ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠪᠠ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠯᠥᠪᠯᠡᠭᠡ ᠶᠢᠨ ᠠᠵᠢᠯᠲᠠᠨ ᠤ ᠠᠮᠢᠳᠤᠷᠠᠯ ᠤᠨ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠲᠥᠷᠥ ᠶᠢᠨ ᠪᠣᠳᠣᠯᠭ᠎ᠠ ᠶᠢ ᠬᠢᠨᠠᠮᠠᠭᠠᠢ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2022/5/26
      ᠡᠨᠡ ᠵᠢᠯ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠮᠲᠤᠷᠠᠨ ︽︿ᠭᠤᠷᠪᠠ ᠶᠢ ᠳᠡᠮᠵᠢᠵᠦ ᠨᠢᠭᠡ ᠶᠢ ᠲᠡᠳᠬᠦᠬᠦ﹀ ᠪᠠ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠯᠥᠪᠯᠡᠭᠡ ᠶᠢᠨ ᠠᠵᠢᠯᠲᠠᠨ ᠤ ᠠᠮᠢᠳᠤᠷᠠᠯ ᠤᠨ ᠨᠥᠬᠦᠪᠦᠷᠢ ᠶᠢ ᠳᠡᠭᠡᠭᠰᠢᠯᠡᠭᠦᠯᠬᠦ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠪᠠ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠯᠥᠪᠯᠡᠭᠡ ᠶᠢᠨ ᠠᠵᠢᠯᠲᠠᠨ ᠤ ᠬᠠᠮᠢᠶ᠎ᠠ ᠪᠦᠬᠦᠢ ᠨᠥᠬᠦᠪᠦᠷᠢ ᠶᠢᠨ ᠪᠠᠷᠢᠮᠵᠢᠶ᠎ᠠ ᠶᠢ ᠲᠣᠬᠢᠷᠠᠭᠤᠯᠪᠠ᠃       ︽ᠮᠡᠳᠡᠭᠳᠡᠯ︾ ᠳᠤ᠂ 2022 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ 2020 ᠣᠨ ᠪᠠ 2021 ᠣᠨ ᠳᠤ ᠡᠯᠰᠡᠭᠳᠡᠭᠰᠡᠨ ᠮᠥᠷᠲᠡᠭᠡᠨ 2022 ᠣᠨ ᠤ 3 ᠳ᠋ᠤᠭᠠᠷ ᠰᠠᠷ᠎ᠠ ᠶᠢᠨ 18 ᠤ ᠡᠳᠦᠷ ᠪᠣᠯᠲᠠᠯ᠎ᠠ ᠮᠥᠨ ᠬᠦ ᠠᠵᠢᠯ ᠤᠨ ᠪᠠᠶᠢᠷᠢ ᠳᠤ ᠪᠠᠨ ᠪᠠᠶᠢᠪᠠᠯ᠂ 2022 ᠣᠨ ᠵᠢᠴᠢ ᠰᠡᠭᠦᠯᠡᠷᠬᠢ ᠰᠢᠨ᠎ᠡ ᠪᠠᠷ ᠡᠯᠰᠡᠭᠰᠡᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠪᠠ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠯᠥᠪᠯᠡᠭᠡ ᠶᠢᠨ ᠠᠵᠢᠯᠲᠠᠨ ᠤ ᠠᠮᠢᠳᠤᠷᠠᠯ ᠤᠨ ᠨᠥᠬᠦᠪᠦᠷᠢ ᠶᠢ ᠳᠡᠭᠡᠭᠰᠢᠯᠡᠭᠦᠯᠵᠦ᠂ ᠬᠥᠮᠥᠨ ᠪᠦᠷᠢ ᠰᠠᠷ᠎ᠠ ᠶᠢᠨ 2950 ᠲᠥᠭᠦᠷᠢᠭ ᠪᠠᠶᠢᠭᠰᠠᠨ ᠢ ᠬᠥᠮᠥᠨ ᠪᠦᠷᠢ ᠰᠠᠷ᠎ᠠ ᠶᠢᠨ 3450 ᠲᠥᠭᠦᠷᠢᠭ ᠪᠣᠯᠭᠠᠨ ᠳᠡᠭᠡᠭᠰᠢᠯᠡᠭᠦᠯᠦᠨ᠎ᠡ ᠭᠡᠵᠦ ᠲᠣᠳᠣᠷᠬᠠᠢ ᠲᠣᠭᠲᠠᠭᠠᠵᠠᠢ᠃ ᠪᠠᠷᠢᠮᠵᠢᠶ᠎ᠠ ᠶᠢ ᠳᠡᠭᠡᠭᠰᠢᠯᠡᠭᠦᠯᠬᠦ ᠳᠤ ᠬᠡᠷᠡᠭᠰᠡᠬᠦ ᠪᠡᠯᠡ ᠮᠥᠩᠭᠦ ᠶᠢ ᠣᠲᠣ ᠶᠢᠨ ᠬᠡᠷᠡᠭᠵᠢᠭᠦᠯᠵᠦ ᠪᠠᠶᠢᠭ᠎ᠠ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠡᠳ᠋ ᠤᠨ ᠵᠠᠰᠠᠭ ᠠᠴᠠ 1:1:1 ᠶᠢᠨ ᠬᠠᠷᠢᠴᠠᠯ ᠢᠶᠠᠷ ᠱᠠᠲᠤ ᠬᠤᠪᠢᠶᠠᠨ ᠡᠭᠦᠷᠭᠡᠯᠡᠨ᠎ᠡ᠂ ᠡᠭᠦᠨ ᠳᠤ ᠥᠪᠡᠷᠲᠡᠭᠡᠨ ᠵᠠᠰᠠᠬᠤ ᠣᠷᠣᠨ ᠬᠢᠭᠡᠳ ᠮᠠᠨᠵᠤᠤᠷ ᠬᠤᠲᠠ᠂ ᠡᠷᠢᠶᠡᠨ ᠬᠤᠲᠠ 1:1 ᠶᠢᠨ ᠬᠠᠷᠢᠴᠠᠯ ᠢᠶᠠᠷ ᠡᠭᠦᠷᠭᠡᠯᠡᠨ᠎ᠡ᠃       ᠮᠠᠨ ᠤ ᠣᠷᠣᠨ ᠲᠣᠰ ᠵᠢᠯ ᠳᠤ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠠᠵᠢᠯᠲᠠᠨ ᠢ 2500 ᠡᠯᠰᠡᠵᠦ᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠯᠥᠪᠯᠡᠭᠡ ᠶᠢᠨ ᠠᠵᠢᠯᠲᠠᠨ ᠢ 5000 ᠡᠯᠰᠡᠬᠦ ᠪᠠᠷ ᠲᠥᠯᠥᠪᠯᠡᠵᠦ ᠪᠣᠶ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠪᠣᠳᠠᠲᠠᠢ ᠶᠢ ᠡᠷᠬᠢᠮᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠳᠤ ᠦᠢᠯᠡᠴᠢᠯᠡᠬᠦ᠂ ᠵᠥᠪ ᠴᠢᠭᠯᠡᠯ ᠢᠶᠠᠷ ᠵᠣᠷᠢᠭᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠂ ᠥᠷᠭᠡᠨ ᠣᠯᠠᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠳᠦᠰᠦᠨ ᠱᠠᠲᠤᠨ ᠳᠤ ᠢᠳᠡᠪᠬᠢᠲᠡᠢ ᠪᠠᠷ ᠠᠵᠢᠯ ᠣᠯᠵᠤ ᠦᠢᠯᠡᠰ ᠴᠣᠭᠴᠠᠯᠠᠬᠤ ᠶᠢ ᠬᠥᠲᠥᠯᠥᠨ ᠵᠢᠯᠤᠭᠤᠳᠴᠤ᠂ ᠦᠨᠳᠦᠰᠦᠨ ᠱᠠᠲᠤᠨ ᠤ ᠦᠢᠯᠡᠴᠢᠯᠡᠭᠡᠨ ᠤ ᠲᠥᠷᠥᠯ ᠵᠦᠢᠯ ᠤᠨ ᠲᠥᠯᠥᠪᠯᠡᠭᠡ ᠶᠢ ᠬᠦᠴᠦᠲᠡᠢ ᠬᠡᠷᠡᠭᠵᠢᠭᠦᠯᠬᠦ ᠶᠢ ᠦᠨᠡᠨ ᠬᠦ ᠪᠠᠲᠤᠯᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠳᠦᠰᠦᠨ ᠱᠠᠲᠤᠨ ᠳᠤ ᠦᠨᠳᠦᠰᠦᠯᠡᠵᠦ᠂ ᠦᠨᠳᠦᠰᠦᠨ ᠱᠠᠲᠤᠨ ᠳᠤ ᠬᠤᠪᠢ ᠨᠡᠮᠡᠷᠢ ᠦᠵᠡᠭᠦᠯᠬᠦ ᠳᠤ ᠰᠠᠶᠢᠨ ᠰᠠᠶᠢᠬᠠᠨ ᠠᠭᠤᠷ ᠠᠮᠢᠰᠬᠤᠯ ᠪᠠ ᠣᠷᠴᠢᠨ ᠲᠣᠭᠤᠷᠢᠨ ᠢ ᠪᠦᠷᠢᠯᠳᠦᠭᠦᠯᠵᠦ ᠥᠭᠭᠦᠨ᠎ᠡ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ