ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 18 ᠤ ᠴᠠᠬᠢᠯᠭᠠᠨ ᠮᠡᠳᠡᠭᠡ 5 ᠰᠠᠷ᠎ᠠ ᠶᠢᠨ 18 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ | ᠫᠢᠩ ᠳᠤᠮᠳᠠᠳᠤ ᠤᠯᠤᠰ ᠤᠨ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠵᠢᠴᠢ | ᠪᠦᠬᠦ ᠪᠥᠮᠪᠥᠷᠴᠡᠭ ᠤᠨ ᠠᠷᠠᠯᠵᠢᠶ᠎ᠠ ᠪᠡᠯᠡ ᠣᠷᠣᠭᠤᠯᠤᠯᠲᠠ ᠶᠢ ᠠᠬᠢᠭᠤᠯᠬᠤ ᠲᠦᠷᠦᠭᠦᠴᠦᠳ ᠤᠨ ᠬᠤᠷᠠᠯ ᠳᠡᠭᠡᠷ᠎ᠡ ᠸᠢᠳᠢᠣ᠋ ᠪᠠᠷ ᠪᠠᠶᠠᠷ ᠤᠨ ᠦᠭᠡ ᠬᠡᠯᠡᠪᠡ᠃ | ᠰᠢ ᠶᠢᠨ ᠫᠢᠩ᠂ ᠳᠤᠮᠳᠠᠳᠤ ᠤᠯᠤᠰ ᠤᠨ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠦᠪᠯᠡᠯ 1952 ᠣᠨ ᠳᠤ ᠪᠠᠶᠢᠭᠤᠯᠤᠭᠳᠠᠭᠰᠠᠨ ᠠᠴᠠ ᠨᠠᠭᠠᠰᠢ᠂ | ᠳᠤᠮᠳᠠᠳᠤ ᠤᠯᠤᠰ ᠲᠤ ᠰᠠᠭᠤᠷᠢᠯᠠᠨ᠂ ᠳᠡᠯᠡᠬᠡᠢ ᠳ᠋ᠠᠬᠢᠨ ᠳᠤ ᠬᠠᠨᠳᠤᠵᠤ᠂ ᠳᠤᠮᠳᠠᠳᠤ ᠭᠠᠳᠠᠭᠠᠳᠤ ᠶᠢᠨ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠰᠤ ᠶᠢ | ᠴᠢᠩᠭᠠᠷᠠᠭᠤᠯᠬᠤ᠂ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠶᠠᠪᠤᠯᠴᠠᠭ᠎ᠠ ᠶᠢ ᠠᠬᠢᠭᠤᠯᠬᠤ᠂ ᠤᠯᠤᠰ ᠤᠨ ᠬᠠᠷᠢᠯᠴᠠᠭᠠᠨ ᠤ ᠬᠥᠭᠵᠢᠯᠲᠡ ᠶᠢ | ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ᠃ ᠳᠤᠮᠳᠠᠳᠤ ᠤᠯᠤᠰ ᠤᠨ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠦᠪᠯᠡᠯ ᠤᠨ 70 ᠵᠢᠯ ᠤᠨ | ᠶᠠᠪᠤᠴᠠ ᠪᠣᠯ ᠳᠤᠮᠳᠠᠳᠤ ᠤᠯᠤᠰ ᠤᠨ ᠭᠠᠳᠠᠭᠠᠳᠤ ᠨᠡᠭᠡᠭᠡᠯᠲᠡ ᠪᠠᠨ ᠲᠠᠰᠤᠷᠠᠯᠲᠠ ᠥᠬᠡᠶ ᠥᠷᠭᠡᠳᠭᠡᠭᠰᠡᠨ ᠤ ᠴᠢᠬᠤᠯᠠ ᠢᠯᠡᠷᠡᠯ ᠮᠥᠨ᠂ ᠪᠠᠰᠠ ᠴᠤ ᠡᠯ᠎ᠡ | ᠤᠯᠤᠰ ᠤᠨ ᠠᠵᠤ ᠠᠬᠤᠶᠢᠯᠠᠯ ᠤᠨ ᠬᠥᠭᠵᠢᠯᠲᠡ ᠶᠢᠨ ᠠᠵᠠ ᠲᠣᠬᠢᠶᠠᠯ ᠢ ᠬᠠᠮᠲᠤ ᠪᠠᠷ ᠡᠳ᠋ᠯᠡᠬᠦ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠶᠢ | ᠪᠡᠶᠡᠯᠡᠭᠦᠯᠦᠭᠰᠡᠨ ᠴᠢᠬᠤᠯᠠ ᠭᠡᠷᠡᠴᠢᠯᠡᠯ ᠮᠥᠨ ᠬᠡᠵᠥ ᠵᠢᠭᠠᠵᠥ ᠭᠠᠷᠭᠠᠪᠠ᠃ | | | | | | ᠰᠢ ᠶᠢᠨ ᠫᠢᠩ᠂ ᠣᠳᠣᠬᠠᠨ ᠳᠤ ᠵᠠᠭᠤᠨ ᠵᠢᠯ ᠤᠨ ᠬᠤᠪᠢᠰᠤᠯᠲᠠ ᠪᠣᠯᠤᠨ ᠡᠷᠢᠨ ᠵᠠᠭᠤᠨ ᠤ ᠬᠢᠵᠢᠭ ᠤᠨ ᠪᠠᠶᠢᠳᠠᠯ ᠰᠣᠯᠪᠢᠴᠠᠵᠤ᠂ ᠠᠵᠤ ᠠᠬᠤᠢ ᠶᠢᠨ | ᠳᠡᠯᠡᠬᠡᠶᠢᠵᠢᠯᠲᠡ ᠰᠥᠷᠭᠡᠦ ᠤᠷᠤᠰᠬᠠᠯ ᠳᠤ ᠤᠴᠠᠷᠠᠵᠤ᠂ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠃ ᠡᠯ᠎ᠡ | ᠤᠯᠤᠰ ᠤᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠬᠢᠨ ᠤ ᠡᠩᠬᠡ ᠲᠠᠶᠢᠪᠤᠩ ᠬᠥᠭᠵᠢᠯᠲᠡ ᠶᠢᠨ ᠲᠤᠬᠠᠢ ᠬᠦᠰᠡᠯ ᠡᠷᠡᠮᠡᠯᠵᠡᠯ ᠨᠢ ᠨᠡᠩ ᠲᠤᠯᠭᠠᠮ ᠪᠤᠯᠵᠤ᠂ | ᠲᠥᠪ ᠭᠤᠣᠯᠴᠢ ᠰᠢᠳᠤᠷᠭᠤ ᠶᠣᠰᠣᠨ ᠤ ᠲᠤᠬᠠᠢ ᠬᠦᠰᠡᠯ ᠱᠠᠭᠠᠷᠳᠠᠯᠭ᠎ᠠ ᠨᠢ ᠨᠡᠩ ᠴᠢᠩᠭ᠎ᠠ ᠪᠤᠯᠵᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠬᠦ ᠲᠤᠬᠠᠢ | ᠬᠥᠭᠡᠭᠡᠴᠡᠯᠳᠦᠯ ᠨᠢ ᠨᠡᠩ ᠲᠤᠯᠭᠠᠮ ᠪᠣᠯᠪᠠ ᠬᠡᠵᠥ ᠴᠢᠬᠤᠯᠠᠴᠢᠯᠠᠪᠠ᠃ ᠰᠢ ᠶᠢᠨ ᠫᠢᠩ 4 ᠲᠠᠯ᠎ᠠ ᠶᠢᠨ ᠰᠠᠨᠠᠭᠤᠯᠭ᠎ᠠ ᠳᠤᠷᠠᠳᠴᠠᠢ᠄ | ᠨᠢᠭᠡᠳᠦᠭᠡᠷ ᠲᠤ᠂ ᠬᠦᠴᠦᠨ ᠢᠶᠠᠨ ᠲᠥᠪᠯᠡᠷᠡᠭᠦᠯᠦᠨ ᠬᠢᠵᠢᠭ ᠤᠨ ᠪᠠᠶᠢᠳᠠᠯ ᠢ ᠢᠯᠠᠨ ᠲᠠᠪᠠᠭ᠋ᠤ ᠬᠡᠷᠡᠭᠳᠡᠢ᠃ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ | ᠬᠢᠵᠢᠭ ᠤᠨ ᠪᠠᠶᠢᠳᠠᠯ ᠲᠠᠬᠢᠨ ᠳᠠᠪᠲᠠᠨ ᠰᠠᠭᠠᠳᠠᠭᠠᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ | ᠬᠦᠨᠳᠦ ᠨᠣᠴᠢᠲᠠᠢ ᠰᠦᠷᠳᠡᠭᠦᠯᠦᠯ ᠤᠴᠠᠷᠠᠭᠤᠯᠵᠤ᠂ ᠳᠡᠯᠡᠬᠡᠢ ᠶᠢᠨ ᠠᠵᠤ ᠠᠬᠤᠢ ᠶᠢᠨ ᠬᠥᠭᠵᠢᠯᠲᠡ ᠳᠤ ᠬᠦᠨᠳᠦ ᠨᠣᠴᠢᠲᠠᠢ ᠨᠥᠯᠥᠭᠡ ᠦᠵᠡᠭᠦᠯᠪᠡ᠃ ᠠᠷᠠᠳ | ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠸᠠᠺᠼᠢᠨ ᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ ᠬᠤᠪᠢᠶᠠᠷᠢᠯᠠᠬᠤ ᠤᠯᠠᠨ | ᠤᠯᠤᠰ ᠤᠨ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ᠂ ᠪᠦᠬᠦ ᠪᠥᠮᠪᠥᠷᠴᠡᠭ ᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠠᠰᠠᠯᠲᠠ ᠶᠢ ᠴᠢᠩᠭᠠᠳᠬᠠᠵᠤ᠂ | ᠬᠢᠵᠢᠭ ᠲᠠᠢ ᠲᠡᠮᠡᠴᠡᠬᠦ ᠤᠯᠠᠨ ᠳᠠᠪᠬᠤᠷ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠴᠣᠭᠴᠠᠯᠠᠵᠤ᠂ ᠬᠥᠮᠦᠨ ᠲᠥᠷᠥᠯᠬᠢᠲᠡᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠬᠡᠷᠡᠭᠳᠡᠢ᠃ | ᠬᠤᠶᠠᠳᠤᠭᠠᠷ ᠲᠤ᠂ ᠠᠷᠠᠯᠵᠢᠶᠠᠨ ᠤ ᠪᠡᠯᠡ ᠣᠷᠣᠭᠤᠯᠤᠯᠲᠠ ᠶᠢ ᠰᠡᠷᠭᠦᠭᠡᠬᠦ ᠬᠡᠷᠡᠭᠳᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ | ᠠᠬᠤᠢ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠤᠯᠤᠰ ᠤᠨ ᠬᠤᠷᠸ᠎ᠠ ᠠᠵᠤ ᠠᠬᠤᠢ ᠶᠢᠨ ᠲᠦᠷᠦ ᠶᠢᠨ ᠪᠤᠳᠤᠯᠭ᠎ᠠ ᠶᠢᠨ ᠵᠣᠬᠢᠴᠠᠭᠤᠯᠭ᠎ᠠ ᠶᠢ | ᠴᠢᠩᠭᠠᠳᠬᠠᠬᠤ ᠬᠡᠷᠡᠭᠳᠡᠢ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠢ ᠪᠦᠬᠦ | ᠲᠠᠯ᠎ᠠ ᠪᠠᠷ ᠠᠬᠢᠭᠤᠯᠵᠤ᠂ ᠳᠡᠯᠡᠬᠡᠢ ᠶᠢᠨ ᠠᠵᠤ ᠠᠬᠤᠢ ᠶᠢᠨ ᠬᠥᠳᠡᠯᠭᠡᠬᠦ ᠬᠦᠴᠦᠨ ᠤ ᠰᠣᠯᠢᠭᠳᠠᠯ᠂ ᠠᠷᠭ᠎ᠠ ᠬᠡᠯᠪᠡᠷᠢ ᠶᠢᠨ ᠬᠤᠪᠢᠷᠠᠯᠲᠠ᠂ ᠪᠦᠲᠦᠴᠡ ᠶᠢᠨ | ᠲᠤᠬᠢᠷᠠᠭᠤᠯᠤᠯᠳᠠ ᠶᠢ ᠠᠬᠢᠭᠤᠯᠵᠤ᠂ ᠳᠡᠯᠡᠬᠡᠢ ᠶᠢᠨ ᠠᠵᠤ ᠠᠬᠤᠢ ᠶᠢ ᠤᠷᠳᠤ ᠬᠤᠭᠤᠴᠠᠭᠠᠨ ᠤ ᠡᠷᠡᠭᠦᠯ ᠲᠣᠭᠲᠠᠭᠤᠨ ᠬᠥᠭᠵᠢᠯᠲᠡ ᠶᠢᠨ ᠵᠠᠮ ᠳᠤ ᠣᠷᠣᠭᠤᠯᠬᠤ | ᠭᠡᠷᠡᠭᠳᠠᠢ᠃ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠪᠠᠷ ᠭᠤᠣᠯ ᠪᠣᠯᠭᠠᠭᠰᠠᠨ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠮᠵᠢ ᠶᠢ ᠳᠡᠮᠵᠢᠵᠦ᠂ ᠪᠦᠬᠦ | ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠵᠤ᠂ ᠬᠠᠮᠲᠤᠷᠠᠯᠴᠠᠭᠠᠨ ᠤ | ᠪᠣᠭᠤᠷᠰᠤᠭ ᠢᠶᠠᠨ ᠪᠤᠵᠠᠭᠠᠶᠢᠷᠠᠭᠤᠯᠵᠤ᠂ ᠬᠥᠭᠵᠢᠯᠲᠡ ᠶᠢᠨ ᠦᠷ᠎ᠡ ᠪᠦᠲᠦᠭᠡᠯ ᠢ ᠡᠯ᠎ᠡ ᠤᠯᠤᠰ ᠤᠨ ᠠᠷᠠᠳ ᠲᠦᠮᠡᠨ ᠳᠤ ᠨᠡᠩ ᠰᠠᠶᠢᠨ ᠬᠦᠷᠳᠡᠭᠡᠬᠦ ᠬᠡᠷᠡᠭᠳᠡᠢ᠃ | ᠭᠤᠷᠪᠠᠳᠤᠭᠠᠷ ᠲᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠬᠤ ᠬᠡᠷᠡᠭᠳᠡᠢ᠃ ᠰᠢᠨ᠎ᠡ ᠶᠢ ᠡᠭᠦᠳᠬᠦ ᠨᠡᠮᠡᠭᠳᠡᠯ ᠤᠨ ᠲᠠᠯᠳᠠ ᠬᠦᠴᠦᠨ ᠢ | ᠠᠭᠤᠳᠠᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠬᠠᠮᠲᠤ ᠪᠠᠷ ᠴᠢᠩᠭᠠᠳᠬᠠᠵᠤ᠂ ᠭᠦᠢᠴᠡᠳ ᠤᠷᠤᠯᠴᠠᠯᠭ᠎ᠠ᠂ ᠬᠠᠮᠲᠤ ᠶᠢᠨ ᠲᠠᠨᠢᠯᠲᠠ ᠶᠢ | ᠨᠢᠭᠲᠠᠷᠠᠭᠤᠯᠤᠭᠰᠠᠨ ᠰᠠᠭᠤᠷᠢᠨ ᠳᠡᠭᠡᠷ᠎ᠡ ᠲᠦᠷᠢᠮ ᠲᠣᠭᠲᠠᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠳᠤ ᠨᠡᠭᠡᠭᠡᠯᠲᠡᠲᠡᠢ᠂ ᠡᠷᠬᠡ ᠲᠡᠭᠰᠢ᠂ | ᠲᠥᠪ ᠭᠤᠣᠯᠴᠢ᠂ ᠭᠠᠳᠠᠭᠤᠷᠴᠢᠯᠠᠯ ᠦᠭᠡᠢ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠰᠢᠨ᠎ᠡ ᠶᠢ ᠡᠭᠦᠳᠬᠦ ᠰᠣᠯᠢᠯᠴᠠᠭ᠎ᠠ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠤᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠢᠨ᠎ᠡ ᠶᠢ ᠡᠭᠦᠳᠦᠭᠰᠡᠨ | ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠮᠡᠳᠡᠯᠭᠡ᠂ ᠮᠡᠷᠭᠡᠵᠢᠯ᠂ ᠴᠢᠳᠠᠪᠤᠷᠢᠲᠠᠨ ᠵᠡᠷᠭᠡ ᠰᠢᠨ᠎ᠡ ᠶᠢ ᠡᠭᠦᠳᠬᠦ ᠡᠯᠧᠮᠧᠨ᠋ᠲ ᠤᠨ ᠰᠢᠯᠵᠢᠯᠲᠡ ᠶᠢ | ᠬᠢᠵᠠᠭᠠᠷᠯᠠᠵᠤ ᠪᠠᠶᠢᠭ᠎ᠠ ᠪᠠᠬᠢᠯᠡᠯᠲᠡ ᠶᠢ ᠴᠢᠷᠮᠠᠶᠢᠨ ᠡᠪᠳᠡᠬᠦ ᠬᠡᠷᠡᠭᠲᠡᠢ᠃ | ᠳᠥᠷᠪᠡᠳᠦᠭᠡᠷ ᠲᠤ᠂ ᠪᠦᠬᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠬᠦ ᠬᠡᠷᠡᠭᠳᠡᠢ᠃ ᠵᠢᠩᠬᠢᠨᠢ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠬᠠᠮᠲᠤ ᠪᠠᠷ | ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠪᠦᠬᠦ ᠪᠥᠮᠪᠥᠷᠴᠡᠭ ᠤᠨ ᠵᠠᠰᠠᠯᠲᠠ ᠶᠢᠨ ᠦᠵᠡᠯᠲᠡ ᠶᠢ ᠦᠢᠯᠡᠳᠦᠯᠭᠡᠵᠢᠭᠦᠯᠵᠦ᠂ ᠪᠦᠬᠦ ᠪᠥᠮᠪᠥᠷᠴᠡᠭ ᠤᠨ | ᠡᠬᠢ ᠪᠠᠶᠠᠯᠢᠭ ᠢ ᠲᠠᠶᠢᠴᠢᠯᠠᠨ᠂ ᠪᠦᠬᠦ ᠪᠥᠮᠪᠥᠷᠴᠡᠭ ᠤᠨ ᠥᠷᠢᠰᠥᠯᠳᠦᠭᠡᠨ ᠢ ᠠᠷᠭᠠᠴᠠᠭᠠᠵᠤ᠂ ᠪᠦᠬᠦ ᠪᠥᠮᠪᠥᠷᠴᠡᠭ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃ | ᠶᠠᠷᠢᠯᠴᠠᠭ᠎ᠠ ᠬᠢᠬᠦ ᠠᠴᠠ ᠪᠢᠰᠢ ᠡᠰᠡᠷᠭᠦᠴᠡᠯᠳᠦᠬᠦ ᠦᠭᠡᠢ᠂ ᠬᠡᠷᠡᠮ ᠢ ᠡᠪᠳᠡᠬᠦ ᠠᠴᠠ ᠪᠢᠰᠢ ᠬᠡᠷᠡᠮ ᠪᠤᠰᠬᠠᠬᠤ ᠦᠭᠡᠢ᠂ ᠠᠭᠤᠰᠤᠯᠴᠠᠬᠤ ᠠᠴᠠ ᠪᠢᠰᠢ ᠬᠠᠷᠢᠯᠴᠠᠭ᠎ᠠ ᠪᠠᠨ | ᠲᠠᠰᠤᠯᠬᠤ ᠦᠭᠡᠢ᠂ ᠪᠠᠭᠲᠠᠭᠠᠮᠵᠢᠲᠠᠢ ᠠᠴᠠ ᠪᠢᠰᠢ ᠪᠤᠰᠤᠳ ᠢ ᠭᠠᠳᠠᠭᠤᠷᠴᠢᠯᠠᠬᠤ ᠦᠭᠡᠢ ᠪᠠᠶᠢᠬᠤ ᠶᠢ ᠪᠠᠷᠢᠮᠲᠠᠯᠠᠵᠤ᠂ ᠲᠥᠪ ᠭᠤᠣᠯᠴᠢ ᠰᠢᠳᠤᠷᠭᠤ ᠶᠣᠰᠣ ᠪᠠᠷ | ᠣᠶᠢᠯᠠᠭᠠᠭᠳᠠᠬᠤᠨ ᠪᠣᠯᠭᠠᠵᠤ ᠪᠦᠬᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠬᠤᠪᠢᠰᠤᠯᠲᠠ ᠶᠢ ᠬᠦᠳᠦᠯᠦᠨ ᠳᠠᠭᠠᠭᠤᠯᠬᠤ ᠬᠡᠷᠡᠭᠲᠡᠢ᠃ | | | | | | ᠰᠢ ᠶᠢᠨ ᠫᠢᠩ᠂ ᠳᠤᠮᠳᠠᠳᠤ ᠤᠯᠤᠰ ᠤᠨ ᠥᠨᠳᠥᠷ ᠲᠦᠪᠰᠢᠨ ᠪᠦᠬᠦᠢ ᠨᠡᠬᠡᠬᠡᠯᠳᠡ ᠪᠠᠨ ᠥᠷᠭᠡᠳᠭᠡᠬᠦ ᠵᠣᠷᠢᠭ ᠬᠤᠪᠢᠷᠠᠬᠤ ᠦᠭᠡᠢ᠂ ᠳᠤᠮᠳᠠᠳᠤ ᠤᠯᠤᠰ ᠤᠨ | ᠨᠡᠬᠡᠬᠡᠯᠳᠡ ᠬᠢᠬᠦ ᠡᠭᠦᠳᠡ ᠶᠠᠪᠤᠬᠤ ᠳᠤᠳᠤᠮ ᠦᠷᠭᠡᠳᠬᠦ ᠪᠣᠯᠤᠨ᠎ᠠ᠃ ᠳᠤᠮᠳᠠᠳᠤ ᠤᠯᠤᠰ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠶᠢᠵᠢᠭᠰᠡᠨ ᠬᠤᠳᠠᠯᠳᠤᠭ᠎ᠠ | ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠪᠤᠢ ᠪᠣᠯᠭᠠᠵᠤ᠂ ︽ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ | ᠬᠡᠯᠡᠯᠴᠡᠭᠡᠷ︾ ᠢ ᠥᠨᠳᠥᠷ ᠲᠦᠪᠰᠢᠨ ᠢᠶᠠᠷ ᠬᠡᠷᠡᠭᠵᠢᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠳᠦᠭᠡᠨ ᠪᠠᠶᠢᠭᠤᠯᠬᠤ ᠶᠢ | ᠠᠬᠢᠭᠤᠯᠵᠤ᠂ ᠪᠦᠬᠦ ᠪᠥᠮᠪᠥᠷᠴᠡᠭ ᠤᠨ ᠦᠢᠯᠡᠳᠪᠦᠷᠢ ᠬᠤᠳᠠᠯᠳᠤᠭᠠᠨ ᠤ ᠡᠲᠡᠭᠡᠳ ᠲᠤ ᠨᠡᠩ ᠤᠯᠠᠨ ᠵᠠᠬ᠎ᠠ ᠳᠡᠯᠭᠡᠭᠦᠷ ᠤᠨ ᠠᠵᠠ ᠲᠣᠬᠢᠶᠠᠯ᠂ ᠪᠡᠯᠡ | ᠣᠷᠣᠭᠤᠯᠤᠯᠲᠠ ᠶᠢᠨ ᠠᠵᠠ ᠲᠣᠬᠢᠶᠠᠯ᠂ ᠨᠡᠮᠡᠭᠳᠡᠯ ᠤᠨ ᠠᠵᠠ ᠲᠣᠬᠢᠶᠠᠯ ᠬᠠᠩᠭᠠᠨ᠎ᠠ᠃ ᠪᠢᠳᠡ ᠭᠠᠷ ᠬᠤᠯᠪᠣᠯᠴᠠᠨ᠂ ᠡᠩᠬᠡ ᠲᠠᠶᠢᠪᠤᠩ᠂ ᠬᠥᠭᠵᠢᠯᠲᠡ᠂ | ᠬᠠᠮᠲᠤᠷᠠᠯᠴᠠᠭ᠎ᠠ᠂ ᠬᠠᠮᠲᠤ ᠪᠠᠷ ᠠᠰᠢᠭ ᠬᠦᠷᠳᠡᠬᠦ ᠶᠢ ᠪᠠᠷᠢᠮᠲᠠᠯᠠᠵᠤ᠂ ᠣᠳᠣᠬᠠᠨ ᠤ ᠳᠡᠯᠡᠬᠡᠢ ᠶᠢᠨ ᠠᠵᠤ ᠠᠬᠤᠢ ᠵᠢᠴᠢ ᠤᠯᠠᠨ ᠤᠯᠤᠰ ᠤᠨ ᠠᠷᠠᠯᠵᠢᠶ᠎ᠠ ᠪᠠ ᠪᠡᠯᠡ | ᠣᠷᠣᠭᠤᠯᠤᠯᠲᠠ ᠳᠤ ᠲᠤᠯᠭᠠᠷᠠᠵᠤ ᠪᠠᠶᠢᠭ᠎ᠠ ᠠᠰᠠᠭᠤᠳᠠᠯ ᠢ ᠬᠠᠮᠲᠤ ᠪᠠᠷ ᠰᠢᠢᠳᠪᠦᠷᠢᠯᠡᠵᠦ᠂ ᠨᠡᠩ ᠰᠠᠶᠢᠨ ᠰᠠᠶᠢᠬᠠᠨ ᠢᠷᠡᠭᠡᠳᠦᠢ ᠵᠦᠭ ᠤᠷᠤᠭᠰᠢᠯᠠᠶ᠎ᠠ ᠭᠡᠵᠦ | ᠴᠢᠬᠤᠯᠠᠴᠢᠯᠠᠪᠠ᠃ | |