ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠪᠠᠷᠠᠭᠠᠨ ᠤ ᠭᠦᠢᠯᠭᠡᠭᠡ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠠᠴᠠ ᠣᠶᠢᠯᠠᠭᠠᠭᠰᠠᠨ ᠢᠶᠠᠷ᠂ ᠭᠤᠣᠯᠳᠠᠯᠭ᠎ᠠ ᠲᠠᠢ ᠡᠳ᠋ ᠪᠠᠷᠠᠭ᠎ᠠ ᠲᠡᠭᠡᠭᠡᠪᠦᠷᠢᠯᠡᠬᠦ ᠲᠡᠷᠭᠡ ᠶᠢᠨ ᠲᠦᠷᠭᠡᠨ ᠨᠡᠪᠲᠡᠷᠡᠬᠦ ᠶᠢ ᠪᠠᠲᠤᠯᠠᠵᠤ᠂ | ᠨᠡᠪᠲᠡᠷᠡᠬᠦ ᠦᠨᠡᠮᠯᠡᠯ ᠤᠨ ᠨᠢᠭᠡᠳᠦᠯᠲᠡᠢ ᠵᠠᠭᠪᠤᠷ ᠢ ᠬᠡᠷᠡᠭᠯᠡᠬᠦ᠂ ᠪᠦᠬᠦ ᠤᠯᠤᠰ ᠢᠶᠠᠷ ᠢᠶᠠᠨ ᠬᠠᠷᠢᠯᠴᠠᠨ ᠮᠡᠳᠡᠷᠡᠬᠦ᠂ ᠭᠦᠢᠴᠡᠳᠬᠡᠬᠦ ᠳᠤ ᠳᠥᠭᠦᠮ ᠳᠥᠲᠡ ᠪᠠᠶᠢᠬᠤ ᠶᠢ | ᠲᠦᠷᠭᠡᠳᠬᠡᠨ ᠪᠡᠶᠡᠯᠡᠭᠦᠯᠵᠦ᠂ ᠭᠤᠣᠯᠳᠠᠯᠭ᠎ᠠ ᠲᠠᠢ ᠡᠳ᠋ ᠪᠠᠷᠠᠭ᠎ᠠ ᠶᠢᠨ ᠠᠵᠤ ᠠᠬᠤᠶᠢᠯᠠᠯ ᠪᠣᠯᠣᠨ ᠪᠠᠷᠠᠭᠠᠨ ᠤ ᠲᠡᠭᠡᠭᠡᠪᠦᠷᠢ ᠶᠢᠨ ᠵᠢᠯᠣᠭᠤᠴᠢ ᠶᠢᠨ ᠰᠠᠭᠠᠳ ᠦᠭᠡᠢ | ᠨᠡᠪᠲᠡᠷᠡᠬᠦ ᠳᠤ ᠲᠥᠬᠦᠮ ᠦᠵᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠮᠡᠷᠭᠡᠵᠢᠯ ᠤᠨ ᠬᠦᠴᠦᠨ ᠢ | ᠵᠣᠬᠢᠶᠠᠨ ᠪᠠᠶᠢᠭᠤᠯᠤᠨ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠰᠢᠪᠲᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ᠥᠪᠡᠷᠲᠡᠭᠡᠨ ᠵᠠᠰᠠᠬᠤ ᠣᠷᠣᠨ ᠤ | ᠭᠤᠣᠯᠳᠠᠯᠭ᠎ᠠ ᠲᠠᠢ ᠡᠳ᠋ ᠪᠠᠷᠠᠭᠠᠨ ᠤ ᠲᠡᠭᠡᠭᠡᠪᠦᠷᠢ ᠶᠢᠨ ᠡᠯᠧᠺᠳ᠋ᠷᠣᠨ ᠨᠡᠪᠲᠡᠷᠡᠬᠦ ᠦᠨᠡᠮᠯᠡᠯ ᠤᠨ ᠰᠢᠰᠲ᠋ᠧᠮ ᠢ ᠪᠥᠬᠦ ᠤᠯᠤᠰ ᠤᠨ ᠨᠡᠪᠲᠡᠷᠡᠬᠦ ᠦᠨᠡᠮᠯᠡᠯ ᠤᠨ | ᠰᠢᠰᠲ᠋ᠧᠮ ᠳᠤ ᠤᠷᠤᠭᠰᠢᠲᠠᠢ ᠪᠠᠷ ᠵᠠᠯᠭᠠᠨ ᠣᠷᠣᠭᠤᠯᠵᠤ᠂ ᠪᠠᠷᠠᠭᠠᠨ ᠤ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠳᠤ ᠬᠦᠴᠦᠲᠡᠢ | ᠲᠤᠯᠭᠠᠭᠤᠷᠢᠯᠠᠯ ᠬᠠᠩᠭᠠᠪᠠ᠃ | ᠣᠶᠢᠯᠠᠭᠠᠭᠰᠠᠨ ᠢᠶᠠᠷ᠂ ᠭᠤᠣᠯᠳᠠᠯᠭ᠎ᠠ ᠲᠠᠢ ᠡᠳ᠋ ᠪᠠᠷᠠᠭ᠎ᠠ ᠲᠡᠭᠡᠭᠡᠪᠦᠷᠢᠯᠡᠬᠦ ᠲᠡᠷᠭᠡ ᠶᠢᠨ ᠨᠡᠪᠲᠡᠷᠡᠬᠦ ᠦᠨᠡᠮᠯᠡᠯ ᠤᠨ ᠳᠦᠷᠢᠮ ᠢ ᠪᠠᠶᠢᠭᠤᠯᠬᠤ ᠪᠣᠯ ᠪᠠᠴᠢᠮ | ᠪᠠᠶᠢᠳᠠᠯ ᠢ ᠠᠷᠭᠠᠴᠠᠭᠠᠬᠤ ᠪᠠᠶᠢᠳᠠᠯ ᠳᠣᠣᠷ᠎ᠠ ᠭᠤᠣᠯᠳᠠᠯᠭ᠎ᠠ ᠲᠠᠢ ᠡᠳ᠋ ᠪᠠᠷᠠᠭ᠎ᠠ ᠶᠢ ᠣᠷᠣᠨ ᠪᠦᠰᠡ ᠪᠠ ᠮᠤᠵᠢ ᠠᠯᠤᠰᠯᠠᠨ ᠲᠡᠭᠡᠭᠡᠪᠦᠷᠢᠯᠡᠬᠦ ᠶᠢ ᠪᠠᠲᠤᠯᠠᠬᠤ ᠴᠢᠬᠤᠯᠠ | ᠠᠷᠭ᠎ᠠ ᠬᠡᠮᠵᠢᠶ᠎ᠡ ᠪᠠᠶᠢᠵᠤ᠂ ᠮᠤᠵᠢ ᠣᠷᠣᠨ ᠠᠯᠤᠰᠯᠠᠵᠤ ᠬᠢᠵᠢᠭ ᠲᠤ ᠬᠤᠯᠪᠣᠭᠳᠠᠭᠰᠠᠨ ᠭᠠᠵᠠᠷ ᠣᠷᠣᠨ ᠢᠶᠠᠷ ᠣᠷᠣᠵᠤ ᠭᠠᠷᠬᠤ ᠳᠤ ᠨᠡᠪᠲᠡᠷᠡᠬᠦ ᠦᠨᠡᠮᠯᠡᠯ ᠪᠦᠬᠦᠢ | ᠪᠠᠷᠠᠭᠠᠨ ᠤ ᠲᠡᠭᠡᠭᠡᠪᠦᠷᠢ ᠶᠢᠨ ᠲᠡᠷᠭᠡ ᠶᠢᠨ ᠤᠷᠢᠳ ᠢᠶᠠᠷ ᠨᠡᠪᠲᠡᠷᠡᠬᠦ ᠶᠢ ᠪᠠᠲᠤᠯᠠᠵᠤ ᠪᠠᠶᠢᠨ᠎ᠠ᠃ ᠡᠭᠦᠨ ᠠᠴᠠ ᠡᠮᠦᠨ᠎ᠡ ᠥᠪᠥᠷ ᠮᠣᠩᠭᠤᠯ ᠨᠢᠭᠡᠨᠲᠡ ᠪᠥᠬᠦ ᠤᠯᠤᠰ ᠤᠨ | ᠨᠢᠭᠡᠳᠦᠯᠲᠡᠢ ᠵᠠᠭᠪᠤᠷ ᠪᠦᠬᠦᠢ ᠭᠤᠣᠯᠳᠠᠯᠭ᠎ᠠ ᠲᠠᠢ ᠡᠳ᠋ ᠪᠠᠷᠠᠭ᠎ᠠ ᠲᠡᠭᠡᠭᠡᠪᠦᠷᠢᠯᠡᠬᠦ ᠲᠡᠷᠭᠡ ᠶᠢᠨ ᠨᠡᠪᠲᠡᠷᠡᠬᠦ ᠦᠨᠡᠮᠯᠡᠯ ᠢ 36100 ᠲᠠᠷᠬᠠᠭᠠᠭᠰᠠᠨ ᠪᠥᠭᠡᠳ | ᠡᠯᠧᠺᠳ᠋ᠷᠣᠨᠴᠢᠯᠠᠬᠤ ᠶᠢ ᠪᠡᠶᠡᠯᠡᠭᠦᠯᠪᠡ᠃ ᠲᠣᠰ ᠤᠳᠠᠭ᠎ᠠ ᠪᠥᠬᠦ ᠤᠯᠤᠰ ᠤᠨ ᠰᠦᠯᠵᠢᠶ᠎ᠡ ᠳᠤ ᠬᠤᠯᠪᠣᠯᠳᠤᠭᠤᠯᠤᠨ ᠣᠷᠣᠭᠤᠯᠤᠭᠰᠠᠨ ᠠᠴᠠ ᠨᠠᠭᠠᠰᠢ᠂ ᠥᠪᠡᠷᠲᠡᠭᠡᠨ | ᠵᠠᠰᠠᠬᠤ ᠣᠷᠣᠨ ᠤ ᠲᠠᠷᠬᠠᠭᠠᠭᠰᠠᠨ ᠭᠤᠣᠯᠳᠠᠯᠭ᠎ᠠ ᠲᠠᠢ ᠡᠳ᠋ ᠪᠠᠷᠠᠭ᠎ᠠ ᠶᠢᠨ ᠨᠡᠪᠲᠡᠷᠡᠬᠦ ᠦᠨᠡᠮᠯᠡᠯ ᠪᠠᠶᠢᠪᠠᠯ ᠪᠥᠬᠦ ᠤᠯᠤᠰ ᠤᠨ ᠡᠯ᠎ᠡ ᠭᠠᠵᠠᠷ ᠤᠨ ᠬᠢᠵᠢᠭ ᠢ | ᠰᠡᠷᠭᠡᠶᠢᠯᠡᠵᠦ ᠪᠠᠶᠢᠴᠠᠭᠠᠨ ᠰᠢᠨᠵᠢᠯᠡᠬᠦ ᠴᠡᠭ ᠢᠶᠠᠷ ᠥᠩᠭᠡᠷᠡᠬᠦ ᠦᠶ᠎ᠡ ᠳᠤ᠂ ᠵᠠᠮ ᠲᠡᠭᠡᠭᠡᠪᠦᠷᠢ ᠶᠢᠨ ᠶᠠᠮᠤᠨ ᠤ ᠸᠢᠴᠠᠲ ᠤᠨ ᠨᠡᠶᠢᠲᠡ ᠶᠢᠨ ᠳ᠋ᠤᠭᠠᠷ ᠤᠨ | ᠦᠢᠯᠡᠴᠢᠯᠡᠭᠡᠨ ᠤ ᠵᠢᠵᠢᠭ ᠫᠷᠣᠭ᠍ᠷᠠᠮ ᠢᠶᠠᠷ ᠬᠠᠶᠢᠬᠤ ᠪᠠ ᠭᠠᠷᠭᠠᠨ ᠦᠵᠡᠭᠦᠯᠵᠦ ᠪᠣᠯᠣᠨ᠎ᠠ᠃ ᠡᠨᠡ ᠨᠢ ᠪᠠᠶᠢᠴᠠᠭᠠᠨ ᠰᠢᠯᠭᠠᠬᠤ ᠪᠠ ᠨᠡᠪᠲᠡᠷᠡᠬᠦ ᠦᠷ᠎ᠡ ᠪᠦᠲᠦᠮᠵᠢ ᠶᠢ | ᠪᠦᠲᠦᠮᠵᠢᠲᠡᠶ ᠳᠡᠭᠡᠭᠰᠢᠯᠡᠭᠦᠯᠬᠦ ᠪᠣᠯᠣᠨ᠎ᠠ᠃ | | | |