ᠰᠢ ᠶᠢᠨ ᠫᠢᠩ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠪᠠᠭᠠᠲᠤᠷ ᠵᠢᠱᠢᠶᠡᠴᠢ ᠭᠠᠪᠢᠶ᠎ᠠ ᠪᠠᠶᠢᠭᠤᠯᠤᠭᠰᠠᠨ ᠬᠠᠮᠲᠤ ᠶᠢ ᠬᠥᠬᠢᠭᠦᠯᠦᠨ | ᠰᠠᠶᠢᠰᠢᠶᠠᠬᠤ ᠶᠡᠭᠡ ᠬᠤᠷᠠᠯ ᠤᠨ ᠲᠥᠯᠥᠭᠡᠯᠡᠭᠴᠢᠳ ᠲᠠᠢ ᠠᠭᠤᠯᠵᠠᠪᠠ | ᠯᠢ ᠺᠧ ᠴᠢᠶᠠᠩ ᠸᠠᠩ ᠬᠤ᠋ ᠨᠢᠩ ᠠᠭᠤᠯᠵᠠᠯᠲᠠ ᠳᠤ ᠣᠷᠣᠯᠴᠠᠵᠠᠢ | ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 25 ᠤ ᠴᠠᠬᠢᠯᠭᠠᠨ ᠮᠡᠳᠡᠭᠡ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ | ᠪᠠᠭᠠᠲᠤᠷ ᠵᠢᠱᠢᠶᠡᠴᠢ ᠭᠠᠪᠢᠶ᠎ᠠ ᠪᠠᠶᠢᠭᠤᠯᠤᠭᠰᠠᠨ ᠬᠠᠮᠲᠤ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ 25 ᠤ ᠦᠳᠡ ᠶᠢᠨ ᠡᠮᠦᠨ᠎ᠡ ᠪᠡᠭᠡᠵᠢᠩ ᠳᠤ ᠬᠤᠷᠠᠯᠳᠤᠪᠠ᠃ | ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ | ᠬᠤᠷᠠᠯ ᠤᠨ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠵᠤ᠂ ᠲᠡᠳᠡᠨ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠭᠡᠵᠦ᠂ ᠪᠦᠬᠦ ᠤᠯᠤᠰ ᠤᠨ | ᠥᠷᠭᠡᠨ ᠤᠯᠠᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠲᠤᠰᠠᠯᠠᠭᠴᠢ ᠴᠠᠭᠳᠠᠭ᠎ᠠ ᠳᠤ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠪᠡ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠺᠧ ᠴᠢᠶᠠᠩ᠂ ᠸᠠᠩ ᠬᠤ᠋ ᠨᠢᠩ ᠠᠭᠤᠯᠵᠠᠯᠲᠠ ᠳᠤ | ᠣᠷᠣᠯᠴᠠᠪᠠ᠃ | | | | | | ᠦᠳᠡ ᠶᠢᠨ ᠡᠮᠦᠨᠡᠬᠢ 10 ᠴᠠᠭ 30 ᠮᠢᠨᠦ᠋ᠲ ᠲᠤ᠂ ᠰᠢ ᠶᠢᠨ ᠫᠢᠩ ᠨᠡᠷ ᠠᠷᠠᠳ ᠤᠨ ᠶᠡᠭᠡ ᠬᠤᠷᠠᠯ ᠤᠨ ᠲᠠᠩᠬᠢᠮ ᠤᠨ ᠠᠯᠳᠠᠨ ᠰᠢᠷᠭᠠᠯ ᠲᠢᠩᠬᠢᠮ ᠳᠤ | ᠬᠦᠷᠴᠦ ᠢᠷᠡᠬᠦ ᠳᠤ᠂ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠪᠠ᠃ ᠰᠢ ᠶᠢᠨ ᠫᠢᠩ ᠨᠡᠷ ᠲᠥᠯᠥᠭᠡᠯᠡᠭᠴᠢᠳ ᠲᠠᠢ ᠭᠠᠷ ᠳᠠᠯᠠᠯᠤᠨ ᠮᠡᠨᠳᠦᠴᠢᠯᠡᠵᠦ᠂ | ᠤᠯᠠᠨ ᠲᠠᠢ ᠳᠣᠲᠣᠨᠣ ᠪᠠᠷ ᠶᠠᠷᠢᠯᠴᠠᠭᠰᠠᠨ ᠪᠥᠭᠡᠳ ᠬᠠᠮᠲᠤ ᠬᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ | | | | | | ᠭᠦᠸᠧ ᠱᠧᠩ ᠺᠦᠨ ᠠᠭᠤᠯᠵᠠᠯᠲᠠ ᠳᠤ ᠣᠷᠣᠯᠴᠠᠭᠰᠠᠨ ᠪᠥᠭᠡᠳ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ ᠶᠠᠷᠢᠶ᠎ᠠ ᠲᠠᠯᠪᠢᠪᠠ᠃ ᠲᠡᠷᠡ᠂ ᠪᠦᠬᠦ | ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠶ᠋ᠳᠪᠦᠷᠢᠯᠡᠬᠦ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ | ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠤ᠂ ᠨᠠᠮ ᠳᠠᠭᠠᠨ | ᠦᠨᠡᠨᠴᠢ ᠰᠢᠳᠤᠷᠭᠤ ᠪᠠᠶᠢᠬᠤ᠂ ᠠᠷᠠᠳ ᠲᠦᠮᠡᠨ ᠳᠤ ᠦᠶ᠋ᠯᠡᠴᠢᠯᠡᠬᠦ᠂ ᠲᠦᠪ ᠭᠤᠤᠯᠴᠢ ᠪᠠᠷ ᠬᠠᠤᠯᠢ ᠬᠡᠷᠡᠭᠵᠢᠭᠦᠯᠬᠦ᠂ ᠰᠠᠬᠢᠯᠭ᠎ᠠ ᠪᠠᠲᠤ ᠴᠢᠩᠭ᠎ᠠ ᠪᠠᠶᠢᠬᠤ ᠶᠡᠷᠦᠩᠬᠡᠶ | ᠱᠠᠭᠠᠷᠳᠠᠯᠭ᠎ᠠ ᠶᠢ ᠦᠨᠡᠨᠴᠢ ᠪᠠᠷ ᠦᠢᠯᠡᠳᠦᠯᠭᠡᠵᠢᠭᠦᠯᠵᠤ᠂ ᠪᠠᠭᠠᠲᠤᠷ ᠵᠢᠱᠢᠶᠡᠴᠢ ᠶᠢᠨ ᠵᠣᠷᠢᠭ ᠰᠠᠨᠠᠭ᠎ᠠ ᠶᠢ ᠰᠤᠷᠤᠯᠴᠠᠨ ᠪᠠᠳᠠᠷᠠᠭᠤᠯᠵᠤ᠂ ᠠᠶᠤᠯ ᠲᠦᠭᠰᠢᠭᠦᠷᠢ ᠶᠢ | ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ ᠡᠯ᠎ᠡ ᠵᠦᠶ᠋ᠯ ᠤᠨ ᠠᠵᠢᠯ ᠢ ᠪᠦᠬᠦ ᠬᠦᠴᠦ ᠪᠠᠷ ᠢᠶᠠᠨ ᠰᠠᠶᠢᠳᠤᠷ ᠬᠢᠵᠤ᠂ ᠪᠣᠳᠠᠲᠤ | ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠳᠠᠢ ᠭᠡᠵᠤ ᠵᠢᠭᠠᠵᠤ ᠭᠠᠷᠭᠠᠵᠠᠢ᠃ | ᠬᠤᠷᠠᠯ ᠳᠡᠭᠡᠷ᠎ᠡ ᠪᠥᠬᠦ ᠤᠯᠤᠰ ᠤᠨ ᠵᠢᠱᠢᠶᠡᠴᠢ ᠳᠣᠲᠣᠭᠠᠳᠤ ᠶᠢ ᠬᠠᠮᠠᠭᠠᠯᠠᠬᠤ ᠨᠢᠭᠡᠴᠢ ᠶᠢ ᠬᠥᠬᠢᠭᠦᠯᠦᠨ ᠰᠠᠶᠢᠰᠢᠶᠠᠬᠤ ᠲᠤᠬᠠᠶ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ᠂ ᠪᠦᠬᠦ ᠤᠯᠤᠰ ᠤᠨ ᠤᠨᠴᠠ ᠳᠡᠰ ᠤᠨ ᠰᠢᠯᠢᠳᠡᠭ ᠠᠷᠠᠳ ᠤᠨ ᠴᠠᠭᠳᠠᠭ᠎ᠠ ᠶᠢ ᠬᠦᠬᠢᠭᠦᠯᠦᠨ ᠰᠠᠶᠢᠰᠢᠶᠠᠬᠤ | ᠲᠤᠬᠠᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠲᠣᠭᠲᠠᠭᠠᠯ᠂ ᠪᠥᠬᠦ | ᠤᠯᠤᠰ ᠤᠨ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠰᠢᠯᠢᠳᠡᠭ ᠨᠢᠭᠡᠴᠢ ᠰᠢᠯᠢᠳᠡᠭ ᠠᠷᠠᠳ ᠤᠨ ᠴᠠᠭᠳᠠᠭ᠎ᠠ ᠪᠠ ᠪᠥᠬᠦ ᠤᠯᠤᠰ ᠤᠨ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠠᠷᠠᠳ ᠢᠶᠠᠨ ᠬᠠᠶᠢᠷᠠᠯᠠᠭᠰᠠᠨ ᠵᠢᠱᠢᠶᠡᠴᠢ ᠶᠢ ᠬᠥᠬᠢᠭᠦᠯᠦᠨ ᠰᠠᠶᠢᠰᠢᠶᠠᠬᠤ ᠲᠤᠬᠠᠶ ᠳᠤᠳᠤᠭᠠᠳᠤ ᠶᠢ ᠬᠠᠮᠠᠭᠠᠯᠠᠬᠤ ᠶᠠᠮᠤᠨ ᠤ ᠵᠠᠷᠯᠢᠭ ᠢ | ᠵᠠᠷᠯᠠᠨ ᠤᠩᠰᠢᠭᠰᠠᠨ ᠪᠥᠭᠡᠳ ᠱᠠᠩᠨᠠᠬᠳᠠᠬᠰᠠᠨ ᠬᠠᠮᠲᠤ ᠪᠠ ᠬᠤᠪᠢ ᠬᠥᠮᠦᠨ ᠤ ᠲᠥᠯᠥᠭᠡᠯᠡᠭᠴᠢ ᠳᠤ ᠱᠠᠩᠨᠠᠯ ᠭᠠᠷᠳᠠᠭᠤᠯᠪᠠ᠃ ᠪᠦᠬᠦ ᠤᠯᠤᠰ ᠤᠨ ᠳᠣᠲᠣᠭᠠᠳᠤ ᠶᠢ | ᠬᠠᠮᠠᠭᠠᠯᠠᠬᠤ ᠰᠢᠰᠲ᠋ᠧᠮ ᠤᠨ 982 ᠲᠡᠷᠢᠭᠦᠨ ᠤ ᠨᠢᠭᠡᠴᠢ᠂ 1485 ᠲᠡᠷᠢᠭᠦᠨ ᠤ ᠬᠤᠪᠢ ᠬᠥᠮᠦᠨ ᠬᠥᠬᠢᠭᠦᠯᠦᠨ ᠰᠠᠶᠢᠰᠢᠶᠠᠭᠳᠠᠪᠠ᠃ ᠪᠥᠬᠦ ᠤᠯᠤᠰ ᠤᠨ | ᠵᠢᠱᠢᠶᠡᠴᠢ ᠳᠣᠲᠣᠭᠠᠳᠤ ᠶᠢ ᠬᠠᠮᠠᠭᠠᠯᠠᠬᠤ ᠨᠢᠭᠡᠴᠢ ᠶᠢᠨ ᠲᠥᠯᠥᠭᠡᠯᠡᠭᠴᠢ᠂ ᠪᠡᠭᠡᠵᠢᠩ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠹᠠᠩ ᠱᠠᠨ ᠤ | ᠬᠤᠪᠢᠶᠠᠷᠢ ᠲᠣᠪᠴᠢᠶ᠎ᠠ ᠶᠢᠨ ᠪᠡᠭᠡᠵᠢᠩ ᠰᠢᠶᠠᠩᠭᠠᠩ ᠣᠣᠮᠧᠨ ᠤ ᠲᠦᠷᠭᠡᠨ ᠤ ᠵᠠᠰᠠᠮᠠᠯ ᠵᠠᠮ ᠤᠨ ᠳ᠋ᠧᠦ ᠳ᠋ᠢᠶᠠᠨ ᠤ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ | ᠥᠷᠲᠡᠭᠡ ᠶᠢᠨ ᠳᠠᠷᠤᠭ᠎ᠠ ᠵᠠᠩ ᠺᠦ᠋᠂ ᠪᠥᠬᠦ ᠤᠯᠤᠰ ᠤᠨ ᠣᠨᠴᠠ ᠲᠠᠰ ᠤᠨ ᠰᠢᠯᠢᠳᠡᠭ ᠠᠷᠠᠳ ᠤᠨ ᠴᠠᠭᠳᠠᠭ᠎ᠠ ᠶᠢᠨ ᠲᠥᠯᠥᠭᠡᠯᠡᠭᠴᠢ᠂ ᠹᠦᠵᠢᠶᠠᠨ ᠮᠤᠵᠢ ᠶᠢᠨ | ᠹᠦᠵᠧᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠦ ᠶᠢᠨ ᠬᠡᠷᠡᠭ ᠢ ᠲᠠᠩᠨᠠᠨ ᠪᠠᠶᠢᠴᠠᠭᠠᠬᠤ ᠰᠠᠯᠪᠤᠷᠢ ᠠᠩᠭᠢ ᠶᠢᠨ ᠵᠢᠷᠭᠤᠳᠤᠭᠠᠷ ᠶᠡᠭᠡ | ᠠᠩᠭᠢ ᠶᠢᠨ ᠳᠠᠷᠤᠭ᠎ᠠ ᠭᠤᠤ ᠵᠠᠨ ᠶᠡᠭᠡ ᠬᠤᠷᠠᠯ ᠳᠡᠭᠡᠷ᠎ᠡ ᠦᠭᠡ ᠬᠡᠯᠡᠪᠡ᠃ | ᠳ᠋ᠢᠩ ᠰᠢᠤᠸᠠᠢ ᠰᠢᠶᠠᠩ᠂ ᠴᠧᠨ ᠰᠢ᠂ ᠰᠢᠶᠤᠤ ᠵᠢᠶᠧ ᠠᠭᠤᠯᠵᠠᠯᠲᠠ ᠳᠤ ᠣᠷᠣᠯᠴᠠᠵᠤ᠂ ᠵᠤᠤ ᠺᠧ ᡁᠢ ᠠᠭᠤᠯᠵᠠᠯᠲᠠ ᠳᠤ ᠣᠷᠣᠯᠴᠠᠭᠰᠠᠨ ᠪᠥᠭᠡᠳ ᠶᠡᠭᠡ | ᠬᠤᠷᠠᠯ ᠢ ᠡᠷᠬᠢᠯᠡᠪᠡ᠃ | |