠭᠰᠢᠭᠦᠷᠢ ᠳᠤ ᠰᠢᠭᠤᠳ | ᠬᠠᠨᠳᠤᠵᠤ᠂ ᠪᠣᠳᠠᠲᠤ ᠠᠵᠢᠯᠯᠠᠭ᠎ᠠ ᠪᠠᠷ ᠢᠶᠠᠨ ᠡᠩᠬᠡ ᠲᠠᠶᠢᠪᠤᠩ ᠬᠥᠭᠵᠢᠯᠲᠡ ᠶᠢ ᠠᠬᠢᠭᠤᠯᠵᠤ᠂ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠠᠷᠠᠳᠴᠢᠯᠠᠯ | ᠡᠷᠬᠡ ᠴᠢᠯᠥᠭᠡ ᠶᠢ ᠰᠠᠨᠠᠭᠠᠴᠢᠯᠠᠵᠤ᠂ ᠦᠢᠮᠡᠭᠡᠨ ᠳᠡᠪᠵᠢᠶᠡᠨ ᠲᠠᠢ ᠬᠤᠪᠢᠰᠤᠯᠲᠠ ᠶᠢᠨ ᠬᠤᠭᠤᠴᠠᠭᠠᠨ ᠳᠤ ᠪᠠᠶᠢᠭ᠎ᠠ ᠤᠯᠠᠨ ᠤᠯᠤᠰ ᠤᠨ ᠬᠠᠷᠢᠯᠴᠠᠭ᠎ᠠ ᠳᠤ | ᠲᠣᠭᠲᠠᠭᠤᠨ ᠴᠢᠨᠠᠷ ᠪᠠ ᠢᠳᠡᠪᠬᠢ ᠬᠦᠴᠦᠨ ᠨᠡᠮᠡᠷᠢᠯᠡᠪᠡᠯ ᠵᠣᠬᠢᠨ᠎ᠠ ᠬᠡᠵᠤ ᠵᠢᠭᠠᠵᠤ ᠭᠠᠷᠭᠠᠪᠠ᠃ | | | | | | ᠰᠢ ᠶᠢᠨ ᠫᠢᠩ᠂ ᠪᠤᠰᠤᠳ ᠤᠯᠤᠰ ᠤᠨ ᠠᠮᠤᠷ ᠲᠦᠪᠰᠢᠨ ᠢ ᠦᠷᠡᠭᠳᠡᠭᠦᠯᠬᠦ ᠪᠠᠷ ᠦᠨ᠎ᠡ ᠲᠥᠯᠥᠪᠦᠷᠢ ᠪᠣᠯᠭᠠᠵᠤ᠂ ᠲᠤᠰ ᠪᠡᠶ᠎ᠡ ᠶᠢᠨ ᠠᠮᠤᠷ ᠲᠦᠪᠰᠢᠨ ᠢ | ᠥᠷᠥᠭᠡᠰᠦᠭᠡᠯ ᠢᠶᠠᠷ ᠬᠥᠭᠡᠭᠡᠴᠡᠯᠳᠦᠬᠦ ᠨᠢ ᠰᠢᠨ᠎ᠡ ᠵᠥᠷᠢᠴᠡᠯ ᠪᠠ ᠠᠶᠤᠯ ᠲᠦᠭᠰᠢᠭᠦᠷᠢ ᠶᠢ ᠪᠤᠢ ᠪᠣᠯᠭᠠᠬᠤ ᠪᠣᠯᠤᠨ᠎ᠠ ᠭᠡᠳᠡᠭ ᠢ ᠲᠡᠦᠬᠡ ᠪᠠ ᠪᠣᠳᠠᠲᠤ ᠠᠬᠤᠢ | ᠪᠢᠳᠡᠨ ᠳᠤ ᠬᠡᠯᠡᠵᠦ ᠥᠭᠴᠡᠢ᠃ ᠳᠡᠯᠡᠬᠡᠢ ᠳ᠋ᠠᠬᠢᠨ ᠤ ᠠᠮᠤᠷ ᠲᠦᠪᠰᠢᠨ ᠠᠶᠤᠯ ᠲᠦᠭᠰᠢᠭᠦᠷᠢ ᠪᠠᠨ ᠬᠠᠮᠳᠤᠳᠬᠠᠬᠤ ᠶᠢ ᠠᠬᠢᠭᠤᠯᠬᠤ ᠶᠢᠨ ᠲᠥᠯᠥᠭᠡ᠂ ᠪᠢ | ᠲᠦᠷᠦᠭᠦᠬᠡᠨ ᠪᠦᠬᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠳᠤᠷᠠᠳᠪᠠ᠃ ᠠᠯᠳᠠᠨ ᠲᠣᠭᠤᠰᠭ᠋᠎ᠠ ᠤᠯᠤᠰ ᠤᠳ ᠤᠯᠤᠰ ᠲᠦᠷᠦ ᠶᠢᠨ | ᠢᠲᠡᠭᠡᠯᠴᠡᠭᠡ ᠪᠣᠯᠤᠨ ᠠᠮᠤᠷ ᠲᠦᠪᠰᠢᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠡᠯᠡᠬᠡᠢ ᠶᠢᠨ ᠪᠠ ᠭᠠᠵᠠᠷ ᠣᠷᠣᠨ ᠤ ᠴᠢᠬᠤᠯᠠ ᠶᠡᠭᠡ ᠠᠰᠠᠭᠤᠳᠠᠯ ᠤᠨ ᠲᠤᠬᠠᠢ | ᠤᠯᠤᠯᠴᠠᠭ᠎ᠠ ᠵᠣᠬᠢᠴᠠᠭᠤᠯᠭ᠎ᠠ ᠪᠠᠨ ᠨᠢᠭᠲᠠᠷᠠᠭᠤᠯᠵᠤ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠤᠨ ᠠᠩᠬᠠᠷᠴᠤ ᠪᠠᠶᠢᠭ᠎ᠠ ᠴᠢᠬᠤᠯᠠ ᠶᠡᠭᠡ | ᠠᠰᠠᠭᠤᠳᠠᠯ ᠢ ᠬᠠᠷᠠᠭᠠᠯᠵᠠᠵᠤ᠂ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ ᠬᠠᠷᠢᠯᠴᠠᠨ ᠬᠦᠨᠳᠦᠳᠭᠡᠵᠦ᠂ ᠡᠵᠡᠷᠬᠡᠬᠦ ᠦᠵᠡᠯ ᠪᠣᠯᠤᠨ | ᠬᠦᠴᠦᠷᠬᠡᠭᠯᠡᠯ ᠤᠨ ᠤᠯᠤᠰ ᠲᠦᠷᠦ ᠶᠢ ᠡᠰᠡᠷᠭᠦᠴᠡᠵᠦ᠂ ᠬᠦᠢᠳᠡᠨ ᠲᠠᠶᠢᠨ ᠤ ᠰᠡᠳᠭᠢᠬᠦᠢ ᠪᠣᠯᠤᠨ ᠪᠦᠯᠦᠭᠯᠡᠯ ᠤᠨ ᠡᠰᠡᠷᠭᠦᠴᠡᠯᠳᠦᠯ ᠢ ᠡᠰᠡᠷᠭᠦᠴᠡᠵᠦ᠂ ᠬᠥᠮᠦᠨ | ᠲᠥᠷᠥᠯᠬᠢᠲᠡᠨ ᠤ ᠠᠮᠤᠷ ᠲᠦᠪᠰᠢᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠶ᠎ᠠ ᠬᠡᠵᠤ ᠴᠢᠬᠤᠯᠠᠴᠢᠯᠠᠪᠠ᠃ | ᠰᠢ ᠶᠢᠨ ᠫᠢᠩ᠂ ᠬᠥᠭᠵᠢᠯᠲᠡ ᠪᠣᠯ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠤᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ | ᠡᠭᠦᠷᠭᠡ ᠮᠥᠨ᠃ ᠣᠳᠣᠬᠠᠨ ᠤ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠳᠤ᠂ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠤᠨ | ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠯ ᠬᠠᠮᠲᠤᠷᠠᠯᠴᠠᠭ᠎ᠠ ᠶᠢ ᠴᠢᠩᠭᠠᠳᠬᠠᠬᠤ ᠨᠢ ᠥᠩᠭᠡᠷᠡᠭᠰᠡᠨ ᠤ ᠠᠯᠢ ᠴᠤ ᠦᠶ᠎ᠡ ᠠᠴᠠ ᠨᠡᠩ ᠴᠢᠬᠤᠯᠠ ᠶᠤᠮ᠃ | ᠲᠠᠪᠤᠨ ᠤᠯᠤᠰ ᠨᠡᠩ ᠤᠯᠠᠨ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠤᠨ ᠬᠥᠭᠵᠢᠵᠦ ᠪᠠᠶᠢᠭ᠎ᠠ ᠤᠯᠤᠰ ᠯᠤᠭ᠎ᠠ ᠶᠠᠷᠢᠯᠴᠠᠭ᠎ᠠ ᠰᠣᠯᠢᠯᠴᠠᠭ᠎ᠠ | ᠥᠷᠨᠢᠭᠦᠯᠵᠦ᠂ ᠣᠶᠢᠯᠠᠭᠠᠯᠴᠠᠭ᠎ᠠ ᠢᠲᠡᠭᠡᠯᠴᠡᠭᠡ ᠪᠠᠨ ᠨᠡᠮᠡᠭᠳᠡᠭᠦᠯᠵᠦ᠂ ᠬᠠᠮᠲᠤᠷᠠᠯᠴᠠᠭᠠᠨ ᠤ ᠬᠤᠯᠪᠣᠭᠠᠰᠤ ᠪᠠᠨ ᠴᠢᠩᠭᠠᠯᠠᠵᠤ᠂ ᠠᠰᠢᠭ ᠲᠤᠰᠠ ᠶᠢᠨ | ᠠᠭᠤᠰᠤᠯᠴᠠᠯ ᠢᠶᠠᠨ ᠭᠦᠨᠵᠡᠭᠡᠶᠢᠷᠡᠭᠦᠯᠵᠦ᠂ ᠬᠠᠮᠲᠤᠷᠠᠯᠴᠠᠭᠠᠨ ᠤ ᠠᠮᠵᠢᠯᠳᠠ ᠪᠦᠳᠤᠬᠡᠯ ᠢᠶᠠᠨ ᠶᠠᠪᠤᠬᠤ ᠲᠤᠳᠤᠮ ᠪᠤᠵᠠᠭᠠᠶᠢᠷᠠᠭᠤᠯᠵᠤ᠂ ᠲᠠᠪᠰᠢᠯᠳᠠ ᠶᠢᠨ ᠬᠦᠴᠦᠨ ᠢ | ᠶᠠᠪᠤᠬᠤ ᠲᠤᠳᠤᠮ ᠬᠦᠴᠦᠷᠬᠡᠭᠵᠢᠭᠦᠯᠵᠦ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠰᠠᠶᠢᠨ ᠰᠠᠶᠢᠬᠠᠨ ᠢᠷᠡᠭᠡᠳᠦᠢ ᠶᠢ | ᠲᠡᠷᠭᠡᠯᠰᠢᠭᠦᠯᠬᠦ ᠳᠤ ᠨᠡᠩ ᠶᠡᠭᠡ ᠬᠤᠪᠢ ᠨᠡᠮᠡᠷᠢ ᠦᠵᠡᠭᠦᠯᠰᠦᠭᠡᠢ ᠭᠡᠵᠦ ᠴᠢᠬᠤᠯᠠᠴᠢᠯᠠᠪᠠ᠃ | | | |