2022 ᠤᠨ ᠤ ᠪᠦᠬᠦ ᠤᠷᠤᠨ ᠤ ᠠᠵᠢᠯ ᠤᠯᠭᠤᠵᠤ ᠦᠢᠯᠡᠰ ᠪᠤᠰᠬᠠᠬᠤ ᠶᠢ ᠠᠬᠢᠭᠤᠯᠬᠤ ᠬᠤᠷᠠᠯ ᠵᠢᠴᠢ ᠵᠤᠨ ᠤ ᠤᠯᠠᠷᠢᠯ ᠤᠨ ᠤᠷᠢᠵᠤ ᠡᠯᠰᠡᠬᠦ ᠴᠤᠭᠯᠠᠭᠠᠨ ᠡᠬᠢᠯᠠᠯ᠎ᠠ ᠴᠢ᠊ ᠪᠠᠲᠤ ᠡᠬᠢᠯᠡᠬᠦ ᠶᠤᠰᠤᠯᠠᠯ ᠳᠤ ᠣᠷᠣᠯᠴᠠᠵᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2022/5/26
      5 ᠰᠠᠷ᠎ᠠ ᠶᠢᠨ 22 ᠤᠨ ᠦᠲᠠ ᠶᠢᠨ ᠡᠮᠤᠨ᠎ᠠ᠂ ᠦᠪᠠᠷᠲᠠᠬᠡᠨ ᠵᠠᠰᠠᠬᠤ ᠤᠷᠤᠨ ᠤ ᠵᠠᠰᠠᠭ ᠤᠨ ᠤᠷᠲᠤᠨ ᠠᠴᠠ ᠭᠤᠤᠯᠯᠠᠨ ᠡᠷᠬᠢᠯᠡᠭᠰᠠᠨ 2022 ᠤᠨ ᠤ ᠪᠦᠬᠦ ᠤᠷᠤᠨ ᠤ ᠠᠵᠢᠯ ᠤᠯᠭᠤᠵᠤ ᠦᠢᠯᠡᠰ ᠪᠤᠰᠬᠠᠬᠤ ᠶᠢ ᠠᠬᠢᠭᠤᠯᠬᠤ ᠬᠤᠷᠠᠯ ᠵᠢᠴᠢ ᠵᠤᠨ ᠤ ᠤᠯᠠᠷᠢᠯ ᠤᠨ ᠤᠷᠢᠵᠤ ᠡᠯᠰᠡᠬᠦ ᠴᠤᠭᠯᠠᠭᠠᠨ ᠦᠪᠤᠷ ᠮᠤᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠳᠤ ᠵᠢᠩᠬᠢᠨᠢ ᠪᠠᠷ ᠡᠬᠢᠯᠡᠵᠤ᠂ ᠡᠯ᠎ᠠ ᠠᠶᠢᠮᠠᠬ ᠬᠤᠲᠠ᠂ ᠲᠤᠰᠠᠭᠠᠷ ᠲᠦᠯᠤᠪᠯᠡᠬᠡᠳᠤ ᠬᠤᠲᠠ ᠳᠤ ᠬᠤᠪᠢᠶᠠᠷᠢ ᠲᠠᠯᠠᠪᠠᠢ ᠭᠠᠷᠭᠠᠵᠦ ᠵᠡᠷᠬᠡᠪᠠᠷ ᠡᠬᠢᠯᠡᠬᠦᠯᠪᠠ᠃       ᠦᠪᠠᠷᠲᠠᠬᠡᠨ ᠵᠠᠰᠠᠬᠤ ᠤᠷᠤᠨ ᠤ ᠲᠠᠳ᠋ ᠲᠠᠷᠢᠬᠦᠯᠡᠭᠴᠢ ᠴᠢ᠊ ᠪᠠᠲᠤ ᠡᠬᠢᠯᠡᠬᠦ ᠶᠤᠰᠤᠯᠠᠯ ᠳᠤ ᠣᠷᠣᠯᠴᠠᠵᠤ ᠶᠠᠷᠢᠶ᠎ᠠ ᠲᠠᠯᠪᠢᠵᠠᠢ᠃       ᠲᠤᠰ ᠤᠲᠠᠭᠠᠨ ᠤ ᠰᠢᠷᠢᠰ ᠤᠷᠢᠵᠤ ᠡᠯᠰᠡᠬᠦ ᠴᠤᠭᠯᠠᠭᠠᠨ ᠨᠢ ︽ᠠᠵᠢᠯ ᠤᠨ ᠪᠠᠶᠢᠷᠢ ᠴᠢᠮ᠎ᠠ ᠶᠢ ᠬᠦᠯᠢᠶᠠᠵᠤ᠂ ᠠᠵᠢᠯ ᠤᠯᠭᠤᠯᠲᠠ ᠲᠠᠢ ᠬᠠᠮᠲᠤ ᠪᠠᠷ ᠠᠶᠠᠯᠠᠶ᠎ᠠ︾ ᠬᠡᠬᠦ ᠭᠤᠤᠯ ᠰᠠᠲᠤᠪ ᠤᠨ ᠲᠤᠭᠤᠷᠢᠨ ᠳᠤ ︽1 + 14︾ ᠵᠠᠭᠪᠤᠷ ᠢᠶᠠᠷ ᠥᠷᠨᠢᠭᠦᠯᠵᠦ᠂ ᠭᠤᠤᠯᠳᠠᠭᠤ 2022 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠢᠴᠢ ᠥᠩᠭᠡᠷᠡᠭᠰᠡᠨ ᠬᠤᠭᠤᠴᠠᠭᠠᠨ ᠤ ᠠᠵᠢᠯ ᠣᠯᠤᠭᠠᠳᠤᠶ ᠲᠡᠭᠦᠰᠦᠭᠰᠡᠳ᠂ ᠬᠦᠯᠤᠰᠤᠨ ᠮᠠᠯᠴᠢᠨ ᠲᠠᠷᠢᠶᠠᠴᠢᠨ᠂ ᠳᠠᠩᠰᠠᠯᠠᠭᠤᠯᠤᠭᠰᠠᠨ ᠠᠵᠢᠯ ᠠᠯᠳᠠᠭᠰᠠᠳ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ᠂ ᠴᠡᠷᠢᠭ ᠠᠴᠠ ᠬᠠᠯᠠᠭᠳᠠᠭᠰᠠᠳ ᠵᠡᠷᠭᠡ ᠭᠤᠤᠯᠳᠠᠯᠭ᠎ᠠ ᠲᠠᠢ ᠬᠥᠮᠦᠰ ᠵᠢᠴᠢ ᠪᠤᠰᠤᠳ ᠠᠵᠢᠯ ᠡᠷᠢᠬᠦ ᠬᠦᠰᠡᠯ ᠡᠷᠡᠮᠡᠯᠵᠡᠯ ᠲᠠᠢ ᠡᠯ᠎ᠡ ᠲᠥᠷᠥᠯ ᠤᠨ ᠬᠥᠮᠦᠰ ᠪᠠ ᠤᠷᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠲᠠᠢ ᠬᠥᠮᠦᠨ ᠬᠡᠷᠡᠭᠯᠡᠬᠦ ᠨᠢᠭᠡᠴᠢ ᠳᠤ ᠬᠠᠨᠳᠤᠭᠤᠯᠤᠨ᠂ ᠰᠦᠯᠵᠢᠶ᠎ᠡ ᠪᠠᠷ ᠤᠷᠢᠨ ᠡᠯᠰᠡᠬᠦ᠂ ᠰᠢᠨ᠎ᠡ ᠪᠠᠷ ᠪᠣᠶ ᠪᠣᠯᠤᠭᠰᠠᠨ ᠵᠠᠭᠤᠴᠢᠯᠠᠭᠤᠷ ᠢᠶᠠᠷ ᠲᠠᠨᠢᠯᠴᠠᠭᠤᠯᠬᠤ᠂ ︽ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠬᠠᠶᠢᠬᠤ︾ ᠵᠡᠷᠭᠡ ᠣᠯᠠᠨ ᠵᠦᠶ᠋ᠯ ᠤᠨ ᠠᠷᠭ᠎ᠠ ᠮᠠᠶ᠋ᠢᠭ ᠢᠶᠠᠷ ᠳᠠᠮᠵᠢᠠ ᠣᠯᠠᠨ ᠨᠡᠶᠢᠲᠡ ᠶᠢᠨ ᠠᠵᠢᠯ ᠣᠯᠭᠤᠯᠲᠠ ᠶᠢ ᠵᠣᠯᠭᠠᠭᠤᠯᠬᠤ ᠦᠶ᠋ᠯᠡᠴᠢᠯᠡᠭᠡ ᠥᠷᠨᠢᠭᠦᠯᠵᠦ᠂ ᠣᠲᠣᠬᠠᠨ ᠪᠣᠯᠲᠠᠯ᠎ᠠ ᠨᠡᠶᠢᠲᠡ 2525 ᠠᠵᠤ ᠠᠬᠤᠶᠢᠯᠠᠯ ᠢ ᠡᠯᠰᠠᠨ ᠴᠤᠭᠯᠠᠭᠤᠯᠵᠤ᠂ 63106 ᠠᠵᠢᠯ ᠤᠨ ᠪᠠᠶᠢᠷᠢ ᠬᠠᠩᠭᠠᠪᠠ᠃      ᠥᠪᠡᠷᠲᠡᠭᠡᠨ ᠵᠠᠰᠠᠬᠤ ᠣᠷᠣᠨ ᠤ ᠭᠤᠤᠯ ᠬᠤᠷᠠᠯ ᠤᠨ ᠲᠠᠯᠠᠪᠠᠶ ᠳᠤ 100 ᠡᠳᠦᠷ ᠤᠨ ᠰᠦᠯᠵᠢᠶ᠎ᠡ ᠪᠠᠷ ᠤᠷᠢᠵᠦ ᠡᠯᠰᠡᠬᠦ᠂ ᠲᠥᠷᠥ ᠶᠢᠨ ᠪᠣᠳᠣᠯᠭ᠎ᠠ ᠶᠢᠨ ᠡᠭᠦᠯᠡᠨ ᠤᠬᠠᠭᠤᠯᠭ᠎ᠠ᠂ ᠠᠵᠢᠯ ᠣᠯᠭᠤᠯᠲᠠ ᠶᠢᠨ ᠡᠭᠦᠯᠡᠨ ᠵᠢᠯᠣᠭᠤᠳᠣᠯᠭ᠎ᠠ᠂ ᠦᠶ᠋ᠯᠡᠰ ᠪᠤᠰᠬᠠᠬᠤ ᠡᠭᠦᠯᠡᠨ ᠦᠶ᠋ᠯᠡᠴᠢᠯᠡᠭᠡ᠂ ᠠᠵᠢᠯ ᠮᠡᠷᠭᠡᠵᠢᠯ ᠤᠨ ᠪᠣᠯᠪᠠᠰᠤᠷᠠᠯ ᠤᠨ ᠡᠭᠦᠯᠡᠨ ᠦᠶ᠋ᠯᠡᠴᠢᠯᠡᠭᠡ᠂ ᠵᠠᠭᠤᠴᠢᠯᠠᠭᠤᠷ ᠤᠨ ᠲᠥᠪ ᠵᠡᠷᠭᠡ 6 ᠲᠤᠰᠬᠠᠶ ᠪᠤᠯᠤᠩ ᠭᠠᠷᠭᠠᠭᠰᠠᠨ ᠪᠥᠭᠡᠳ ︽ᠵᠠᠭᠤᠨ ᠡᠳᠦᠷ ᠤᠨ ᠰᠦᠯᠵᠢᠶ᠎ᠡ ᠪᠠᠷ ᠤᠷᠢᠵᠦ ᠡᠯᠰᠡᠬᠦ︾ ᠲᠤᠰᠬᠠᠶ ᠠᠵᠢᠯᠯᠠᠭ᠎ᠠ᠂ ︽ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠶ᠋ᠯᠡᠴᠢᠯᠡᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠠᠵᠢᠯᠯᠠᠭ᠎ᠠ᠂ ᠶᠡᠭᠡ ᠳᠤᠮᠳᠠ ᠬᠤᠲᠠ ᠬᠠᠮᠲᠤᠷᠠᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠤᠷᠢᠵᠤ ᠡᠯᠰᠡᠬᠦ ᠲᠤᠰᠬᠠᠶ ᠠᠵᠢᠯᠯᠠᠭ᠎ᠠ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠢᠯᠲᠠᠨ ᠡᠯᠰᠡᠬᠦ ᠰᠠᠷ᠎ᠠ ᠶᠢᠨ ᠠᠵᠢᠯᠯᠠᠭ᠎ᠠ ᠵᠡᠷᠭᠡ ᠳᠥᠷᠪᠡᠨ ᠵᠦᠶ᠋ᠯ ᠤᠨ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠶ᠋ᠯᠡᠴᠢᠯᠡᠭᠡᠨ ᠤ ᠰᠢᠷᠢᠰ ᠠᠵᠢᠯᠯᠠᠭ᠎ᠠ ᠶᠢ ᠥᠷᠨᠢᠭᠦᠯᠦᠨ᠎ᠡ᠃ ᠠᠵᠢᠯᠲᠠᠨ ᠡᠯᠰᠡᠬᠦ ᠠᠵᠢᠯᠯᠠᠭ᠎ᠠ ᠨᠢ 8 ᠰᠠᠷ᠎ᠠ ᠶᠢᠨ 31 ᠤ ᠡᠳᠦᠷ ᠪᠣᠯᠲᠠᠯ᠎ᠠ ᠦᠷᠭᠦᠯᠵᠢᠯᠡᠵᠦ᠂ ᠡᠬᠢᠯᠡᠭᠰᠡᠨ ᠲᠤᠬᠠᠶ ᠶᠢᠨ ᠡᠳᠦᠷ ᠲᠤ ᠰᠦᠯᠵᠢᠶᠡᠨ ᠳᠡᠭᠡᠷᠡᠬᠢ ᠵᠠᠭᠪᠤᠷ ᠢᠶᠠᠷ ᠶᠠᠪᠤᠭᠳᠠᠵᠤ᠂ ᠪᠤᠰᠤᠳ ᠴᠠᠭ ᠲᠤ ᠤᠷᠢᠵᠦ ᠡᠯᠰᠡᠬᠦ ᠠᠷᠭ᠎ᠠ ᠬᠡᠯᠪᠡᠷᠢ ᠶᠢ ᠡᠯ᠎ᠡ ᠠᠶᠢᠮᠠᠭ ᠬᠤᠲᠠ ᠠᠴᠠ ᠲᠣᠰ ᠭᠠᠵᠠᠷ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠳᠠᠲᠠᠶ ᠲᠠᠢ ᠪᠠᠨ ᠤᠶᠠᠯᠳᠤᠭᠤᠯᠤᠨ ᠥᠪᠡᠰᠦᠪᠡᠨ ᠲᠣᠬᠢᠷᠠᠭᠤᠯᠬᠤ ᠪᠤᠯᠤᠨ᠎ᠠ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ