ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ | ᠣᠶᠢᠷ᠎ᠠ ᠳᠤ᠂ ᠮᠠᠨ ᠤ ᠣᠷᠣᠨ ᠨᠡᠶᠢᠲᠡ ᠶᠢᠨ ᠥᠮᠴᠢᠯᠡᠯ ᠤᠨ ᠪᠤᠰᠤ ᠬᠦᠷᠢᠶᠡᠨ ᠳᠠᠬᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠮᠡᠷᠭᠡᠵᠢᠯ ᠤᠨ ᠴᠣᠯᠠ ᠶᠢ ᠬᠢᠨᠠᠨ | ᠲᠣᠭᠲᠠᠭᠠᠬᠤ ᠰᠢᠨ᠎ᠡ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠴᠢᠳᠠᠪᠤᠷᠢᠲᠠᠨ ᠤ ᠮᠡᠷᠭᠡᠵᠢᠯ ᠤᠨ ᠴᠣᠯᠠ ᠶᠢ | ᠬᠢᠨᠠᠨ ᠲᠣᠭᠲᠠᠭᠠᠬᠤ ᠳᠤ ᠠᠳᠠᠯᠢ ᠲᠡᠭᠰᠢ ᠬᠠᠷᠠᠭᠠᠯᠵᠠᠯ ᠬᠦᠷᠲᠡᠬᠦ ᠶᠢ ᠪᠠᠲᠤᠯᠠᠪᠠ᠃ | ᠣᠶᠢᠯᠠᠭᠠᠭᠰᠠᠨ ᠢᠶᠠᠷ᠂ ᠨᠡᠶᠢᠲᠡ ᠶᠢᠨ ᠥᠮᠴᠢᠯᠡᠯ ᠤᠨ ᠪᠤᠰᠤ ᠬᠦᠷᠢᠶᠡᠨ ᠳᠠᠬᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠡᠷᠦᠬᠡ ᠠᠮᠠ ᠶᠢᠨ ᠲᠠᠩᠰᠠ᠂ | ᠥᠮᠴᠢᠯᠡᠯ ᠤᠨ ᠳᠦᠷᠢᠮ ᠤᠨ ᠬᠢᠵᠠᠭᠠᠷᠯᠠᠯ ᠦᠭᠡᠢ ᠪᠠᠷ ᠬᠥᠳᠡᠯᠮᠦᠷᠢ ᠶᠢᠨ ᠬᠠᠷᠢᠴᠠᠭ᠎ᠠ ᠶᠢᠨ ᠪᠠᠶᠢᠭ᠎ᠠ ᠭᠠᠵᠠᠷ ᠲᠤ ᠪᠠᠨ ᠮᠡᠷᠭᠡᠵᠢᠯ ᠤᠨ ᠴᠣᠯᠠ ᠶᠢᠨ ᠬᠢᠨᠠᠨ | ᠲᠣᠭᠲᠠᠭᠠᠯᠲᠠ ᠳᠤ ᠣᠷᠣᠯᠴᠠᠵᠤ ᠪᠣᠯᠣᠨ᠎ᠠ᠃ ᠮᠡᠷᠭᠡᠵᠢᠯ ᠤᠨ ᠴᠣᠯᠠ ᠶᠢ ᠱᠠᠲᠤ ᠳᠠᠷᠠᠭᠠᠯᠠᠨ ᠭᠤᠶᠤᠴᠢᠯᠠᠨ ᠮᠡᠳᠡᠭᠦᠯᠬᠦ ᠱᠠᠭᠠᠷᠳᠠᠯᠭ᠎ᠠ ᠳᠤ ᠬᠢᠵᠠᠭᠠᠷᠯᠠᠭᠳᠠᠬᠤ | ᠦᠭᠡᠢ ᠪᠠᠷ ᠵᠣᠬᠢᠬᠤ ᠲᠤᠰᠬᠠᠢ ᠮᠡᠷᠭᠡᠵᠢᠯ ᠤᠨ ᠴᠣᠯᠠ ᠪᠠᠨ ᠰᠢᠭᠤᠳ ᠭᠤᠶᠤᠴᠢᠯᠠᠨ ᠮᠡᠳᠡᠭᠦᠯᠵᠦ ᠪᠣᠯᠣᠨ᠎ᠠ᠃ ᠡᠭᠦᠨ ᠳᠤ᠂ ᠶᠡᠭᠡ ᠰᠤᠷᠭᠠᠭᠤᠯᠢ ᠶᠢᠨ ᠵᠢᠩᠬᠢᠨᠢ | ᠠᠩᠭᠢ ᠠᠴᠠ ᠲᠡᠭᠦᠰᠦᠭᠰᠡᠨ ᠪᠦᠭᠡᠳ ᠲᠤᠰᠬᠠᠢ ᠮᠡᠷᠭᠡᠵᠢᠯ ᠤᠨ ᠠᠵᠢᠯ ᠬᠢᠭᠡᠳ ᠪᠦᠬᠦᠯᠢ 5 ᠵᠢᠯ ᠪᠣᠯᠤᠭᠰᠠᠨ ᠪᠤᠶᠤ ᠲᠤᠰᠬᠠᠢ ᠮᠡᠷᠭᠡᠵᠢᠯ ᠤᠨ ᠠᠩᠭᠢ ᠠᠴᠠ ᠲᠡᠭᠦᠰᠴᠦ | ᠲᠤᠰᠬᠠᠢ ᠮᠡᠷᠭᠡᠵᠢᠯ ᠤᠨ ᠠᠵᠢᠯ ᠬᠢᠭᠡᠳ ᠪᠦᠬᠦᠯᠢ 8 ᠵᠢᠯ ᠪᠣᠯᠵᠤ ᠪᠠᠶᠢᠭ᠎ᠠ᠂ ᠠᠵᠢᠯ ᠤᠨ ᠦᠷ᠎ᠡ ᠪᠦᠲᠦᠮᠵᠢ ᠪᠠ ᠦᠷ᠎ᠡ ᠪᠦᠲᠦᠭᠡᠯ ᠤᠨ ᠨᠥᠬᠦᠴᠡᠯ ᠳᠤ ᠨᠡᠶᠢᠴᠡᠪᠡᠯ᠂ | ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠶᠢ ᠰᠢᠭᠤᠳ ᠭᠤᠶᠤᠴᠢᠯᠠᠨ ᠮᠡᠳᠡᠭᠦᠯᠵᠦ ᠪᠣᠯᠣᠨ᠎ᠠ︔ ᠵᠢᠩᠬᠢᠨᠢ ᠠᠩᠭᠢ ᠠᠴᠠ ᠲᠡᠭᠦᠰᠦᠭᠰᠡᠨ ᠪᠥᠭᠡᠳ ᠲᠤᠰᠬᠠᠢ | ᠮᠡᠷᠭᠡᠵᠢᠯ ᠤᠨ ᠠᠵᠢᠯ ᠬᠢᠭᠡᠳ ᠪᠦᠬᠦᠯᠢ 12 ᠵᠢᠯ ᠪᠣᠯᠵᠤ᠂ ᠠᠵᠢᠯ ᠤᠨ ᠦᠷ᠎ᠡ ᠪᠦᠲᠦᠮᠵᠢ ᠪᠠ ᠦᠷ᠎ᠡ ᠪᠦᠲᠦᠭᠡᠯ ᠤᠨ ᠨᠥᠬᠦᠴᠡᠯ ᠳᠤ ᠨᠡᠶᠢᠴᠡᠪᠡᠯ᠂ ᠳᠡᠳ᠋ ᠳᠡᠭᠡᠳᠦ | ᠵᠡᠷᠭᠡ ᠶᠢᠨ ᠮᠡᠷᠭᠡᠵᠢᠯ ᠤᠨ ᠴᠣᠯᠠ ᠶᠢ ᠰᠢᠭᠤᠳ ᠭᠤᠶᠤᠴᠢᠯᠠᠨ ᠮᠡᠳᠡᠭᠦᠯᠵᠦ ᠪᠣᠯᠣᠨ᠎ᠠ᠃ ᠨᠡᠶᠢᠲᠡ ᠶᠢᠨ ᠥᠮᠴᠢᠯᠡᠯ ᠤᠨ ᠪᠤᠰᠤ ᠬᠦᠷᠢᠶᠡᠨ ᠳᠠᠬᠢ ᠲᠤᠰᠬᠠᠢ | ᠮᠡᠷᠭᠡᠵᠢᠯ ᠤᠨ ᠴᠢᠳᠠᠪᠤᠷᠢᠲᠠᠨ ᠤ ᠥᠭᠦᠯᠡᠯ ᠪᠠ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠲᠤᠬᠠᠢ ᠠᠯᠪᠠᠳᠠᠯᠭ᠎ᠠ ᠶᠢᠨ ᠱᠠᠭᠠᠷᠳᠠᠯᠭ᠎ᠠ ᠦᠭᠡᠢ ᠪᠣᠯᠪᠠ᠃ | ᠡᠭᠦᠨ ᠤ ᠬᠠᠮᠲᠤ᠂ ᠲᠤᠰᠬᠠᠶᠢᠵᠢᠭᠰᠠᠨ ᠨᠠᠷᠢᠯᠢᠭᠵᠢᠭᠤᠯᠤᠭᠰᠠᠨ ᠦᠪᠡᠷᠮᠢᠴᠡ᠂ ᠰᠢᠨ᠎ᠡ ᠮᠠᠶ᠋ᠢᠭ ᠤᠨ ᠵᠡᠷᠭᠡ ᠭᠤᠣᠯᠳᠠᠯᠭ᠎ᠠ ᠲᠠᠢ ᠠᠵᠤ ᠠᠬᠤᠶᠢᠯᠠᠯ ᠤᠨ | ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠶᠢ ᠳᠡᠮᠵᠢᠨ᠎ᠡ᠃ ᠨᠥᠬᠦᠴᠡᠯ ᠲᠠᠢ ᠭᠠᠵᠠᠷ ᠣᠷᠣᠨ ᠪᠠ ᠳᠡᠭᠡᠳᠦ | ᠵᠡᠷᠭᠡ ᠶᠢᠨ ᠰᠢᠯᠭᠠᠷᠠᠭᠤᠯᠬᠤ ᠺᠣᠮᠢᠰ ᠠᠴᠠ ᠲᠤᠰᠬᠠᠶᠢᠵᠢᠭᠰᠠᠨ ᠨᠠᠷᠢᠯᠢᠭᠵᠢᠭᠤᠯᠤᠭᠰᠠᠨ ᠦᠪᠡᠷᠮᠢᠴᠡ ᠰᠢᠨ᠎ᠡ ᠮᠠᠶ᠋ᠢᠭ ᠤᠨ ᠳᠤᠮᠳᠠ ᠵᠢᠵᠢᠭ ᠠᠵᠤ ᠠᠬᠤᠶᠢᠯᠠᠯ ᠪᠠ | ᠦᠢᠯᠡᠳᠬᠡᠯ ᠤᠨ ᠦᠢᠯᠡᠰ ᠤᠨ ᠳᠠᠩ ᠲᠦᠷᠦᠯ ᠤᠨ ᠮᠠᠩᠯᠠᠢ ᠳᠤ ᠰᠢᠯᠭᠠᠷᠠᠭᠰᠠᠨ ᠠᠵᠤ ᠠᠬᠤᠶᠢᠯᠠᠯ ᠤᠨ ᠴᠢᠳᠠᠪᠤᠷᠢᠲᠠᠨ ᠤ ᠮᠡᠷᠭᠡᠵᠢᠯ ᠤᠨ ᠴᠣᠯᠠ ᠶᠢ ᠬᠢᠨᠠᠨ | ᠲᠣᠭᠲᠠᠭᠠᠬᠤ ᠳᠤ ᠲᠤᠰᠠᠭᠠᠷ ᠳᠤᠭᠤᠶᠢᠯᠠᠩ ᠬᠤᠪᠢᠶᠠᠬᠤ᠂ ᠲᠤᠰᠠᠭᠠᠷ ᠬᠢᠨᠠᠨ ᠲᠣᠭᠲᠠᠭᠠᠬᠤ ᠪᠤᠶᠤ ᠲᠤᠰᠬᠠᠢ ᠲᠥᠷᠥᠯ ᠢᠶᠠᠷ ᠬᠢᠨᠠᠨ ᠲᠣᠭᠲᠠᠭᠠᠬᠤ ᠶᠢ ᠬᠡᠷᠡᠭᠵᠢᠭᠦᠯᠬᠦ ᠶᠢ | ᠵᠣᠷᠢᠭᠵᠢᠭᠤᠯᠤᠨ᠎ᠠ᠃ ᠮᠡᠷᠭᠡᠵᠢᠯ ᠤᠨ ᠰᠢᠨ᠎ᠡ ᠶᠢ ᠡᠭᠦᠳᠦᠯᠲᠡ᠂ ᠲᠤᠰᠬᠠᠢ ᠠᠰᠢᠭ ᠤᠨ ᠡᠭᠦᠳᠦᠯᠲᠡ ᠵᠡᠷᠭᠡ ᠲᠠᠯ᠎ᠠ ᠪᠠᠷ ᠣᠯᠣᠭᠰᠠᠨ ᠠᠵᠢᠯ ᠤᠨ ᠠᠮᠵᠢᠯᠲᠠ ᠪᠦᠲᠦᠮᠵᠢ | ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠦᠨᠡᠯᠡᠨ ᠲᠣᠭᠲᠠᠭᠠᠬᠤ ᠭᠤᠣᠯ ᠭᠦᠢᠴᠡᠳᠬᠡᠯ ᠲᠤᠭ᠎ᠠ ᠳᠤ ᠣᠷᠣᠭᠤᠯᠤᠨ᠎ᠠ᠃ ᠡᠭᠦᠨ ᠠᠴᠠ ᠭᠠᠳᠠᠨ᠎ᠠ᠂ ᠲᠣᠰ | ᠬᠥᠮᠥᠨ ᠤ ᠪᠠᠶᠢᠭ᠎ᠠ ᠨᠢᠭᠡᠴᠢ᠂ ᠲᠠᠩᠰᠠ ᠡᠪᠬᠡᠮᠡᠯ ᠢ ᠨᠢ ᠬᠠᠳᠠᠭᠠᠯᠠᠵᠤ ᠪᠠᠶᠢᠭ᠎ᠠ ᠴᠢᠳᠠᠪᠤᠷᠢᠲᠠᠨ ᠤ ᠰᠣᠯᠢᠯᠴᠠᠭᠠᠨ ᠤ ᠦᠢᠯᠡᠴᠢᠯᠡᠭᠡᠨ ᠤ ᠪᠠᠶᠢᠭᠤᠯᠤᠮᠵᠢ᠂ ᠨᠡᠶᠢᠭᠡᠮ ᠤᠨ | ᠵᠣᠬᠢᠶᠠᠨ ᠪᠠᠶᠢᠭᠤᠯᠤᠯᠲᠠ ᠪᠤᠶᠤ ᠨᠢᠭᠡᠴᠢ ᠶᠢᠨ ᠪᠠᠶᠢᠭ᠎ᠠ ᠭᠠᠵᠠᠷ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ | ᠵᠡᠷᠭᠡ ᠣᠯᠠᠨ ᠠᠷᠭ᠎ᠠ ᠵᠠᠮ ᠢᠶᠠᠷ ᠮᠡᠷᠭᠡᠵᠢᠯ ᠤᠨ ᠴᠣᠯᠠ ᠭᠤᠶᠤᠴᠢᠯᠠᠨ ᠮᠡᠳᠡᠭᠦᠯᠵᠦ ᠪᠣᠯᠤᠨ᠎ᠠ᠃ | |