ᠣᠶᠢᠷ᠎ᠠ ᠳᠤ ᠰᠤᠷᠪᠤᠯᠵᠢᠯᠠᠭᠴᠢ ᠤᠷᠠᠳ ᠤᠨ ᠡᠮᠦᠨᠡᠲᠦ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠲᠥᠯᠥᠪᠯᠡᠭᠡᠲᠦ ᠦᠷᠡᠵᠢᠯ ᠤᠨ ᠦᠢᠯᠡᠴᠢᠯᠡᠬᠡᠨ ᠤ | ᠲᠥᠪ ᠠᠴᠠ ᠣᠶᠢᠯᠠᠭᠠᠭᠰᠠᠨ ᠢᠶᠠᠷ᠂ ᠣᠳᠣᠬᠠᠨ ᠳᠤ ᠲᠣᠰ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠶᠠᠭ ᠰᠢᠨ᠎ᠡ ᠪᠠᠶᠢᠷᠢᠢᠰᠢᠯ ᠤᠨ ᠪᠥᠲᠥᠭᠡᠨ | ᠪᠠᠶᠢᠭᠤᠯᠤᠯᠲᠠ ᠪᠠᠨ ᠬᠢᠵᠦ ᠪᠠᠶᠢᠨ᠎ᠠ᠃ ᠰᠢᠨ᠎ᠡ ᠡᠮᠨᠡᠯᠭᠡ ᠶᠢᠨ ᠬᠤᠷᠢᠶ᠎ᠠ ᠨᠢ ᠮᠤᠨᠠ ᠠᠭᠤᠯᠠ ᠪᠠᠯᠭᠠᠰᠤᠨ ᠤ ᠳ᠋ᠦᠩ ᠰᠢᠩ ᠶᠡᠭᠡ ᠵᠡᠭᠡᠯᠢ ᠠᠴᠠ ᠡᠮᠦᠨᠡᠰᠢ᠂ ᠪᠢᠨ ᠾᠧ | ᠵᠠᠮ ᠠᠴᠠ ᠪᠠᠷᠠᠭᠤᠨᠰᠢ ᠪᠠᠶᠢᠷᠢᠯᠠᠵᠤ᠂ ᠶᠡᠷᠦᠩᠬᠡᠶ ᠪᠠᠯᠠ ᠣᠷᠣᠭᠤᠯᠤᠯᠲᠠ ᠨᠢ 9980 ᠲᠦᠮᠡᠨ ᠲᠥᠭᠦᠷᠢᠭ ᠪᠠᠶᠢᠵᠤ᠂ ᠡᠵᠡᠯᠡᠬᠦ ᠲᠠᠯᠠᠪᠠᠶ ᠨᠢ 27422 . 68 | ᠲᠡᠭᠰᠢ ᠳᠥᠷᠪᠡᠯᠵᠢᠨ ᠮᠧᠳ᠋ᠷ᠂ ᠪᠠᠷᠢᠯᠭ᠎ᠠ ᠶᠢᠨ ᠡᠵᠡᠯᠡᠬᠦ ᠲᠠᠯᠠᠪᠠᠢ ᠨᠢ 17901 . 95 ᠲᠡᠭᠰᠢ ᠳᠥᠷᠪᠡᠯᠵᠢᠨ ᠮᠧᠳ᠋ᠷ ᠪᠠᠶᠢᠵᠤ᠂ ᠪᠥᠲᠥᠭᠡᠨ ᠪᠠᠶᠢᠭᠤᠯᠤᠯᠲᠠ ᠶᠢᠨ | ᠠᠭᠤᠯᠭ᠎ᠠ ᠳᠤ ᠭᠤᠤᠯᠳᠠᠭᠤ ᠡᠬᠡ ᠨᠢᠯᠬᠠᠰ ᠤᠨ ᠡᠷᠡᠭᠦᠯᠵᠢᠯ ᠤᠨ ᠬᠤᠷᠢᠶᠠᠨ ᠤ ᠭᠤᠤᠯ ᠠᠰᠠᠷ ︵3 ᠳᠠᠪᠬᠤᠷᠭ᠎ᠠ ᠡᠭᠦᠳᠡᠨ ᠡᠮᠨᠡᠯᠭᠡ ᠶᠢᠨ ᠠᠰᠠᠷ᠂ 2 ᠳᠠᠪᠬᠤᠷᠭ᠎ᠠ | ᠡᠮᠴᠢᠯᠡᠭᠡᠨ ᠤ ᠮᠡᠷᠭᠡᠵᠢᠯ ᠤᠨ ᠠᠰᠠᠷ᠂ 5 ᠳᠠᠪᠬᠤᠷᠭ᠎ᠠ ᠡᠮᠨᠡᠯᠭᠡ ᠳᠤ ᠰᠠᠭᠤᠬᠤ ᠠᠰᠠᠷ︶᠂ ᠳᠠᠭᠠᠯᠲᠠ ᠬᠡᠷ ᠪᠠᠶᠢᠰᠢᠩ᠂ ᠡᠮᠴᠢᠯᠡᠭᠡᠨ ᠤ ᠣᠨᠣᠰᠢᠯᠠᠨ ᠡᠮᠨᠡᠬᠦ | ᠮᠡᠷᠭᠡᠵᠢᠯ ᠳᠤ ᠬᠡᠷᠡᠭᠯᠡᠬᠦ ᠬᠡᠷ ᠪᠠᠶᠢᠰᠢᠩ᠂ ᠭᠠᠯ ᠤᠨᠲᠠᠷᠠᠭᠠᠬᠤ ᠤᠰᠤᠨ ᠲᠠᠲᠠᠭᠠᠯ᠂ ᠬᠥᠭᠡᠷᠭᠡ ᠶᠢᠨ ᠬᠡᠷ᠂ ᠡᠭᠦᠳᠡᠨ ᠬᠠᠷᠠᠭᠤᠯ ᠵᠡᠷᠭᠡ ᠪᠠᠭᠲᠠᠨ᠎ᠠ᠃ 2019 ᠣᠨ ᠤ | 11 ᠰᠠᠷ᠎ᠠ ᠳᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠭᠠᠷᠳᠠᠮ ᠢ ᠪᠡᠶᠡᠯᠡᠭᠦᠯᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠨᠥᠯᠥᠭᠡ ᠠᠴᠠ ᠪᠣᠯᠵᠣ᠂ 2020 ᠣᠨ ᠤ 5 ᠰᠠᠷ᠎ᠠ ᠳᠤ᠂ ᠲᠥᠷᠥᠯ ᠵᠦᠢᠯ ᠨᠢ ᠵᠢᠩᠬᠢᠨᠢ ᠪᠠᠷ ᠡᠬᠢᠯᠡᠨ ᠪᠥᠲᠥᠭᠡᠨ ᠪᠠᠶᠢᠭᠤᠯᠪᠠ᠃ | 2022 ᠣᠨ ᠤ 4 ᠰᠠᠷ᠎ᠠ ᠪᠣᠯᠲᠠᠯ᠎ᠠ᠂ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠶᠢᠨ ᠭᠤᠤᠯ ᠠᠰᠠᠷ ᠢ ᠵᠠᠰᠠᠵᠤ ᠴᠢᠮᠡᠭᠯᠡᠬᠦ ᠢᠨᠵᠧᠨᠧᠷᠢᠩ ᠢ ᠪᠦᠬᠦᠨ ᠢ | ᠳᠠᠭᠤᠰᠬᠠᠵᠤ᠂ ᠬᠡᠰᠡᠭ ᠢᠵᠢ ᠪᠦᠷᠢᠳᠦᠭᠦᠯᠬᠦ ᠲᠥᠬᠦᠭᠡᠷᠦᠮᠵᠢ ᠶᠢ ᠨᠢᠭᠡᠨᠲᠡ ᠠᠰᠢᠭᠯᠠᠯᠲᠠ ᠳᠤ ᠣᠷᠣᠭᠤᠯᠪᠠ︔ ᠮᠡᠰᠡ ᠵᠠᠰᠠᠯ ᠤᠨ ᠲᠠᠰᠤᠭ᠂ ᠬᠤᠳᠣᠭᠤᠳᠣᠨ | ᠳᠤᠷᠠᠨ ᠤ ᠲᠠᠰᠤᠭ᠂ ᠬᠥᠩᠭᠡᠵᠢᠬᠦ ᠲᠠᠰᠤᠭ ᠵᠡᠷᠭᠡ ᠶᠢ ᠬᠤᠶᠠᠳᠠᠬᠢ ᠤᠳᠠᠭ᠎ᠠ ᠲᠤᠰᠬᠠᠶᠢᠵᠢᠭᠤᠯᠤᠨ ᠵᠠᠰᠠᠪᠠ︔ ᠳᠠᠭᠠᠯᠲᠠ ᠭᠡᠷ ᠪᠠᠶᠢᠰᠢᠩ ᠤᠨ ᠭᠤᠤᠯ ᠴᠣᠭᠴᠠ ᠶᠢᠨ | ᠪᠣᠷᠣ ᠲᠥᠯᠥᠪ ᠤᠨ ᠢᠨᠵᠧᠨᠧᠷᠢᠩ ᠢ ᠨᠢᠭᠡᠨᠲᠡ ᠳᠠᠭᠤᠰᠪᠠ︔ ᠡᠮᠴᠢᠯᠡᠭᠡᠨ ᠤ ᠣᠨᠣᠰᠢᠯᠠᠨ ᠡᠮᠨᠡᠬᠦ ᠮᠡᠷᠭᠡᠵᠢᠯ ᠳᠤ ᠭᠡᠷ ᠪᠠᠶᠢᠰᠢᠩ ᠬᠡᠷᠡᠭᠯᠡᠵᠦ ᠰᠠᠭᠤᠷᠢ ᠲᠠᠯᠪᠢᠬᠤ | ᠢᠨᠵᠧᠨᠧᠷᠢᠩ ᠪᠠ ᠬᠦᠷᠢᠶᠡᠯᠡᠩ ᠲᠣᠭᠤᠷᠢᠭ ᠤᠨ ᠪᠦᠬᠦᠯᠢ ᠴᠣᠭᠴᠠ ᠶᠢᠨ ᠬᠠᠲᠠᠭᠤᠷᠠᠯ ᠢ ᠨᠢᠭᠡᠨᠲᠡ ᠪᠡᠶᠡᠯᠡᠭᠦᠯᠪᠡ᠃ | ᠲᠥᠷᠥᠯ ᠵᠦᠢᠯ ᠳᠠᠭᠤᠰᠤᠭᠰᠠᠨ ᠤ ᠳᠠᠷᠠᠭ᠎ᠠ᠂ ᠣᠲᠣ ᠶᠢᠨ ᠡᠮᠴᠢᠯᠡᠭᠡᠨ ᠳᠤ ᠬᠡᠷᠡᠭᠯᠡᠬᠦ ᠬᠡᠷ ᠪᠠᠶᠢᠰᠢᠩ ᠬᠦᠨᠳᠦ ᠨᠣᠴᠢᠲᠠᠶ ᠳᠤᠲᠠᠭᠳᠠᠵᠤ ᠪᠠᠶᠢᠬᠤ᠂ ᠡᠪᠡᠳᠴᠢᠨ | ᠦᠵᠡᠭᠦᠯᠬᠦ ᠣᠷᠴᠢᠨ ᠲᠣᠭᠤᠷᠢᠨ ᠠᠨᠠᠢ ᠪᠠᠶᠢᠬᠤ᠂ ᠪᠦᠬᠦᠯᠢ ᠴᠣᠭᠴᠠ ᠶᠢᠨ ᠪᠠᠶᠢᠷᠢᠰᠢᠯ ᠨᠢ ᠰᠢᠨᠵᠢᠯᠡᠬᠦ ᠤᠬᠠᠭᠠᠨᠴᠢ ᠪᠤᠰᠤ ᠪᠠᠶᠢᠬᠤ᠂ ᠴᠢᠳᠠᠮᠵᠢ ᠶᠢᠨ ᠲᠠᠷᠬᠠᠯᠲᠠ ᠨᠢ | ᠵᠦᠶ ᠵᠣᠬᠢᠰ ᠥᠬᠡᠶ ᠪᠠᠶᠢᠬᠤ ᠵᠡᠷᠭᠡ ᠪᠠᠶᠢᠳᠠᠯ ᠢ ᠰᠠᠶᠢᠵᠢᠷᠠᠭᠤᠯᠵᠤ᠂ ᠡᠮᠨᠡᠨ ᠵᠠᠰᠠᠬᠤ ᠠᠵᠢᠯ ᠢ ᠬᠡᠪ ᠤᠨ ᠪᠠᠶᠢᠳᠠᠯ ᠢᠶᠠᠷ ᠥᠷᠨᠢᠭᠦᠯᠬᠦ ᠪᠠ ᠡᠪᠡᠳᠴᠢᠲᠡᠨ ᠤ ᠡᠪᠡᠳᠴᠢᠨ | ᠦᠵᠡᠭᠦᠯᠬᠦ ᠣᠷᠴᠢᠨ ᠲᠣᠭᠤᠷᠢᠨ ᠢ ᠪᠦᠲᠦᠮᠵᠢᠲᠡᠶ ᠰᠠᠶᠢᠵᠢᠷᠠᠭᠤᠯᠬᠤ ᠶᠢ ᠦᠨᠡᠨ ᠬᠦ ᠪᠠᠲᠤᠯᠠᠵᠤ ᠴᠢᠳᠠᠬᠤ ᠪᠤᠯᠤᠨ᠎ᠠ᠃ | | | |