5 ᠰᠠᠷ᠎ᠠ ᠶᠢᠨ 23 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠲᠠᠪᠤᠳᠤᠭᠠᠷ ᠬᠤᠷᠠᠯ ᠡᠬᠢᠯᠡᠭᠰᠡᠨ ᠪᠥᠭᠡᠳ ᠠᠩᠬᠠᠳᠤᠭᠠᠷ ᠪᠦᠬᠦᠳᠡ ᠬᠤᠷᠠᠯ ᠬᠢᠪᠡ᠃ | | ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠪᠦᠷᠢᠯᠳᠦᠬᠦᠨ ᠣᠲᠣ 63 ᠬᠥᠮᠦᠨ ᠪᠣᠶ᠂ 59 ᠬᠥᠮᠦᠨ ᠨᠢ ᠲᠣᠰ ᠤᠳᠠᠭ᠎ᠠ ᠶᠢᠨ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ | ᠬᠥᠮᠦᠨ ᠤ ᠲᠤᠭ᠎ᠠ ᠳᠤ ᠨᠡᠶᠢᠴᠡᠪᠡ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠩᠭᠤ ᠶᠢᠨ ᠳᠡᠳ᠋ ᠡᠷᠬᠢᠯᠡᠭᠴᠢ ᠯᠢᠨ | ᠱᠤᠤ ᠴᠦᠨ ᠬᠤᠷᠠᠯ ᠢ ᠡᠷᠭᠢᠯᠡᠵᠦ᠂ ᠳᠡᠳ᠋ ᠡᠷᠬᠢᠯᠡᠭᠴᠢ ᠯᠢ ᠷᠦᠡᠭ ᠰᠢ᠂ ᠵᠠᠩ ᠶᠤᠸᠠᠨ ᠵᠥᠩ᠂ ᠳ᠋ᠤᠸᠠᠨ ᡁᠢ ᠴᠢᠶᠠᠩ᠂ ᠾᠧ ᠶᠠᠨ ᠯᠢᠩ᠂ ᠨᠠᠷᠢᠨ ᠪᠢᠴᠢᠭ ᠤᠨ | ᠳᠠᠷᠤᠭ᠎ᠠ ᠱᠢ ᠸᠧᠨ ᠰᠢᠤᠸᠠᠢ ᠵᠢᠴᠢ ᠪᠠᠶᠢᠩᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠠᠶ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ | ᠪᠣᠣ ᠰᠢᠶᠠᠨ ᠬᠤᠸᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠦᠩ ᠷᠧᠨ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠴᠢ ᠯᠢᠨ ᠬᠤᠷᠠᠯ ᠳᠤ ᠰᠤᠯᠠ ᠣᠷᠣᠯᠴᠠᠵᠠᠢ᠃ | ᠬᠤᠷᠠᠯ ᠤᠨ ᠵᠥᠪᠯᠡᠬᠦ ᠵᠦᠶ᠋ᠯᠡᠰ ᠢ ᠪᠠᠲᠤᠯᠠᠭᠰᠠᠨ ᠤ ᠳᠠᠷᠠᠭ᠎ᠠ᠂ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠠᠤᠯᠢ ᠲᠦᠷᠢᠮ ᠤᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠯᠠ ᠵᠢᠶᠦ᠋ᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠬᠠᠮᠢᠶᠠᠷᠤᠯᠲᠠ ᠶᠢᠨ ᠲᠦᠷᠢᠮ ︵ᠲᠥᠰᠦᠯ︶︾ ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠶ | ᠮᠡᠳᠡᠭᠦᠯᠦᠯᠲᠡ ᠶᠢ ᠰᠣᠨᠣᠰᠪᠠ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ ᠤᠨ ᠡᠷᠬᠢᠯᠡᠭᠴᠢ ᠰᠢᠤᠢ ᠬᠤᠸᠠᠢ | ᠶᠦᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠠᠵᠤ ᠠᠬᠤᠶ ᠶᠢᠨ ᠬᠠᠷᠠᠯᠲᠠ ᠶᠢ ᠰᠡᠷᠬᠡᠶᠢᠯᠡᠨ ᠬᠠᠮᠠᠭᠠᠯᠠᠬᠤ | ᠬᠠᠮᠢᠶᠠᠷᠤᠯᠲᠠ ᠶᠢᠨ ᠲᠦᠷᠢᠮ ︵ᠲᠥᠰᠦᠯ︶︾ ᠤᠨ ᠲᠤᠬᠠᠶ ᠲᠣᠳᠣᠷᠬᠠᠶᠢᠯᠠᠯᠲᠠ ᠶᠢ ᠰᠣᠨᠣᠰᠪᠠ︔ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ | ᠲᠢᠩᠬᠢᠮ ᠤᠨ ᠳᠡᠳ᠋ ᠳᠠᠷᠤᠭ᠎ᠠ ᠯᠢᠦ ᠬᠤᠩ ᠤᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠤᠷ ᠴᠠᠭᠠᠵᠠᠯᠠᠬᠤ ᠲᠦᠷᠢᠮ ︵ᠲᠥᠰᠦᠯ︶︾ | ᠤᠨ ᠲᠤᠬᠠᠶ ᠲᠣᠳᠣᠷᠬᠠᠶᠢᠯᠠᠯᠲᠠ ᠶᠢ ᠰᠣᠨᠣᠰᠪᠠ︔ ᠠᠯᠠᠱᠠ ᠠᠶᠢᠮᠠᠭ ᠤᠨ ᠳᠠᠷᠤᠭ᠎ᠠ ᠯᠢ ᠵᠥᠩ ᠽᠧᠩ ᠤᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠪᠠᠳᠠᠢ ᠶᠢᠨ ᠵᠢᠷᠠᠨ ᠤ ᠡᠯᠡᠰᠦ ᠮᠠᠩᠬ᠎ᠠ ᠨᠠᠭᠤᠷ ᠪᠦᠷᠢᠳᠦ ᠶᠢᠨ ᠰᠦᠷᠦᠭᠵᠢᠯ ᠢ ᠬᠠᠮᠠᠭᠠᠯᠠᠬᠤ ᠲᠦᠷᠢᠮ ︵ᠲᠥᠰᠦᠯ︶︾ ᠤᠨ ᠲᠤᠬᠠᠶ ᠲᠣᠳᠣᠷᠬᠠᠶᠢᠯᠠᠯᠲᠠ ᠶᠢ | ᠰᠣᠨᠣᠰᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠳᠡᠳ᠋ ᠳᠠᠷᠤᠭ᠎ᠠ ᠳ᠋ᠠᠶ ᠶᠠᠨ ᠤ ᠬᠢᠭᠰᠡᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠯᠪᠠᠨ ᠭᠡᠷᠡᠴᠢᠯᠡᠭᠡ ᠶᠢᠨ ᠲᠦᠷᠢᠮ︾ ᠵᠡᠷᠭᠡ ᠣᠷᠣᠨ ᠨᠤᠲᠤᠭ ᠤᠨ ᠴᠢᠨᠠᠷᠲᠠᠶ 3 ᠬᠠᠤᠯᠢ ᠲᠣᠭᠲᠠᠭᠠᠯ ︵ᠵᠠᠰᠠᠪᠤᠷᠢ | ᠣᠷᠣᠭᠤᠯᠤᠬᠰᠠᠨ ᠲᠥᠰᠦᠯ︶ ᠤᠨ ᠲᠤᠬᠠᠶ ᠲᠣᠳᠣᠷᠬᠠᠶᠢᠯᠠᠯᠲᠠ ᠶᠢ ᠰᠣᠨᠣᠰᠪᠠ︔ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠪᠠᠶ ᠴᠢᠩ ᠶᠤᠸᠠᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨᠴᠠ ᠲᠥᠷᠥᠯ ᠤᠨ | ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠦᠷᠢᠮ︾ ᠵᠡᠷᠭᠡ ᠣᠷᠣᠨ ᠨᠤᠲᠤᠭ ᠤᠨ ᠴᠢᠨᠠᠷᠲᠠᠶ 3 ᠬᠠᠤᠯᠢ ᠲᠣᠭᠲᠠᠭᠠᠯ ︵ᠵᠠᠰᠠᠪᠤᠷᠢ | ᠣᠷᠣᠭᠤᠯᠤᠭᠰᠠᠨ ᠲᠥᠰᠦᠯ︶ ᠤᠨ ᠲᠤᠬᠠᠶ ᠲᠣᠳᠣᠷᠬᠠᠶᠢᠯᠠᠯᠲᠠ ᠶᠢ ᠰᠣᠨᠣᠰᠪᠠ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯᠳᠠᠨ ᠤ ᠶᠠᠪᠤᠳᠠᠯ ᠤᠨ ᠲᠥᠯᠥᠭᠡᠯᠡᠭᠴᠢ ᠶᠢ ᠰᠣᠩᠭᠤᠬᠤ ᠠᠵᠢᠯ ᠤᠨ ᠵᠥᠪᠯᠡᠯ ᠤᠨ ᠡᠷᠬᠢᠯᠡᠭᠴᠢ ᠰᠦᠨ ᠸᠧᠢ | ᠳ᠋ᠦᠩ ᠤᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠲᠣᠮᠢᠯᠠᠵᠤ ᠪᠠᠭᠤᠯᠭᠠᠬᠤ ᠠᠵᠢᠯ ᠤᠨ ᠠᠷᠭ᠎ᠠ ︵ᠵᠠᠰᠠᠪᠤᠷᠢ ᠣᠷᠣᠭᠤᠯᠤᠬᠰᠠᠨ ᠲᠥᠰᠦᠯ︶︾ ᠶᠢᠨ ᠲᠤᠬᠠᠢ ᠲᠣᠳᠣᠷᠬᠠᠶᠢᠯᠠᠯᠲᠠ ᠶᠢ ᠰᠣᠨᠣᠰᠪᠠ︔ ᠥᠪᠡᠷᠲᠡᠭᠡᠨ | ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠲᠢᠩᠬᠢᠮ ᠤᠨ ᠡᠷᠬᠢᠯᠡᠭᠴᠢ ᠯᠢ ᠶᠠᠨ ᠪᠢ ᠶᠢᠨ | ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠵᠠᠬᠢᠳᠠᠯ ᠰᠤᠷᠪᠤᠯᠵᠢᠯᠠᠯ ᠤᠨ ᠲᠦᠷᠢᠮ︾ ᠢ ᠬᠦᠴᠦᠨ ᠥᠬᠡᠶ ᠪᠣᠯᠭᠠᠬᠤ ᠲᠤᠬᠠᠶ ᠲᠣᠳᠣᠷᠬᠠᠶᠢᠯᠠᠯᠲᠠ ᠶᠢ ᠰᠣᠨᠣᠰᠪᠠ︔ ᠶᠠᠩ ᠽᠦᠩ ᠷᠧᠨ᠂ ᠯᠢ ᠴᠢ | ᠯᠢᠨ᠂ ᠯᠢᠦ ᠬᠤᠩ᠂ ᠳ᠋ᠠᠢ ᠶᠠᠨ ᠤ ᠲᠤᠰ ᠲᠤᠰ ᠬᠢᠭᠰᠡᠨ ᠪᠦᠬᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠳᠤᠮᠳᠠ | ᠣᠷᠣᠰᠢᠵᠤ ᠪᠠᠶᠢᠭ᠎ᠠ ᠠᠷᠬᠠᠭ ᠭᠡᠮ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠪᠠ︔ ᠥᠪᠡᠷᠲᠡᠭᠡᠨ | ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠣᠲᠣᠭᠠᠳᠤ ᠶᠠᠪᠤᠳᠠᠯ ᠤᠨ ᠬᠠᠤᠯᠢ ᠴᠠᠭᠠᠵᠠ ᠶᠢᠨ | ᠠᠵᠢᠯ ᠤᠨ ᠵᠥᠪᠯᠡᠯ ᠤᠨ ᠡᠷᠬᠢᠯᠡᠭᠴᠢ ᠲᠢᠶᠠᠨ ᠵᠢᠶ ᠱᠧᠩ ᠤᠨ ᠬᠢᠭᠰᠡᠨ ︽ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠢ ᠴᠢᠩᠭᠠᠳᠬᠠᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ ︵ᠲᠥᠰᠦᠯ︶︾ | ᠤᠨ ᠲᠤᠬᠠᠶ ᠲᠣᠳᠣᠷᠬᠠᠶᠢᠯᠠᠯᠲᠠ ᠶᠢ ᠰᠣᠨᠣᠰᠪᠠ᠃ | ᠬᠤᠷᠠᠯ ᠠᠴᠠ ᠪᠠᠰᠠ ᠲᠣᠭᠤᠷᠢᠭ ᠲᠤᠬᠢᠷᠠᠭᠤᠯᠤᠭᠰᠠᠨ ᠬᠤᠲᠠ᠂ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠠ ᠲᠤᠰᠬᠠᠶ ᠲᠦᠷᠢᠮ ᠢ ᠮᠡᠳᠡᠭᠦᠯᠵᠤ ᠵᠥᠪᠰᠢᠶᠡᠷᠡᠬᠦᠯᠬᠦ᠂ ᠵᠠᠰᠠᠪᠤᠷᠢ ᠤᠷᠤᠭᠤᠯᠬᠤ | ᠂ ᠬᠦᠴᠦᠨ ᠥᠬᠡᠶ ᠪᠣᠯᠭᠠᠬᠤ ᠲᠤᠬᠠᠢ ᠲᠣᠳᠣᠷᠬᠠᠶᠢᠯᠠᠯᠲᠠ ᠶᠢ ᠬᠢᠨᠠᠨ ᠵᠥᠪᠯᠡᠵᠡᠶ︔ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠥᠪᠡᠷᠲᠡᠭᠡᠨ ᠵᠠᠰᠠᠬᠤ | ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠠᠰᠠᠭ ᠵᠠᠬᠢᠷᠭᠠᠨ ᠤ ᠲᠣᠷᠭᠠᠭᠤᠯᠢ ᠶᠢᠨ ᠬᠠᠤᠯᠢ᠂ ᠵᠠᠰᠠᠭ | ᠵᠠᠬᠢᠷᠭᠠᠨ ᠤ ᠵᠥᠪᠰᠢᠶᠡᠷᠡᠯ ᠤᠨ ᠬᠠᠤᠯᠢ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠬᠠᠤᠯᠢ ᠶᠢᠨ ᠲᠤᠬᠠᠢ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ | ᠮᠡᠳᠡᠭᠦᠯᠦᠯᠲᠡ ᠪᠠ ᠠᠰᠠᠭᠤᠳᠠᠯ ᠤᠨ ᠨᠠᠷᠢᠨ ᠲᠠᠩᠰᠠ ᠶᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠮᠡᠳᠡᠭᠦᠯᠦᠯᠲᠡ᠂ 2022 | ᠣᠨ ᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠲᠥᠰᠦᠪ ᠤᠨ ᠲᠣᠬᠢᠷᠠᠭᠤᠯᠤᠯᠲᠠ ᠶᠢᠨ ᠲᠥᠰᠦᠯ ︵ᠨᠤᠤᠷᠠᠭ︶ ᠤᠨ ᠲᠤᠬᠠᠶ ᠮᠡᠳᠡᠭᠦᠯᠦᠯᠲᠡ ᠶᠢ ᠬᠢᠨᠠᠨ | ᠵᠥᠪᠯᠡᠪᠡ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ᠂ | ᠭᠡᠰᠢᠭᠦᠨ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠪᠠᠶᠢᠭᠤᠯᠤᠮᠵᠢ | ᠂ ᠠᠶᠢᠮᠠᠭ ᠤᠨ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ᠨᠥᠬᠦᠳ︔ ᠡᠯ᠎ᠡ ᠲᠣᠭᠤᠷᠢᠭ ᠲᠤᠬᠢᠷᠠᠭᠤᠯᠤᠭᠰᠠᠨ ᠬᠤᠲᠠ ᠪᠠ ᠥᠪᠡᠷᠲᠡᠭᠡᠨ ᠵᠠᠰᠠᠬᠤ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠷᠢᠭᠤᠴᠠᠯᠭᠠᠲᠠᠨ ᠨᠥᠬᠦᠳ︔ ᠥᠪᠡᠷᠲᠡᠭᠡᠨ ᠵᠠᠰᠠᠬᠤ ᠣᠷᠣᠨ ᠤ ᠬᠢᠨᠠᠨ | ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ | ᠬᠤᠷᠠᠯ ᠳᠤ ᠰᠤᠯᠠ ᠣᠷᠣᠯᠴᠠᠵᠠᠢ᠃ | | | | | |