ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠠᠵᠤ ᠠᠬᠤᠢ ᠶᠢ ᠲᠣᠭᠲᠠᠪᠤᠷᠢᠵᠢᠭᠤᠯᠬᠤ | ᠬᠠᠮ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠪᠠᠶᠢᠷᠢᠯᠠᠭᠤᠯᠵᠤ᠂ ᠠᠵᠤ ᠠᠬᠤᠢ ᠶᠢᠨ ᠬᠡᠪ ᠤᠨ ᠵᠠᠮ ᠳᠤ ᠪᠠᠨ ᠣᠷᠣᠬᠤ ᠶᠢ ᠴᠢᠷᠮᠠᠶᠢᠨ ᠠᠬᠢᠭᠤᠯᠵᠤ᠂ ᠵᠦᠢ | ᠵᠣᠬᠢᠰᠲᠠᠢ ᠣᠷᠣᠨ ᠵᠠᠢ ᠳᠤ ᠠᠵᠢᠯᠯᠠᠭᠤᠯᠬᠤ ᠶᠢ ᠦᠨᠡᠨ ᠬᠦ ᠪᠠᠲᠤᠯᠠᠪᠠ᠃ | ᠰᠢᠨᠬᠤᠸᠠ ᠬᠤᠷᠢᠶᠠᠨ ᠤ ᠪᠡᠭᠡᠵᠢᠩ ᠤᠨ 5 ᠳ᠋ᠤᠭᠠᠷ ᠰᠠᠷ᠎ᠠ ᠶᠢᠨ 23 ᠤ ᠡᠳᠦᠷ ᠤᠨ ᠴᠠᠬᠢᠯᠭᠠᠨ ᠮᠡᠳᠡᠭᠡ ᠣᠶᠢᠷ᠎ᠠ ᠳᠤ᠂ ᠲᠦᠷᠦ ᠶᠢᠨ ᠶᠠᠪᠤᠳᠠᠯ ᠤᠨ | ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠠᠵᠤ | ᠠᠬᠤᠢ ᠶᠢ ᠲᠣᠭᠲᠠᠪᠤᠷᠢᠵᠢᠭᠤᠯᠬᠤ ᠬᠠᠮ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠪᠠᠶᠢᠷᠢᠯᠠᠭᠤᠯᠵᠤ᠂ ᠠᠵᠤ ᠠᠬᠤᠢ ᠶᠢᠨ ᠬᠡᠪ ᠤᠨ ᠵᠠᠮ ᠳᠤ ᠪᠠᠨ ᠣᠷᠣᠬᠤ ᠶᠢ | ᠴᠢᠷᠮᠠᠶᠢᠨ ᠠᠬᠢᠭᠤᠯᠵᠤ᠂ ᠵᠦᠢ ᠵᠣᠬᠢᠰᠲᠠᠢ ᠣᠷᠣᠨ ᠵᠠᠢ ᠳᠤ ᠠᠵᠢᠯᠯᠠᠭᠤᠯᠬᠤ ᠶᠢ ᠦᠨᠡᠨ ᠬᠦ ᠪᠠᠲᠤᠯᠠᠪᠠ᠃ | ᠬᠤᠷᠠᠯ ᠠᠴᠠ ᠵᠢᠭᠠᠬᠤ ᠳᠤ ᠪᠠᠨ᠂ ᠣᠳᠣᠬᠠᠨ ᠳᠤ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠦᠷᠭᠦᠯᠵᠢᠯᠡᠨ ᠨᠡᠮᠡᠭᠳᠡᠵᠦ᠂ ᠮᠠᠰᠢ ᠤᠯᠠᠨ ᠵᠠᠬ᠎ᠠ | ᠳᠡᠯᠭᠡᠭᠦᠷ ᠤᠨ ᠭᠤᠣᠯ ᠴᠣᠭᠴᠠ ᠲᠦᠢᠯ ᠤᠨ ᠬᠦᠴᠢᠷᠳᠡᠯ ᠲᠠᠢ ᠪᠠᠶᠢᠨ᠎ᠠ᠃ ᠬᠥᠭᠵᠢᠯᠲᠡ ᠪᠣᠯ ᠮᠠᠨ ᠤ ᠤᠯᠤᠰ ᠤᠨ ᠠᠯᠢᠪᠠ ᠠᠰᠠᠭᠤᠳᠠᠯ ᠢ ᠰᠢᠢᠳᠪᠦᠷᠢᠯᠡᠬᠦ ᠶᠢᠨ | ᠰᠠᠭᠤᠷᠢ ᠪᠠ ᠵᠠᠩᠭᠢᠯᠠᠭ᠎ᠠ ᠮᠥᠨ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠢᠲᠡᠭᠡᠯ | ᠵᠣᠷᠢᠭ ᠢᠶᠠᠨ ᠪᠠᠲᠤᠳᠬᠠᠨ᠂ ᠡᠷᠡᠰ ᠰᠢᠭᠤᠷᠬᠠᠢ ᠪᠠᠷ ᠠᠷᠭᠠᠴᠠᠭᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠶ ᠪᠠᠷ ᠨᠢᠭᠡᠳᠦᠯᠲᠡᠢ ᠲᠥᠯᠥᠪᠯᠡᠵᠦ᠂ ᠲᠥᠪ ᠤᠨ ᠠᠵᠤ | ᠠᠬᠤᠢ ᠶᠢᠨ ᠠᠵᠢᠯ ᠤᠨ ᠬᠤᠷᠠᠯ ᠪᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠲᠣᠭᠲᠠᠭᠠᠭᠰᠠᠨ ᠲᠦᠷᠦ ᠶᠢᠨ ᠪᠣᠳᠣᠯᠭ᠎ᠠ ᠶᠢ ᠲᠦᠷᠭᠡᠪᠴᠢᠯᠡᠨ | ᠨᠠᠶᠢᠳᠠᠪᠤᠷᠢᠵᠢᠭᠤᠯᠬᠤ ᠶᠢᠨ ᠬᠠᠮᠲᠤ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠶᠡᠷᠦᠩᠬᠡᠢ ᠰᠡᠳᠬᠢᠴᠡ ᠪᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠣᠰᠣᠭᠠᠷ | ᠴᠢᠭᠯᠡᠯᠲᠦ ᠴᠢᠨᠠᠷ ᠢᠶᠠᠷ ᠴᠢᠩᠭ᠎ᠠ᠂ ᠬᠦᠴᠦᠲᠡᠢ ᠪᠥᠭᠡᠳ ᠪᠦᠲᠦᠮᠵᠢᠲᠡᠶ ᠣᠷᠣᠨ ᠵᠠᠢ ᠶᠢᠨ ᠲᠣᠬᠢᠷᠠᠭᠤᠯᠤᠯ ᠡᠵᠡᠮᠳᠡᠯ ᠤᠨ ᠠᠷᠭ᠎ᠠ ᠬᠡᠮᠵᠢᠶ᠎ᠡ ᠨᠦᠭᠦᠳ ᠢ ᠠᠪᠴᠤ᠂ ᠠᠵᠤ | ᠠᠬᠤᠢ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠤᠨ᠎ᠠ ᠭᠡᠵᠡᠢ᠃ | ᠬᠤᠷᠠᠯ ᠠᠴᠠ ᠲᠣᠭᠲᠠᠭᠠᠬᠤ ᠳᠤ ᠪᠠᠨ᠂ 6 ᠲᠠᠯ᠎ᠠ ᠶᠢᠨ 33 ᠵᠦᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠂ ᠡᠭᠦᠨ ᠳᠤ ᠭᠤᠣᠯᠳᠠᠭᠤ᠄ ᠨᠢᠭᠡ ᠳᠤ᠂ | ᠡᠳ᠋ ᠤᠨ ᠵᠠᠰᠠᠭ ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠭᠲᠠᠭᠤᠨ ᠪᠠᠶᠢᠯᠭᠠᠬᠤ | ᠪᠠ ᠠᠵᠢᠯ ᠣᠯᠭᠤᠯᠲᠠ ᠶᠢ ᠬᠦᠴᠦᠯᠡᠨ ᠲᠣᠭᠲᠠᠪᠤᠷᠢᠵᠢᠭᠤᠯᠤᠨ᠎ᠠ᠃ ᠨᠡᠩ ᠤᠯᠠᠨ ᠠᠵᠢᠯ ᠲᠦᠷᠦᠯ ᠳᠤ ᠦᠯᠡᠳᠡᠭᠡᠯ ᠪᠠ ᠨᠡᠮᠡᠭᠳᠡᠯ ᠤᠨ ᠬᠡᠮᠵᠢᠶ᠎ᠡ ᠶᠢ ᠪᠦᠬᠦ | ᠲᠤᠭ᠎ᠠ ᠪᠠᠷ ᠨᠢ ᠰᠠᠭᠤᠳᠬᠠᠨ ᠭᠠᠶᠢᠯᠢ ᠪᠤᠴᠠᠭᠠᠬᠤ ᠶᠢ ᠬᠡᠷᠡᠭᠵᠢᠭᠦᠯᠵᠦ᠂ 1400 ᠭᠠᠷᠤᠢ ᠳ᠋ᠦᠩᠰᠢᠭᠤᠷ ᠲᠥᠭᠦᠷᠢᠭ ᠤᠨ ᠭᠠᠶᠢᠯᠢ ᠪᠤᠴᠠᠭᠠᠬᠤ ᠬᠡᠮᠵᠢᠶ᠎ᠡ ᠶᠢ | ᠨᠡᠮᠡᠭᠳᠡᠭᠦᠯᠵᠦ᠂ ᠪᠦᠬᠦ ᠵᠢᠯ ᠤᠨ ᠭᠠᠶᠢᠯᠢ ᠪᠤᠴᠠᠭᠠᠬᠤ ᠶᠡᠷᠦᠩᠬᠡᠢ ᠬᠡᠮᠵᠢᠶ᠎ᠡ ᠶᠢ 2.64 ᠲᠦᠮᠡᠨ ᠳ᠋ᠦᠩᠰᠢᠭᠤᠷ ᠲᠥᠭᠦᠷᠢᠭ ᠲᠤ ᠬᠦᠷᠭᠡᠨ᠎ᠡ᠃ ᠳᠤᠮᠳᠠ ᠵᠢᠵᠢᠭ ᠪᠢᠴᠢᠯ | ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠ 5 ᠣᠨᠴᠠ ᠬᠦᠴᠢᠷᠳᠡᠯᠲᠡᠢ ᠠᠵᠢᠯ ᠲᠥᠷᠥᠯ ᠤᠨ ᠨᠠᠰᠤᠵᠢᠯ ᠤᠨ ᠠᠰᠠᠷᠠᠮᠵᠢ ᠶᠢᠨ | ᠰᠦᠢᠳᠬᠡᠯ ᠵᠡᠷᠭᠡ ᠭᠤᠷᠪᠠᠨ ᠵᠦᠢᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠵᠢᠯ ᠤᠨ ᠡᠴᠦᠰ | ᠪᠣᠯᠲᠠᠯ᠎ᠠ ᠤᠷᠲᠤᠳᠬᠠᠬᠤ ᠶᠢᠨ ᠬᠠᠮᠲᠤ ᠪᠤᠰᠤᠳ ᠣᠨᠴᠠ ᠬᠦᠴᠢᠷᠳᠡᠯᠲᠡᠢ ᠠᠵᠢᠯ ᠲᠥᠷᠥᠯ ᠳᠤ ᠬᠦᠷᠲᠡᠯ᠎ᠡ ᠥᠷᠭᠡᠳᠬᠡᠵᠦ᠂ ᠵᠢᠱᠢᠯᠲᠡ ᠪᠠᠷ ᠡᠨᠡ ᠵᠢᠯ 3200 | ᠳ᠋ᠦᠩᠰᠢᠭᠤᠷ ᠲᠥᠭᠦᠷᠢᠭ ᠬᠤᠶᠢᠰᠢᠯᠠᠭᠤᠯᠤᠨ ᠲᠤᠰᠢᠶᠠᠨ᠎ᠠ᠃ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠦᠯᠡᠳᠡᠭᠡᠬᠦ ᠪᠣᠯᠪᠠᠰᠤᠷᠠᠯ ᠤᠨ ᠨᠥᠬᠦᠪᠦᠷᠢ ᠶᠢ ᠪᠦᠬᠦ | ᠳᠠᠭᠠᠳᠬᠠᠯ ᠳᠤ ᠣᠷᠣᠯᠴᠠᠭᠰᠠᠨ ᠬᠦᠴᠢᠷᠳᠡᠯᠲᠡᠢ ᠠᠵᠤ ᠠᠬᠤᠶᠢᠯᠠᠯ ᠳᠤ ᠬᠦᠷᠲᠡᠯ᠎ᠡ ᠥᠷᠭᠡᠳᠬᠡᠨ᠎ᠡ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠠᠴᠠ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠢ ᠰᠢᠩᠭᠡᠬᠡᠨ ᠠᠪᠤᠭᠰᠠᠨ ᠪᠣᠯ᠂ ᠠᠵᠢᠯ ᠤᠨ ᠪᠠᠶᠢᠷᠢ ᠶᠢ ᠥᠷᠭᠡᠳᠬᠡᠬᠦ ᠨᠥᠬᠦᠪᠦᠷᠢ ᠵᠡᠷᠭᠡ ᠳᠡᠮᠵᠢᠯᠭᠡ ᠶᠢ ᠨᠡᠮᠡᠭᠳᠡᠭᠦᠯᠦᠨ᠎ᠡ᠃ ᠡᠯ᠎ᠡ | ᠭᠠᠵᠠᠷ ᠤᠨ ᠬᠢᠨ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠤᠰᠤ ᠴᠠᠬᠢᠯᠭᠠᠨ ᠤ ᠰᠦᠢᠳᠬᠡᠯ᠂ ᠭᠡᠷ ᠤᠨ | ᠲᠦᠷᠢᠶᠡᠰᠦ ᠵᠡᠷᠭᠡ ᠲᠠᠯ᠎ᠠ ᠶᠢᠨ ᠳᠡᠮᠵᠢᠯᠭᠡ ᠶᠢ ᠴᠢᠩᠭᠠᠳᠬᠠᠬᠤ ᠬᠡᠷᠡᠭᠲᠡᠢ᠃ ᠡᠨᠡ ᠵᠢᠯ ᠤᠨ ᠲᠤᠰᠬᠠᠢ ᠵᠦᠢᠯ ᠤᠨ ᠥᠷᠢ ᠥᠭᠴᠡᠭᠡ ᠶᠢ 8 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠪᠣᠯᠲᠠᠯ᠎ᠠ ᠦᠨᠳᠦᠰᠦᠨ ᠳᠤ ᠪᠠᠨ ᠬᠡᠷᠡᠭᠯᠡᠨ ᠭᠦᠢᠴᠡᠳᠬᠡᠵᠦ᠂ ᠳᠡᠮᠵᠢᠯᠭᠡ ᠶᠢᠨ ᠬᠡᠪᠴᠢᠶ᠎ᠡ ᠶᠢ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ | ᠵᠡᠷᠭᠡ ᠳᠤ ᠬᠦᠷᠲᠡᠯ᠎ᠡ ᠥᠷᠭᠡᠳᠬᠡᠨ᠎ᠡ᠃ ᠤᠯᠤᠰ ᠤᠨ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠠᠭᠤᠷᠢ ᠮᠥᠩᠭᠦ ᠶᠢᠨ ᠲᠠᠬᠢᠨ ᠳᠠᠭᠠᠭᠠᠯᠲᠠ ᠬᠢᠬᠦ | ᠬᠠᠮᠲᠤᠷᠠᠯᠴᠠᠭᠠᠨ ᠤ ᠲᠤᠬᠠᠶᠢᠯᠠᠭᠰᠠᠨ ᠠᠵᠢᠯ ᠢ 1 ᠲᠦᠮᠡᠨ ᠳ᠋ᠦᠩᠰᠢᠭᠤᠷ ᠲᠥᠭᠦᠷᠢᠭ ᠠᠴᠠ ᠳᠡᠭᠡᠭᠰᠢ ᠪᠣᠯᠲᠠᠯ᠎ᠠ ᠰᠢᠨ᠎ᠡ ᠪᠠᠷ ᠨᠡᠮᠡᠭᠳᠡᠭᠦᠯᠦᠨ᠎ᠡ᠃ ᠬᠤᠶᠠᠷ ᠲᠤ᠂ | ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ᠃ ᠡᠨᠡ ᠵᠢᠯ ᠤᠨ ᠲᠥᠭᠡᠮᠡᠯ ᠬᠠᠷᠠᠭᠠᠯᠵᠠᠯᠲᠤ ᠵᠢᠵᠢᠭ ᠪᠢᠴᠢᠯ ᠵᠢᠭᠡᠯᠡᠯᠭᠡ ᠶᠢᠨ ᠳᠡᠮᠵᠢᠯᠭᠡ ᠶᠢᠨ ᠪᠠᠭᠠᠵᠢ ᠶᠢᠨ ᠲᠤᠭ᠎ᠠ | ᠬᠡᠮᠵᠢᠶ᠎ᠡ ᠪᠠ ᠳᠡᠮᠵᠢᠬᠦ ᠬᠠᠷᠢᠴᠠᠯ ᠢ ᠨᠢᠭᠡ ᠳᠠᠬᠢᠨ ᠨᠡᠮᠡᠭᠳᠡᠭᠦᠯᠦᠨ᠎ᠡ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ ᠶᠢᠨ ᠵᠢᠭᠡᠯᠡᠯᠭᠡ᠂ ᠪᠠᠷᠠᠭᠠᠨ ᠤ ᠲᠡᠷᠭᠡ ᠶᠢᠨ ᠵᠢᠭᠡᠯᠡᠯᠭᠡ᠂ ᠲᠦᠷ ᠴᠠᠭ ᠬᠦᠴᠢᠷᠳᠡᠯ ᠳᠤ ᠲᠤᠯᠭᠠᠷᠠᠭᠰᠠᠨ ᠬᠤᠪᠢ ᠬᠥᠮᠥᠨ ᠤ ᠭᠡᠷ ᠪᠠᠶᠢᠰᠢᠩ ᠤᠨ ᠵᠢᠭᠡᠯᠡᠯᠭᠡ ᠶᠢᠨ | ᠬᠡᠷᠡᠭᠯᠡᠭᠡᠨ ᠤ ᠵᠢᠭᠡᠯᠡᠯᠭᠡ ᠳᠤ᠂ ᠪᠠᠩᠬᠢ ᠶᠢᠨ ᠲᠤᠰ ᠵᠢᠯ ᠤᠨ ᠡᠬᠡ ᠬᠦᠦ ᠶᠢ ᠨᠢ ᠪᠤᠴᠠᠭᠠᠬᠤ ᠬᠤᠭᠤᠴᠠᠭ᠎ᠠ ᠶᠢ ᠤᠷᠲᠤᠳᠬᠠᠬᠤ ᠶᠢ ᠳᠡᠮᠵᠢᠨ᠎ᠡ︔ ᠮᠠᠰᠢᠨ ᠲᠡᠷᠭᠡᠨ ᠤ | ᠲᠥᠪ ᠤᠨ ᠠᠵᠤ ᠠᠬᠤᠶᠢᠯᠠᠯ ᠤᠨ ᠲᠠᠷᠬᠠᠭᠠᠭᠰᠠᠨ 900 ᠳ᠋ᠦᠩᠰᠢᠭᠤᠷ ᠲᠥᠭᠦᠷᠢᠭ ᠤᠨ ᠬᠤᠳᠠᠯᠳᠤᠭᠠᠨ ᠳᠤ ᠬᠡᠷᠡᠭᠯᠡᠬᠦ ᠪᠠᠷᠠᠭᠠᠨ ᠤ ᠲᠡᠷᠭᠡ ᠶᠢᠨ ᠵᠢᠭᠡᠯᠡᠯᠭᠡ ᠳᠤ | ᠪᠠᠩᠬᠢ ᠪᠠ ᠠᠵᠤ ᠠᠬᠤᠶᠢᠯᠠᠯ ᠬᠤᠯᠪᠤᠭᠠᠯᠠᠨ ᠬᠥᠳᠡᠯᠦᠯᠴᠡᠵᠦ ᠬᠠᠭᠠᠰ ᠵᠢᠯ ᠬᠤᠭᠤᠴᠠᠭ᠎ᠠ ᠤᠷᠲᠤᠳᠬᠠᠨ ᠡᠬᠡ ᠬᠦᠦ ᠶᠢ ᠨᠢ ᠪᠤᠴᠠᠭᠠᠨ᠎ᠠ᠃ ᠬᠤᠳᠠᠯᠳᠤᠭᠠᠨ ᠤ | ᠭᠤᠪᠢᠭᠤᠯᠭ᠎ᠠ ᠶᠢᠨ ᠪᠢᠯᠧᠲ ᠤᠨ ᠭᠤᠪᠢᠭᠤᠯᠭ᠎ᠠ ᠶᠢ ᠳᠠᠭᠠᠭᠠᠬᠤ ᠬᠤᠭᠤᠴᠠᠭ᠎ᠠ ᠶᠢ 1 ᠵᠢᠯ ᠪᠠᠶᠢᠭᠰᠠᠨ ᠠᠴᠠ ᠨᠢ 6 ᠰᠠᠷ᠎ᠠ ᠪᠣᠯᠭᠠᠨ ᠪᠣᠭᠤᠨᠢᠰᠬᠠᠨ᠎ᠠ᠃ ᠲᠠᠪᠴᠠᠩ ᠤᠨ | ᠠᠵᠤ ᠠᠬᠤᠶᠢᠯᠠᠯ ᠤᠨ ᠬᠠᠤᠯᠢ ᠲᠣᠭᠲᠠᠭᠠᠯ ᠳᠤ ᠨᠡᠶᠢᠴᠡᠭᠰᠡᠨ ᠪᠠᠶᠢᠳᠠᠯ ᠳᠣᠣᠷ᠎ᠠ ᠬᠢᠯᠢ ᠶᠢᠨ ᠳᠣᠲᠣᠨ᠎ᠠ ᠭᠠᠳᠠᠨ᠎ᠠ ᠵᠠᠬ᠎ᠠ ᠳᠡᠯᠭᠡᠭᠦᠷ ᠲᠤ ᠭᠠᠷᠭᠠᠬᠤ ᠶᠢ ᠳᠡᠮᠵᠢᠨ᠎ᠡ᠃ | ᠭᠤᠷᠪᠠ ᠳᠤ᠂ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠪᠤᠷᠢᠵᠢᠭᠤᠯᠤᠨ᠎ᠠ᠃ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ | ᠡᠬᠢᠯᠡᠭᠦᠯᠬᠦ ᠲᠦᠷᠦ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ︽ᠨᠡᠷᠡᠰ ᠤᠨ ᠴᠠᠭᠠᠨ ᠲᠠᠩᠰᠠ︾ ᠳᠠᠬᠢ ᠠᠵᠤ ᠠᠬᠤᠶᠢᠯᠠᠯ ᠤᠨ ᠦᠢᠯᠡᠴᠢᠯᠡᠭᠡ ᠶᠢ | ᠲᠡᠭᠦᠯᠳᠡᠷᠵᠢᠭᠦᠯᠦᠨ᠎ᠡ᠃ ᠪᠠᠷᠠᠭᠠᠨ ᠤ ᠲᠡᠭᠡᠭᠡᠪᠦᠷᠢ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠬᠢᠵᠢᠭ ᠤᠨ ᠪᠠᠶᠢᠳᠠᠯ ᠤᠨ ᠳᠣᠣᠷ᠎ᠠ ᠠᠶᠤᠯ ᠲᠦᠭᠰᠢᠭᠦᠷᠢ ᠲᠠᠢ | ᠭᠠᠵᠠᠷ ᠣᠷᠣᠨ ᠠᠴᠠ ᠢᠷᠡᠭᠰᠡᠨ ᠪᠠᠷᠠᠭᠠᠨ ᠤ ᠲᠡᠷᠭᠡ ᠶᠢᠨ ᠨᠡᠪᠲᠡᠷᠡᠬᠦ ᠬᠢᠵᠠᠭᠠᠷᠯᠠᠯ ᠢ ᠬᠦᠴᠦᠨ ᠦᠭᠡᠢ ᠪᠣᠯᠭᠠᠵᠤ᠂ ᠵᠦᠢ ᠵᠣᠬᠢᠰ ᠦᠭᠡᠢ ᠴᠢᠩᠭ᠎ᠠ ᠬᠢᠵᠠᠭᠠᠷᠯᠠᠯ | ᠵᠡᠷᠭᠡ ᠶᠢᠨ ᠲᠣᠭᠲᠠᠭᠠᠯ ᠪᠠ ᠰᠦᠢᠳᠬᠡᠯ ᠬᠤᠷᠢᠶᠠᠬᠤ ᠶᠢ ᠴᠥᠮ ᠬᠦᠴᠦᠨ ᠦᠭᠡᠢ ᠪᠣᠯᠭᠠᠨ᠎ᠠ᠃ ᠠᠶᠠᠨᠴᠢᠳ ᠪᠠ ᠪᠠᠷᠠᠭ᠎ᠠ ᠲᠡᠭᠡᠭᠡᠪᠦᠷᠢ ᠶᠢᠨ ᠵᠢᠯᠣᠭᠤᠴᠢ ᠨᠠᠷ ᠲᠤ | ᠣᠨᠳᠣᠣ ᠭᠠᠵᠠᠷ ᠲᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠳᠤ ᠰᠦᠢᠳᠬᠡᠯ ᠬᠤᠷᠢᠶᠠᠬᠤ ᠦᠭᠡᠢ ᠲᠥᠷᠥ ᠶᠢᠨ ᠪᠣᠳᠣᠯᠭ᠎ᠠ ᠶᠢ ᠠᠳᠠᠯᠢᠬᠠᠨ ᠬᠦᠷᠲᠡᠭᠡᠨ᠎ᠡ᠃ | ᠠᠷᠠᠳ ᠤᠨ ᠠᠭᠠᠷ ᠤᠨ ᠲᠡᠭᠡᠭᠡᠪᠦᠷᠢ ᠶᠢᠨ ᠪᠠᠴᠢᠮ ᠪᠠᠶᠢᠳᠠᠯ ᠢ ᠠᠷᠭᠠᠴᠠᠭᠠᠬᠤ ᠵᠢᠭᠡᠯᠡᠯᠭᠡ ᠶᠢ 1500 ᠳ᠋ᠦᠩᠰᠢᠭᠤᠷ ᠲᠥᠭᠦᠷᠢᠭ ᠨᠡᠮᠡᠭᠳᠡᠭᠦᠯᠵᠦ᠂ ᠠᠭᠠᠷ ᠤᠨ | ᠲᠡᠭᠡᠭᠡᠪᠦᠷᠢ ᠶᠢᠨ ᠦᠢᠯᠡᠰ ᠤᠨ 2000 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠳᠡᠮᠵᠢᠨ᠎ᠡ᠃ ᠤᠯᠤᠰ ᠤᠨ ᠳᠣᠲᠣᠭᠠᠳᠤ | ᠭᠠᠳᠠᠭᠠᠳᠤ ᠶᠢᠨ ᠠᠶᠠᠨᠴᠢᠨ ᠤ ᠲᠡᠭᠡᠭᠡᠪᠦᠷᠢ ᠶᠢᠨ ᠡᠭᠡᠯᠵᠢ ᠶᠢᠨ ᠨᠢᠰᠬᠡᠯ ᠢ ᠡᠮᠬᠢ ᠵᠢᠷᠤᠮ ᠲᠠᠢ ᠪᠠᠷ ᠨᠡᠮᠡᠭᠳᠡᠭᠦᠯᠵᠦ᠂ ᠭᠠᠳᠠᠭᠠᠳᠤ ᠶᠢᠨ ᠠᠵᠤ ᠠᠬᠤᠶᠢᠯᠠᠯ ᠤᠨ | ᠠᠵᠢᠯᠲᠠᠨ ᠤ ᠣᠷᠣᠵᠤ ᠭᠠᠷᠬᠤ ᠳᠤ ᠳᠦᠭᠦᠮ ᠦᠵᠡᠭᠦᠯᠬᠦ ᠠᠷᠭ᠎ᠠ ᠬᠡᠮᠵᠢᠶ᠎ᠡ ᠶᠢ ᠲᠣᠭᠲᠠᠭᠠᠨ᠎ᠠ᠃ ᠳᠥᠷᠪᠡ ᠳᠤ᠂ ᠬᠡᠷᠡᠭᠯᠡᠭᠡ ᠪᠠ ᠪᠦᠲᠦᠮᠵᠢᠲᠡᠶ ᠪᠡᠯᠡ | ᠣᠷᠣᠭᠤᠯᠤᠯᠲᠠ ᠶᠢ ᠠᠬᠢᠭᠤᠯᠤᠨ᠎ᠠ᠃ ᠮᠠᠰᠢᠨ ᠲᠡᠷᠭᠡ ᠬᠤᠳᠠᠯᠳᠤᠨ ᠠᠪᠬᠤ ᠬᠢᠵᠠᠭᠠᠷᠯᠠᠯ ᠢ ᠠᠭᠤᠵᠢᠭᠤ ᠪᠣᠯᠭᠠᠵᠤ᠂ ᠬᠡᠰᠡᠭ ᠰᠠᠭᠤᠳᠠᠯ ᠤᠨ ᠮᠠᠰᠢᠨ ᠲᠡᠷᠭᠡ | ᠬᠤᠳᠠᠯᠳᠤᠨ ᠠᠪᠬᠤ ᠭᠠᠶᠢᠯᠢ ᠶᠢ ᠱᠠᠲᠤᠴᠢ ᠴᠢᠨᠠᠷᠲᠠᠢ ᠪᠠᠷ 600 ᠳ᠋ᠦᠩᠰᠢᠭᠤᠷ ᠲᠥᠭᠦᠷᠢᠭ ᠬᠥᠩᠭᠡᠯᠡᠨ ᠲᠠᠲᠠᠪᠤᠷᠢᠯᠠᠨ᠎ᠠ᠃ ᠬᠤᠳᠠ ᠶᠢᠨ ᠪᠠᠶᠢᠳᠠᠯ ᠳᠤ ᠨᠢ | ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ ᠳᠤ ᠪᠠᠨ ᠴᠢᠩᠳᠠᠯᠢᠭ ᠬᠦᠴᠦᠯᠡᠴᠡ ᠪᠠ ᠰᠠᠶᠢᠵᠢᠷᠠᠭᠤᠯᠤᠯᠲᠠ ᠶᠢᠨ ᠴᠢᠨᠠᠷᠲᠠᠢ ᠣᠷᠣᠨ ᠰᠠᠭᠤᠴᠠ ᠶᠢᠨ | ᠬᠡᠷᠡᠭᠴᠡᠭᠡ ᠶᠢ ᠳᠡᠮᠵᠢᠨ᠎ᠡ᠃ ᠬᠢᠨᠠᠨ ᠵᠥᠪᠰᠢᠶᠡᠷᠡᠯ ᠢ ᠰᠢᠯᠢᠳᠡᠭᠵᠢᠭᠦᠯᠵᠦ᠂ ᠨᠢᠭᠡ ᠪᠦᠯᠦᠭ ᠤᠰᠤᠨ ᠠᠰᠢᠭᠯᠠᠯᠲᠠ ᠢᠯᠠᠩᠭᠤᠶ᠎ᠠ ᠲᠣᠮᠣ ᠬᠡᠯᠪᠡᠷᠢ ᠶᠢᠨ ᠤᠰᠤ ᠲᠠᠲᠠᠬᠤ | ᠤᠰᠤᠯᠠᠯᠲᠠ᠂ ᠵᠠᠮ ᠬᠠᠷᠢᠯᠴᠠᠭ᠎ᠠ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ᠂ ᠭᠠᠵᠠᠷ ᠳᠣᠣᠷᠠᠬᠢ ᠶᠡᠷᠦᠩᠬᠡᠶᠢᠯᠡᠭᠰᠡᠨ ᠬᠤᠭᠤᠯᠠᠢ ᠶᠢᠨ | ᠬᠤᠩᠭᠢᠯ ᠵᠡᠷᠭᠡ ᠲᠥᠷᠥᠯ ᠵᠦᠢᠯ ᠢ ᠰᠢᠨ᠎ᠡ ᠪᠠᠷ ᠡᠬᠢᠯᠡᠭᠦᠯᠵᠦ᠂ ᠪᠠᠩᠬᠢ ᠶᠢ ᠬᠥᠲᠥᠯᠥᠨ ᠵᠢᠯᠤᠭᠤᠳᠴᠤ ᠪᠠᠶᠢᠭᠠᠳ ᠬᠡᠪᠴᠢᠶᠡᠵᠢᠯ ᠤᠨ ᠴᠢᠨᠠᠷᠲᠠᠢ ᠤᠷᠳᠤ | ᠬᠤᠭᠤᠴᠠᠭᠠᠨ ᠤ ᠵᠢᠭᠡᠯᠡᠯᠭᠡ ᠬᠠᠩᠭᠠᠯᠭᠠᠨ᠎ᠠ᠃ ᠰᠢᠨ᠎ᠡ ᠨᠢᠭᠡᠨ ᠡᠭᠡᠯᠵᠢ ᠶᠢᠨ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠨ | ᠰᠢᠨᠡᠳᠬᠡᠬᠦ ᠠᠵᠢᠯ ᠢ ᠡᠬᠢᠯᠡᠭᠦᠯᠦᠨ᠎ᠡ᠃ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ 3000 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠲᠡᠮᠳᠡᠭᠲᠦ | ᠲᠠᠷᠬᠠᠭᠠᠬᠤ ᠶᠢ ᠳᠡᠮᠵᠢᠨ᠎ᠡ᠃ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠡᠷᠴᠢᠮ ᠢ ᠴᠢᠩᠭᠠᠷᠠᠭᠤᠯᠤᠨ᠎ᠠ᠃ ᠲᠠᠪᠤ ᠳᠤ᠂ ᠡᠨᠧᠷᠭᠢ ᠶᠢᠨ ᠰᠤᠷᠪᠤᠯᠵᠢ ᠶᠢᠨ | ᠠᠮᠤᠷ ᠲᠦᠪᠰᠢᠨ ᠢ ᠪᠠᠲᠤᠯᠠᠨ᠎ᠠ᠃ ᠣᠷᠣᠨ ᠨᠤᠲᠤᠭ ᠤᠨ ᠨᠡᠭᠦᠷᠡᠰᠦᠨ ᠤ ᠭᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠨᠡᠭᠦᠷᠡᠰᠦᠨ ᠠᠭᠤᠷᠬᠠᠢ ᠶᠢᠨ | ᠭᠠᠷᠤᠯᠲᠠ ᠶᠢ ᠴᠥᠮ᠎ᠡ ᠶᠢᠨ ᠠᠷᠭ᠎ᠠ ᠪᠠᠷ ᠨᠡᠮᠡᠭᠳᠡᠭᠦᠯᠬᠦ ᠲᠦᠷᠦ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠵᠦ᠂ ᠨᠡᠭᠦᠷᠡᠰᠦᠨ ᠠᠭᠤᠷᠬᠠᠢ ᠶᠢᠨ ᠭᠠᠷᠤᠯᠲᠠ ᠶᠢ | ᠪᠠᠲᠤᠯᠠᠬᠤ ᠭᠠᠷᠳᠠᠮ ᠢ ᠲᠥᠷᠭᠡᠳᠬᠡᠨ ᠭᠦᠢᠴᠡᠳᠬᠡᠨ᠎ᠡ᠃ ᠪᠠᠰᠠ ᠨᠢᠭᠡ ᠪᠦᠯᠦᠭ ᠤᠰᠤᠨ ᠴᠠᠬᠢᠯᠭᠠᠨ ᠢᠯᠴᠢ ᠶᠢᠨ ᠴᠠᠬᠢᠯᠭᠠᠨ ᠵᠡᠷᠭᠡ ᠡᠨᠧᠷᠭᠢ ᠶᠢᠨ ᠰᠤᠷᠪᠤᠯᠵᠢ ᠶᠢᠨ | ᠲᠥᠷᠥᠯ ᠵᠦᠢᠯ ᠤᠨ ᠠᠵᠢᠯ ᠢ ᠡᠬᠢᠯᠡᠭᠦᠯᠦᠨ᠎ᠡ᠃ ᠵᠢᠷᠭᠤᠭ᠎ᠠ ᠳᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠨ᠎ᠠ᠃ ᠠᠵᠢᠯ ᠠᠯᠳᠠᠯᠲᠠ ᠶᠢᠨ ᠪᠠᠲᠤᠯᠠᠭ᠎ᠠ᠂ | ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠠ ᠬᠦᠴᠢᠷᠳᠡᠯ ᠲᠠᠢ ᠤᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠵᠡᠷᠭᠡ ᠠᠵᠢᠯ ᠢ ᠰᠠᠶᠢᠲᠤᠷ ᠬᠢᠨ᠎ᠡ᠃ | ᠪᠠᠶᠢᠳᠠᠯ ᠳᠤ ᠨᠢ ᠲᠣᠬᠢᠷᠠᠭᠤᠯᠤᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠦᠯᠲᠡ ᠲᠠᠢ | ᠬᠤᠯᠪᠣᠯᠳᠤᠭᠤᠯᠬᠤ ᠲᠣᠭᠲᠠᠴᠠ ᠶᠢ ᠴᠠᠭ ᠲᠤᠬᠠᠢ ᠳᠤ ᠨᠢ ᠬᠡᠷᠡᠭᠵᠢᠭᠦᠯᠦᠨ᠎ᠡ ᠭᠡᠵᠡᠢ᠃ | ᠬᠤᠷᠠᠯ ᠠᠴᠠ ᠴᠢᠬᠤᠯᠠᠴᠢᠯᠠᠬᠤ ᠳᠤ ᠪᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠲᠤᠯᠭᠠᠮᠳᠠᠭᠤ ᠰᠡᠳᠬᠢᠯᠭᠡ ᠪᠠᠨ ᠴᠢᠩᠭᠠᠳᠬᠠᠵᠤ᠂ ᠴᠢᠩᠭ᠎ᠠ | ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠯᠢ ᠤᠯᠠᠨ ᠠᠷᠭ᠎ᠠ ᠬᠡᠮᠵᠢᠶ᠎ᠡ ᠶᠢ ᠠᠯᠢ ᠲᠦᠷᠭᠡᠨ ᠢᠶᠠᠷ ᠵᠦᠢᠯ | ᠳᠠᠷᠠᠭᠠᠯᠠᠨ ᠨᠠᠷᠢᠯᠢᠭᠵᠢᠭᠤᠯᠬᠤ ᠶᠢᠨ ᠬᠠᠮᠲᠤ ᠨᠡᠶᠢᠲᠡᠯᠡᠨ ᠬᠡᠷᠡᠭᠵᠢᠭᠦᠯᠬᠦ ᠬᠡᠷᠡᠭᠲᠡᠢ᠃ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠣᠷᠣᠨ ᠨᠤᠲᠤᠭ ᠤᠨ ᠠᠵᠤ | ᠠᠬᠤᠢ ᠶᠢ ᠲᠣᠭᠲᠠᠭᠤᠨ ᠪᠠᠶᠢᠯᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠤᠨ ᠪᠠᠶᠢᠴᠠᠭᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠠᠴᠠ | ᠪᠣᠳᠠᠲᠤ ᠪᠠᠶᠢᠳᠠᠯ ᠳᠤ ᠪᠠᠨ ᠨᠡᠶᠢᠴᠡᠭᠰᠡᠨ ᠠᠵᠤ ᠠᠬᠤᠢ ᠶᠢ ᠲᠣᠭᠲᠠᠭᠤᠨ ᠪᠠᠶᠢᠯᠭᠠᠬᠤ ᠲᠦᠷᠦ ᠶᠢᠨ ᠪᠣᠳᠣᠯᠭ᠎ᠠ ᠶᠢ ᠠᠯᠢ ᠲᠥᠷᠭᠡᠨ ᠢᠶᠠᠷ ᠨᠡᠶᠢᠲᠡᠯᠡᠬᠦ ᠬᠡᠷᠡᠭᠲᠡᠢ ᠭᠡᠵᠡᠢ᠃ | | | | | | | | |