ᠠᠨᠠᠭᠠᠬᠤ ᠤᠬᠠᠭᠠᠨ ᠰᠤᠷᠭᠠᠨ ᠬᠥᠮᠦᠵᠢᠯ ᠢ ᠵᠣᠬᠢᠴᠠᠯᠳᠤᠭᠤᠯᠤᠨ ᠬᠠᠮᠵᠢᠯᠴᠠᠭᠤᠯᠵᠤ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠫᠠᠶᠢᠰᠠ ᠶᠢ ᠰᠡᠬᠦᠪᠡ ᠪᠦᠦ ᠰᠢᠶᠠᠨ ᠬᠤᠸᠠ ᠣᠷᠣᠯᠴᠠᠵᠤ ᠫᠠᠶᠢᠰᠠ ᠶᠢ ᠰᠡᠬᠦᠪᠡ
ᠨᠡᠶᠢᠲᠡᠯᠡᠭᠰᠡᠨ ᠴᠠᠭ᠄
2022/5/26
      5 ᠳ᠋ᠤᠭᠠᠷ ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠶᠡᠭᠡ ᠰᠤᠷᠭᠠᠭᠤᠯᠢ ᠬᠢᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠠᠨᠠᠭᠠᠬᠤ ᠤᠬᠠᠭᠠᠨ ᠰᠤᠷᠭᠠᠨ ᠬᠥᠮᠦᠵᠢᠯ ᠢ ᠵᠣᠬᠢᠴᠠᠯᠳᠤᠭᠤᠯᠤᠨ ᠬᠠᠮᠵᠢᠯᠴᠠᠭᠤᠯᠬᠤ ᠭᠡᠷ᠎ᠡ ᠲᠣᠭᠲᠠᠬᠤ ᠶᠣᠰᠣᠯᠠᠯ ᠵᠢᠴᠢ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠫᠠᠶᠢᠰᠠ ᠶᠢ ᠰᠡᠬᠦᠬᠦ ᠶᠣᠰᠤᠯᠠᠯ ᠶᠠᠪᠤᠭᠳᠠᠪᠠ᠃       ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠶᠣᠰᠣᠯᠠᠯ ᠳᠤ ᠣᠷᠣᠯᠴᠠᠭᠰᠠᠨ ᠪᠥᠭᠡᠳ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠠᠷᠠᠳ ᠤᠨ ᠡᠮᠨᠡᠯᠭᠡ ᠶᠢᠨ ᠬᠤᠷᠢᠶᠠᠨ ᠤ ᠫᠠᠶᠢᠰᠠ ᠶᠢ ᠰᠡᠬᠦᠪᠡ᠃       ᠰᠢᠨ᠎ᠡ ᠴᠠᠭ ᠦᠶ᠎ᠡ ᠶᠢᠨ ᠠᠨᠠᠭᠠᠬᠤ ᠤᠬᠠᠭᠠᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠰᠢᠨᠡᠴᠢᠯᠡᠯᠲᠡ ᠶᠢ ᠭᠦᠨᠵᠡᠭᠡᠶᠢᠷᠡᠭᠦᠯᠵᠦ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ︽ᠬᠤᠣᠰ ᠲᠡᠷᠢᠭᠦᠨ︾ ᠤ ᠪᠦᠲᠦᠭᠡᠨ ᠪᠠᠶᠢᠭᠤᠯᠤᠯᠲᠠ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ︽ᠶᠡᠷᠦᠩᠬᠡᠶᠢᠯᠡᠭᠰᠡᠨ ᠲᠥᠷᠥᠯ ᠤᠨ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ︾ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠲᠤᠰᠠᠳᠠ᠂ ᠬᠤᠶᠠᠷ ᠲᠠᠯ᠎ᠠ ᠪᠠᠷ ᠢᠶᠠᠨ ᠰᠢᠨ᠎ᠡ ᠠᠨᠠᠭᠠᠬᠤ ᠤᠬᠠᠭᠠᠨ ᠤ ᠰᠠᠯᠠᠭ᠎ᠠ ᠶᠢᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠵᠦ᠂ ᠡᠬᠢ ᠪᠠᠶᠠᠯᠢᠭ ᠢ ᠬᠠᠮᠲᠤ ᠪᠠᠷ ᠬᠦᠷᠲᠡᠵᠦ᠂ ᠭᠦᠨᠵᠡᠭᠡᠢ ᠠᠭᠤᠰᠤᠯᠴᠠᠨ᠂ ᠨᠢᠭᠲᠠᠷᠠᠭᠰᠠᠨ ᠬᠡᠯᠪᠡᠷᠢ ᠶᠢᠨ ᠠᠨᠠᠭᠠᠬᠤ ᠤᠬᠠᠭᠠᠨ ᠰᠤᠷᠭᠠᠨ ᠬᠥᠮᠦᠵᠢᠯ ᠤᠨ ᠬᠠᠮᠲᠤᠷᠠᠯᠴᠠᠭᠠᠨ ᠤ ᠴᠣᠭᠴᠠ ᠶᠢ ᠪᠠᠶᠢᠭᠤᠯᠬᠤ ᠪᠣᠯᠤᠨ᠎ᠠ᠃       ᠣᠶᠢᠯᠠᠭᠠᠭᠰᠠᠨ ᠢᠶᠠᠷ᠂ ᠬᠤᠶᠠᠷ ᠲᠠᠯ᠎ᠠ ᠪᠠᠷ ᠢᠶᠠᠨ ᠤᠯᠠᠨ ᠲᠠᠯ᠎ᠠ ᠶᠢᠨ ᠬᠠᠮᠲᠤᠷᠠᠯᠴᠠᠭ᠎ᠠ ᠦᠷᠨᠢᠭᠦᠯᠬᠦ ᠪᠠᠷ ᠪᠤᠢ᠄ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠳᠡᠭᠡᠳᠦ ᠰᠤᠷᠭᠠᠭᠤᠯᠢ ᠶᠢ ᠪᠠᠶᠢᠭᠤᠯᠬᠤ ᠪᠠᠷ ᠳᠠᠮᠵᠢᠭᠤᠯᠵᠤ᠂ ᠰᠢᠨ᠎ᠡ ᠬᠡᠯᠪᠡᠷᠢ ᠶᠢᠨ ᠪᠣᠳᠠᠲᠤ ᠴᠣᠭᠴᠠᠲᠤ ᠬᠠᠮᠢᠶᠠᠷᠤᠯᠲᠠ ᠪᠣᠯᠣᠨ ᠦᠢᠯᠡᠴᠢᠯᠡᠭᠡᠨ ᠤ ᠪᠠᠶᠢᠭᠤᠯᠤᠮᠵᠢ ᠶᠢ ᠬᠠᠮᠲᠤ ᠪᠠᠷ ᠪᠠᠶᠢᠭᠤᠯᠤᠨ᠎ᠠ︔ ︽ᠤᠯᠤᠰ ᠤᠨ ᠶᠡᠭᠡ ᠪᠣᠳᠤᠯᠭ᠎ᠠ᠂ ᠠᠷᠠᠳ ᠤᠨ ᠠᠮᠢᠳᠤᠷᠠᠯ ᠤᠨ ᠶᠡᠭᠡ ᠶᠠᠪᠤᠳᠠᠯ᠂ ᠰᠢᠨᠵᠢᠯᠡᠭᠡᠨ ᠤ ᠶᠡᠭᠡ ᠰᠠᠯᠠᠭ᠎ᠠ᠂ ᠶᠡᠭᠡ ᠲᠤᠰᠬᠠᠢ ᠮᠡᠷᠭᠡᠵᠢᠯ︾ ᠢᠶᠠᠷ ᠪᠠᠶᠢᠷᠢ ᠲᠣᠭᠲᠠᠭᠠᠯᠲᠠ ᠪᠣᠯᠭᠠᠵᠤ᠂ ᠠᠨᠠᠭᠠᠬᠤ ᠤᠬᠠᠭᠠᠨ ᠤ ᠰᠢᠨᠵᠢᠯᠡᠭᠡᠨ ᠤ ᠰᠠᠯᠠᠭ᠎ᠠ ᠶᠢᠨ ᠪᠦᠲᠦᠭᠡᠨ ᠪᠠᠶᠢᠭᠤᠯᠤᠯᠲᠠ ᠶᠢ ᠬᠠᠮᠲᠤ ᠪᠠᠷ ᠴᠢᠩᠭᠠᠳᠬᠠᠨ᠂ ᠨᠢᠭᠡ ᠪᠦᠯᠦᠭ ᠰᠢᠨ᠎ᠡ ᠠᠨᠠᠭᠠᠬᠤ ᠤᠬᠠᠭᠠᠨ ᠤ ᠬᠠᠮᠢᠶ᠎ᠠ ᠪᠦᠬᠦᠢ ᠲᠤᠰᠬᠠᠢ ᠮᠡᠷᠭᠡᠵᠢᠯ ᠢ ᠪᠠᠶᠢᠭᠤᠯᠵᠤ᠂ ᠵᠢᠩᠬᠢᠨᠢ ᠠᠩᠭᠢ᠂ ᠠᠰᠫᠢᠷᠠᠨᠲ ᠢ ᠨᠢᠭᠡ ᠴᠣᠭᠴᠠᠵᠢᠭᠤᠯᠤᠭᠰᠠᠨ ᠰᠢᠨᠵᠢᠯᠡᠭᠡᠨ ᠤ ᠰᠠᠯᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠠᠪᠴᠠᠩ ᠢ ᠪᠠᠶᠢᠭᠤᠯᠤᠨ᠎ᠠ︔ ᠠᠰᠫᠢᠷᠠᠨᠲ ᠤᠨ ᠰᠤᠷᠭᠠᠨ ᠬᠥᠮᠦᠵᠢᠯ ᠪᠠ ᠠᠨᠠᠭᠠᠬᠤ ᠤᠬᠠᠭᠠᠨ ᠤ ᠢᠨᠵᠧᠨᠧᠷᠢᠩ᠂ ᠡᠮᠨᠡᠯᠭᠡ ᠶᠢᠨ ᠣᠨᠤᠯ᠂ ᠡᠮᠨᠡᠯᠭᠡ ᠶᠢᠨ ᠤᠬᠠᠭᠠᠨ ᠵᠡᠷᠭᠡ ᠰᠢᠨ᠎ᠡ ᠪᠠᠷ ᠪᠣᠶ ᠪᠣᠯᠤᠭᠰᠠᠨ ᠠᠨᠠᠭᠠᠬᠤ ᠤᠬᠠᠭᠠᠨ ᠤ ᠲᠤᠰᠬᠠᠢ ᠮᠡᠷᠭᠡᠵᠢᠯ ᠤᠨ ᠵᠢᠩᠬᠢᠨᠢ ᠠᠩᠭᠢ ᠶᠢᠨ ᠰᠤᠷᠭᠠᠨ ᠬᠥᠮᠦᠵᠢᠯ ᠢᠶᠠᠷ ᠭᠤᠣᠯ ᠪᠣᠯᠭᠠᠵᠤ᠂ ᠰᠢᠨ᠎ᠡ ᠠᠨᠠᠭᠠᠬᠤ ᠤᠬᠠᠭᠠᠨ ᠤ ᠴᠢᠳᠠᠪᠤᠷᠢᠲᠠᠨ ᠢ ᠬᠥᠮᠥᠵᠢᠭᠦᠯᠬᠦ ᠶᠢ ᠬᠠᠮᠲᠤ ᠪᠠᠷ ᠥᠷᠨᠢᠭᠦᠯᠦᠨ᠎ᠡ︔ ᠰᠢᠨᠵᠢᠯᠡᠬᠦ ᠤᠬᠠᠭᠠᠨ ᠤ ᠰᠤᠳᠤᠯᠭᠠᠨ ᠤ ᠪᠡᠷᠬᠡ ᠰᠡᠳᠦᠪ ᠢ ᠰᠢᠢᠳᠪᠦᠷᠢᠯᠡᠬᠦ ᠪᠠᠷ ᠴᠢᠭᠯᠡᠯ ᠪᠣᠯᠭᠠᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠪᠠᠨ ᠬᠠᠮᠲᠤ ᠪᠠᠷ ᠴᠢᠩᠭᠠᠳᠬᠠᠵᠤ᠂ ᠤᠳᠤ ᠶᠢᠨ ᠪᠠᠶᠢᠭ᠎ᠠ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯ ᠤᠨ ᠦᠷᠳᠡᠭᠡ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ᠂ ᠲᠥᠬᠦᠭᠡᠷᠦᠮᠵᠢ ᠪᠡᠯᠡᠳᠬᠡᠮᠵᠢ ᠵᠡᠷᠭᠡ ᠡᠬᠢ ᠪᠠᠶᠠᠯᠢᠭ ᠤᠨ ᠡᠯᠧᠮᠧᠨ᠋ᠲ ᠢ ᠬᠠᠮᠲᠤ ᠪᠠᠷ ᠪᠠᠶᠢᠭᠤᠯᠵᠤ ᠬᠠᠮᠲᠤ ᠪᠠᠷ ᠬᠡᠷᠡᠭᠯᠡᠬᠦ ᠶᠢ ᠠᠬᠢᠭᠤᠯᠤᠨ᠎ᠠ᠃ 5 — 10 ᠵᠢᠯ ᠤᠨ ᠲᠥᠪᠯᠡᠷᠡᠭᠦᠯᠦᠨ ᠪᠦᠲᠦᠭᠡᠨ ᠪᠠᠶᠢᠭᠤᠯᠬᠤ ᠪᠠᠷ ᠳᠡᠮᠵᠢᠨ᠂ ᠲᠣᠰ ᠠᠨᠠᠭᠠᠬᠤ ᠤᠬᠠᠭᠠᠨ ᠰᠤᠷᠭᠠᠨ ᠬᠥᠮᠦᠵᠢᠯ ᠤᠨ ᠬᠠᠮᠲᠤᠷᠠᠯᠴᠠᠭᠠᠨ ᠤ ᠴᠣᠭᠴᠠ ᠶᠢ ᠪᠠᠷᠠᠭᠤᠨ ᠬᠡᠰᠡᠭ ᠤᠨ ᠭᠠᠵᠠᠷ ᠣᠷᠣᠨ ᠤ ᠲᠡᠷᠢᠭᠦᠨ ᠤ ᠳᠡᠭᠡᠳᠦ ᠲᠠᠰ ᠤᠨ ᠠᠨᠠᠭᠠᠬᠤ ᠤᠬᠠᠭᠠᠨ ᠤ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠲᠠᠪᠴᠠᠩ᠂ ᠳᠡᠭᠡᠳᠦ ᠲᠠᠰ ᠳᠠᠪᠬᠤᠷᠭ᠎ᠠ ᠶᠢᠨ ᠠᠨᠠᠭᠠᠬᠤ ᠤᠬᠠᠭᠠᠨ ᠤ ᠴᠢᠳᠠᠪᠤᠷᠢᠲᠠᠨ ᠢ ᠬᠥᠮᠥᠵᠢᠭᠦᠯᠬᠦ ᠰᠠᠭᠤᠷᠢᠨ ᠭᠠᠵᠠᠷ᠂ ᠴᠢᠨᠠᠷ ᠰᠠᠶᠢᠲᠠᠢ ᠡᠮᠴᠢᠯᠡᠭᠡᠨ ᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ