ᠰᠦᠨ ᠱᠤᠤ ᠴᠧᠩ ᠦᠶ᠋ᠯᠡᠳᠪᠦᠷᠢ ᠬᠤᠳᠠᠯᠳᠤᠭᠠᠨ ᠤ ᠬᠤᠪᠢ ᠡᠷᠦᠬᠡ ᠶᠢᠨ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/5/26
      5 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠥᠬᠡᠬᠤᠲᠠ ᠶᠢᠨ ᠸᠠᠨ ᠳ᠋ᠠ ᠶᠠᠪᠠᠭᠠᠨ ᠵᠡᠭᠡᠯᠢ ᠳᠤ ᠬᠦᠷᠴᠦ᠂ ᠵᠡᠭᠡᠯᠢ ᠳᠠᠭᠠᠤ ᠶᠢᠨ ᠬᠤᠳᠠᠯᠳᠤᠭ᠎ᠠ ᠳᠡᠯᠭᠡᠭᠦᠷ ᠢᠶᠠᠷ ᠲᠣᠭᠤᠷᠢᠨ ᠦᠵᠡᠵᠦ᠂ ᠢᠳᠡᠭᠡᠨ ᠤᠮᠳᠠᠭᠠᠨ᠂ ᠵᠢᠵᠢᠭᠯᠡᠨ ᠪᠤᠷᠤᠯᠠᠭᠤᠯᠬᠤ ᠵᠡᠷᠭᠡ ᠦᠶ᠋ᠯᠡᠳᠪᠦᠷᠢ ᠬᠤᠳᠠᠯᠳᠤᠭᠠᠨ ᠤ ᠬᠤᠪᠢ ᠡᠷᠦᠬᠡ ᠶᠢᠨ ᠡᠵᠡᠩᠨᠡᠯᠲᠡ ᠶᠢᠨ ᠪᠠᠶᠢᠳᠠᠯ ᠢ ᠭᠦᠨᠵᠡᠭᠡᠶ ᠣᠶᠢᠯᠠᠭᠠᠪᠠ᠃       ᠰᠦᠨ ᠱᠤᠤ ᠴᠧᠩ ᠵᠠᠮ ᠲᠠᠭᠠᠤ ᠲᠠᠭᠠᠷᠠᠬᠰᠠᠨ ᠬᠤᠭᠤᠯᠠᠨ ᠬᠡᠷ᠂ ᠬᠠᠮ ᠳᠡᠯᠭᠡᠭᠦᠷ᠂ ᠬᠤᠪᠴᠠᠰᠤᠨ ᠤ ᠳᠡᠯᠭᠡᠭᠦᠷ᠂ ᠵᠢᠮᠢᠰ ᠤᠨ ᠳᠡᠯᠭᠡᠭᠦᠷ ᠵᠡᠷᠭᠡ ᠬᠤᠳᠠᠯᠳᠤᠭ᠎ᠠ ᠳᠡᠯᠭᠡᠭᠦᠷ ᠢᠶᠠᠷ ᠬᠦᠷᠴᠦ᠂ ᠳᠡᠯᠭᠡᠭᠦᠷ ᠤᠨ ᠡᠵᠡᠨ᠂ ᠳᠡᠯᠭᠡᠭᠦᠷ ᠤᠨ ᠠᠵᠢᠯᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠪᠠ᠃ ᠬᠡᠷᠡᠭᠯᠡᠭᠴᠢᠳ ᠤᠯᠠᠨ ᠪᠠᠶᠢᠬᠤ ᠡᠰᠡᠬᠦ᠂ ᠡᠳᠦᠷ ᠪᠦᠷᠢ ᠶᠢᠨ ᠳᠤᠮᠳᠠᠴᠢ ᠪᠤᠷᠤᠯᠠᠭᠤᠯᠤᠯᠲᠠ ᠬᠡᠳᠦᠢ ᠬᠦᠷᠴᠤ ᠪᠠᠶᠢᠬᠤ᠂ ᠭᠡᠷ ᠤᠨ ᠲᠦᠷᠢᠶᠡᠰᠦᠨ ᠮᠦᠩᠭᠦ ᠶᠢ ᠨᠢ ᠬᠠᠰᠤᠵᠤ ᠬᠡᠯᠲᠦᠷᠢᠭᠦᠯᠦᠭᠰᠡᠨ ᠡᠰᠡᠬᠦ᠂ ᠰᠠᠷ᠎ᠠ ᠶᠢᠨ ᠴᠠᠯᠢᠩ ᠬᠡᠳᠦᠢ ᠣᠯᠵᠤ ᠳᠡᠶᠢᠯᠬᠦ᠂ ᠬᠦᠷᠦᠭᠰᠡᠨ ᠭᠠᠵᠠᠷ ᠪᠤᠯᠭᠠᠨ ᠳᠤ ᠲᠡᠷᠡ ᠴᠦᠮ ᠶᠠᠮᠠᠷ ᠶᠠᠮᠠᠷ ᠪᠣᠳᠠᠲᠠᠢ ᠬᠦᠴᠢᠷᠳᠡᠯ ᠪᠠᠶᠢᠬᠤ ᠲᠤᠬᠠᠢ ᠬᠠᠯᠠᠮᠵᠢᠯᠠᠨ ᠠᠰᠠᠭᠤᠵᠤ᠂ ᠤᠯᠠᠨ ᠲᠠᠢ ᠬᠠᠮᠲᠤ ᠨᠠᠷᠢᠨ ᠲᠠᠩᠰᠠ ᠪᠤᠳᠤᠵᠤ᠂ ᠠᠷᠭᠠᠴᠠᠭᠠᠬᠤ ᠠᠷᠭ᠎ᠠ ᠪᠤᠳᠤᠵᠠᠢ᠃ ᠲᠡᠷᠡ᠂ ᠬᠢᠵᠢᠭ ᠤᠨ ᠪᠠᠶᠢᠳᠠᠯ ᠤᠨ ᠳᠠᠭᠠᠷᠢᠯᠲᠠ ᠶᠢ ᠠᠷᠭᠠᠴᠠᠭᠠᠬᠤ ᠶᠢᠨ ᠲᠥᠯᠥᠭᠡ ᠵᠠᠰᠠᠭ ᠤᠨ ᠣᠷᠳᠣᠨ ᠠᠴᠠ ᠵᠠᠷᠢᠮ ᠭᠠᠶᠢᠯᠢ ᠰᠦᠢᠳᠭᠡᠯ ᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠲᠣᠭᠲᠠᠭᠠᠪᠠ᠂ ᠣᠯᠠᠨ ᠤ ᠦᠵᠡᠬᠦ ᠪᠠᠷ ᠵᠠᠰᠠᠭ ᠤᠨ ᠣᠷᠳᠣᠨ ᠤ ᠬᠢᠬᠦ ᠴᠢᠬᠤᠯᠠᠲᠠᠶ ᠵᠦᠢᠯ ᠶᠠᠭᠤ ᠪᠠᠶᠢᠨ᠎ᠠ᠂ ᠶᠠᠮᠠᠷ ᠰᠠᠶᠢᠨ ᠰᠠᠨᠠᠭᠤᠯᠭ᠎ᠠ ᠪᠠᠶᠢᠪᠠᠯ ᠲᠤᠷᠠᠳᠴᠤ ᠪᠤᠯᠤᠨ᠎ᠠ᠂ ᠪᠢᠳᠡ ᠬᠠᠮᠲᠤ ᠪᠠᠷ ᠠᠷᠭ᠎ᠠ ᠪᠣᠳᠣᠵᠤ ᠠᠰᠠᠭᠤᠳᠠᠯ ᠢ ᠰᠢᠶ᠋ᠳᠪᠦᠷᠢᠯᠡᠵᠦ᠂ ᠬᠦᠴᠢᠷ ᠪᠡᠷᠬᠡᠰᠢᠶᠡᠯ ᠢ ᠲᠠᠪᠠᠶ᠎ᠠ ᠭᠡᠵᠡᠢ᠃       ᠰᠦᠨ ᠱᠤᠤ ᠴᠧᠩ᠂ ᠪᠠᠭ᠎ᠠ ᠵᠢᠵᠢᠭ ᠠᠵᠤ ᠠᠬᠤᠶᠢᠯᠠᠯ ᠪᠣᠯᠤᠨ ᠦᠢᠯᠡᠳᠪᠦᠷᠢ ᠬᠤᠳᠠᠯᠳᠤᠭᠠᠨ ᠤ ᠬᠤᠪᠢ ᠡᠷᠦᠬᠡ ᠪᠤᠯ ᠲᠦᠭ ᠲᠦᠮᠡᠨ ᠠᠶᠢᠯ ᠡᠷᠦᠬᠡ ᠲᠠᠢ ᠬᠤᠯᠪᠤᠭᠳᠠᠨ᠎ᠠ᠂ ᠡᠯ᠎ᠡ ᠱᠠᠳᠤ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠡᠯ᠎ᠡ ᠵᠦᠢᠯ ᠤᠨ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤᠨᠢ ᠪᠦᠬᠦ ᠲᠠᠯ᠎ᠠ ᠪᠠᠷ ᠪᠣᠳᠠᠲᠠᠢ ᠨᠠᠶᠢᠳᠠᠪᠤᠷᠢᠵᠢᠭᠤᠯᠵᠤ᠂ ᠰᠢᠨ᠎ᠡ ᠪᠠᠶᠢᠳᠠᠯ ᠢ ᠮᠦᠷᠳᠡᠨ ᠠᠩᠬᠠᠷᠴᠤ᠂ ᠰᠢᠨ᠎ᠡ ᠠᠰᠠᠭᠤᠳᠠᠯ ᠢ ᠰᠢᠢᠳᠪᠦᠷᠢᠯᠡᠵᠦ᠂ ᠬᠢᠵᠢᠭ ᠤᠨ ᠪᠠᠶᠢᠳᠠᠯ ᠤᠨ ᠲᠡᠳᠡᠨ ᠤ ᠬᠡᠪ ᠤᠨ ᠡᠵᠡᠩᠨᠡᠯᠲᠡ ᠳᠤ ᠠᠪᠴᠢᠷᠠᠭᠰᠠᠨ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ ᠭᠡᠵᠡᠢ᠃       ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠤᠢ ᠯᠢ ᠰᠢᠨ ᠠᠵᠢᠯᠯᠠᠭ᠎ᠠ ᠳᠤ ᠣᠷᠣᠯᠴᠠᠪᠠ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ