ᠤᠷᠠᠳ ᠤᠨ ᠡᠮᠦᠨᠡᠲᠦ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ 26 ᠳ᠋ᠤᠭᠠᠷ ᠤᠳᠠᠭ᠎ᠠ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2022/5/27
      5 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠣᠶᠣᠯᠲᠤ ᠤᠷᠠᠳ ᠤᠨ ᠡᠮᠦᠨᠡᠲᠦ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 26 ᠳ᠋ᠤᠭᠠᠷ ᠬᠤᠷᠠᠯ ᠢ ᠡᠷᠬᠢᠯᠡᠨ ᠬᠤᠷᠠᠯᠳᠣᠪᠠ᠃       ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠸᠠᠩ ᠵᠢᠶᠦ᠋ᠨ ᠵᠢᠶᠧ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠢᠶᠠ ᠵᠧᠨ ᠬᠤᠸᠠ ᠵᠡᠷᠭᠡ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠢᠨ ᠱᠠᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠵᠢᠶᠠᠨ ᠶᠦᠩ ᠴᠢᠩ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠹᠠᠨ ᠵᠢᠶᠦ᠋ᠨ ᠬᠤᠶ᠂ ᠼᠤᠤ ᠳ᠋ᠦᠩ ᠵᠢᠴᠢ ᠴᠠᠭᠳᠠᠨ ᠪᠠᠶᠢᠴᠠᠭᠠᠬᠤ ᠠᠯᠪᠠᠨ ᠬᠡᠷ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃      ᠬᠤᠷᠠᠯ ᠠᠴᠠ 5 ᠰᠠᠷ᠎ᠠ ᠶᠢᠨ 5 ᠤ ᠡᠳᠦᠷ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠪᠠ᠂ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠲᠣᠭᠲᠠᠭᠠᠯ︾᠂ ᠲᠥᠪ ᠬᠤᠷᠢᠶᠠᠨ ᠤ ᠠᠯᠪᠠᠨ ᠲᠢᠩᠬᠢᠮ ᠠᠴᠠ ᠲᠠᠷᠣᠮᠯᠠᠨ ᠲᠠᠷᠬᠠᠭᠠᠭᠰᠠᠨ ︽ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠬᠤ ᠲᠤᠬᠠᠶ ᠰᠠᠨᠠᠯ︾᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠨ ᠪᠠᠶᠢᠴᠠᠭᠠᠬᠤ ᠠᠯᠪᠠᠨ ᠬᠡᠷ ᠤᠨ ᠡᠷᠬᠢᠯᠡᠭᠴᠢ ᠶᠤᠸᠠᠨ ᠷᠦᠢ ᠰᠢᠶᠠᠨ ᠪᠣᠯᠤᠨ ᠲᠣᠭᠤᠷᠢᠨ ᠪᠠᠶᠢᠴᠠᠭᠠᠬᠤ ᠠᠯᠪᠠᠨ ᠬᠡᠷ ᠤᠨ ᠳᠡᠳ᠋ ᠡᠷᠬᠢᠯᠡᠭᠴᠢ ᠵᠧᠤ ᠰᠦ ᠵᠢᠶᠦ᠋ᠨ ︽ᠲᠣᠭᠤᠷᠢᠨ ᠪᠠᠶᠢᠴᠠᠭᠠᠬᠤ ᠠᠵᠢᠯ ᠤᠨ ᠲᠥᠯᠥᠪᠵᠢᠭᠦᠯᠭᠡ ᠲᠣᠭᠲᠠᠭᠠᠬᠤ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ ᠬᠤᠷᠠᠯ︾ ᠵᠢᠴᠢ ᠪᠥᠬᠦ ᠣᠷᠣᠨ ᠤ ᠬᠤᠲᠠ ᠰᠢᠶᠠᠨ ᠤ ᠲᠣᠭᠤᠷᠢᠨ ᠪᠠᠶᠢᠴᠠᠭᠠᠬᠤ ᠠᠯᠪᠠᠨ ᠬᠡᠷ ᠤᠨ ᠡᠷᠬᠢᠯᠡᠭᠴᠢ ᠶᠢᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠲᠥᠯᠥᠪᠵᠢᠭᠦᠯᠭᠡ ︵20222026︶ ︵ᠲᠤᠷᠰᠢᠨ ᠬᠡᠷᠡᠭᠵᠢᠭᠦᠯᠬᠦ︶︾ ᠶᠢᠨ ᠮᠡᠳᠡᠭᠳᠡᠯ᠂ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠠᠷᠭ᠎ᠠ︾᠂ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ︔ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠡᠭᠦᠷᠭᠡ ᠴᠢᠳᠠᠪᠬᠢ ᠶᠢᠨ ᠦᠢᠯᠡᠳᠦᠯ ᠢ ᠨᠡᠩ ᠪᠦᠲᠦᠮᠵᠢᠲᠡᠢ ᠪᠠᠳᠠᠷᠠᠭᠤᠯᠬᠤ ᠲᠤᠬᠠᠢ ᠰᠠᠨᠠᠯ︾ ᠵᠢᠴᠢ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠳᠦᠷᠢᠮ︾ ᠢ ᠰᠤᠷᠤᠯᠴᠠᠪᠠ᠃       ᠬᠤᠷᠠᠯ ᠠᠴᠠ ᠪᠦᠬᠦ ᠬᠤᠰᠢᠭᠤᠨ ᠤ ᠠᠵᠤ ᠠᠬᠤᠢ ᠶᠢᠨ ᠡᠷᠭᠢᠯᠲᠡ ᠶᠢᠨ ᠬᠤᠯᠪᠣᠭᠳᠠᠯ ᠪᠦᠬᠦᠢ ᠶᠠᠪᠤᠳᠠᠯ ᠢ ᠰᠤᠳᠤᠯᠵᠤ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠬᠤᠰᠢᠭᠤᠨ ᠤ ᠤᠳᠤᠷᠢᠳᠤᠯᠭ᠎ᠠ ᠶᠢᠨ ᠭᠤᠤᠯᠳᠠᠯᠭ᠎ᠠ ᠲᠠᠢ ᠠᠵᠢᠯ ᠲᠥᠷᠥᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃       ᠰᠣᠶᠣᠯᠲᠤ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠠᠵᠤ ᠠᠬᠤᠢ ᠶᠢᠨ ᠪᠠᠶᠢᠳᠠᠯ ᠢ ᠣᠨᠣᠪᠴᠢᠲᠠᠢ ᠡᠵᠡᠮᠳᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠤ ᠠᠬᠤᠢ ᠶᠢᠨ ᠡᠷᠭᠢᠯᠲᠡ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠨᠠᠷᠢᠨ ᠬᠢᠨᠠᠮᠠᠭᠠᠢ ᠰᠤᠳᠤᠯᠤᠨ ᠰᠢᠢᠳᠪᠦᠷᠢᠯᠡᠬᠦ ᠳᠤ ᠡᠷᠬᠡᠪᠰᠢ ︽ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ︾ ᠶᠢ ᠪᠦᠬᠦ ᠵᠢᠯ ᠤᠨ ᠠᠵᠢᠯ ᠳᠠᠭᠠᠨ ᠲᠣᠭᠤᠰᠢᠯᠠᠭᠤᠯᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ︾ ᠨᠢᠭᠲᠠ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ᠂ ᠢᠮᠠᠭᠲᠠ ᠬᠢᠨᠠᠭᠤᠷ ᠪᠣᠯᠭᠤᠮᠵᠢᠲᠠᠶ ᠰᠠᠶᠢᠲᠤᠷ ᠬᠢᠵᠦ᠂ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠬᠦ ᠬᠡᠷᠡᠭᠲᠡᠶ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠦᠨᠡᠨᠬᠦ ᠲᠦᠷᠭᠡᠳᠬᠡᠵᠦ᠂ ᠣᠨ ᠤ ᠬᠡᠪᠴᠢᠶᠡᠨ ᠳᠤ ᠣᠷᠣᠭᠤᠯᠤᠭᠰᠠᠨ ᠲᠥᠷᠥᠯ ᠵᠦᠢᠯ ᠳᠤ ᠪᠠᠷᠢᠯᠭ᠎ᠠ ᠶᠢᠨ ᠠᠵᠢᠯ ᠤᠨ ᠰᠢᠵᠢᠷ ᠠᠯᠲᠠᠨ ᠬᠤᠭᠤᠴᠠᠭ᠎ᠠ ᠶᠢ ᠴᠢᠩᠭ᠎ᠠ ᠠᠳᠬᠤᠵᠤ᠂ ᠮᠥᠷᠳᠡᠨ ᠲᠣᠬᠢᠷᠠᠭᠤᠯᠬᠤ ᠪᠠ ᠳᠠᠭᠠᠵᠤ ᠦᠢᠯᠡᠴᠢᠯᠡᠬᠦ ᠪᠠᠨ ᠴᠢᠩᠭᠠᠷᠠᠭᠤᠯᠵᠤ᠂ ᠶᠠᠰᠤ ᠴᠢᠨᠠᠷ ᠪᠣᠯᠤᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ︽ᠲᠥᠷᠥᠯ ᠵᠦᠢᠯ ᠢ ᠤᠷᠤᠭᠰᠢ ᠠᠬᠢᠭᠤᠯᠬᠤ᠂ ᠲᠥᠯᠥᠪᠯᠡᠭᠡ ᠶᠢ ᠤᠷᠤᠭᠰᠢ ᠠᠬᠢᠭᠤᠯᠬᠤ᠂ ᠪᠠᠷᠢᠯᠭ᠎ᠠ ᠶᠢᠨ ᠬᠤᠭᠤᠴᠠᠭ᠎ᠠ ᠶᠢ ᠤᠷᠤᠭᠰᠢ ᠲᠦᠷᠭᠡᠳᠬᠡᠬᠦ︾ ᠱᠠᠭᠠᠷᠳᠠᠯᠭ᠎ᠠ ᠶᠣᠰᠣᠭᠠᠷ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠬᠦ ᠬᠡᠷᠡᠭᠲᠡᠶ᠃ ᠴᠢᠬᠤᠯᠠ ᠶᠡᠭᠡ ᠲᠦᠷᠦᠯ ᠵᠦᠢᠯ ᠤᠨ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠵᠤ ᠠᠬᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ ᠶᠢᠨ ᠬᠠᠮᠲᠤ ᠰᠠᠶᠢᠲᠤᠷ ᠬᠡᠷᠡᠭᠵᠢᠭᠦᠯᠵᠦ᠂ ︽ᠨᠡᠷ᠎ᠡ ᠨᠢᠳᠡᠷ ᠲᠠᠢ︾ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠲᠥᠷᠥᠯ ᠵᠦᠢᠯ ᠢ ᠣᠷᠣᠭᠤᠯᠤᠨ ᠠᠪᠴᠢᠷᠠᠬᠤ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠰᠢᠰᠲ᠋ᠧᠮ ᠤᠨ ᠰᠡᠳᠬᠢᠬᠦᠶ᠂ ᠪᠥᠬᠦ ᠠᠵᠤ ᠦᠢᠯᠡᠰ ᠤᠨ ᠬᠡᠯᠬᠢᠶ᠎ᠡ ᠶᠢ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠵᠤ᠂ ᠨᠢᠭᠡ ᠪᠦᠯᠦᠭ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠪᠠ ᠠᠵᠢᠯᠯᠠᠭᠤᠯᠵᠤ ᠪᠠᠲᠤᠯᠠᠬᠤ ᠦᠢᠯᠡᠴᠢᠯᠡᠭᠡ᠂ ᠰᠠᠯᠬᠢ ᠬᠡᠷᠡᠯ ᠢᠶᠠᠷ ᠴᠠᠬᠢᠯᠭᠠᠨ ᠭᠠᠷᠭᠠᠬᠤ᠂ ᠰᠠᠯᠬᠢ ᠬᠡᠷᠡᠯ ᠤᠰᠤᠲᠥ᠋ᠷᠥᠭᠴᠢ ᠬᠠᠳᠠᠭᠠᠯᠠᠬᠤ᠂ ᠡᠬᠢ ᠰᠤᠷᠪᠤᠯᠵᠢ ᠲᠤᠤᠷ ᠳᠠᠭᠠᠭᠠᠴᠠ ᠨᠥᠭᠡᠴᠡᠯᠡᠬᠦ ᠶᠢ ᠨᠢᠭᠡ ᠴᠣᠭᠴᠠᠵᠢᠭᠤᠯᠬᠤ ᠪᠠ ᠣᠯᠠᠨ ᠡᠨᠧᠷᠭᠢ ᠬᠠᠷᠢᠯᠴᠠᠨ ᠨᠥᠬᠦᠪᠥᠷᠢᠯᠡᠬᠦ ᠲᠥᠷᠥᠯ ᠵᠦᠢᠯ ᠢ ᠪᠥᠬᠦ ᠬᠦᠴᠦᠨ ᠢᠶᠠᠷ ᠢᠶᠠᠨ ᠣᠷᠣᠭᠤᠯᠤᠨ ᠠᠪᠴᠢᠷᠠᠵᠤ ᠬᠡᠷᠡᠭᠵᠢᠭᠦᠯᠬᠦ ᠬᠡᠷᠡᠭᠲᠡᠶ᠃ ᠰᠠᠭᠤᠷᠢ ᠲᠥᠬᠦᠭᠡᠷᠦᠮᠵᠢ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠨᠡᠶᠢᠭᠡᠮ ᠠᠷᠠᠳ ᠤᠨ ᠠᠮᠢᠳᠤᠷᠠᠯ ᠵᠡᠷᠭᠡ ᠡᠯ᠎ᠡ ᠬᠦᠷᠢᠶᠡᠨ ᠤ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠦᠷᠦᠯ ᠵᠦᠢᠯ ᠤᠨ ᠨᠥᠭᠡᠴᠡ ᠬᠥᠮᠥᠷᠭᠡ ᠶᠢ ᠴᠠᠭ ᠲᠤᠬᠠᠢ ᠳᠤᠨᠢ ᠲᠡᠭᠦᠯᠳᠡᠷᠵᠢᠭᠦᠯᠦᠨ᠂ ᠡᠯ᠎ᠡ ᠲᠦᠷᠦᠯ ᠤᠨ ᠲᠦᠷᠦᠯ ᠵᠦᠢᠯ ᠢ ᠵᠡᠷᠭᠡ ᠪᠠᠷ ᠡᠬᠢᠯᠡᠭᠦᠯᠬᠦ ᠠᠮᠢᠳᠤᠯᠢᠭ ᠪᠠᠶᠢᠳᠠᠯ ᠢ ᠴᠢᠷᠮᠠᠶᠢᠨ ᠪᠦᠷᠢᠯᠳᠦᠭᠦᠯᠬᠦ ᠬᠡᠷᠡᠭᠲᠡᠢ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠴᠥᠬᠦᠷᠡᠰᠢ ᠦᠭᠡᠢ ᠭᠦᠨᠵᠡᠭᠡᠶᠢᠷᠡᠭᠦᠯᠵᠦ᠂ ᠡᠯ᠎ᠡ ᠬᠤᠯᠪᠣᠭᠳᠠᠯ ᠪᠦᠬᠦᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠡᠨᠡ ᠬᠦ ᠠᠵᠢᠯ ᠢ ᠦᠨᠡᠨ ᠬᠦ ᠴᠢᠬᠤᠯᠠᠴᠢᠯᠠᠨ ᠠᠳᠬᠤᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠩᠬᠠᠷᠴᠤ᠂ ᠪᠣᠭᠤᠮᠲᠠ ᠰᠢᠪᠲᠤᠯᠤᠨ ᠬᠠᠷᠰᠢ ᠰᠠᠭᠠᠳ ᠢ ᠠᠷᠢᠯᠭᠠᠵᠤ᠂ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠬᠦᠴᠦᠯᠡᠨ ᠪᠤᠢ ᠪᠣᠯᠭᠠᠬᠤ ᠬᠡᠷᠡᠭᠲᠡᠢ᠃ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠠᠵᠢᠯ ᠢ ᠪᠣᠳᠠᠲᠠᠶ ᠠᠳᠬᠤᠨ ᠨᠠᠷᠢᠯᠢᠭ ᠠᠳᠬᠤᠵᠤ᠂ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠬᠡᠪᠡ᠃       ᠰᠣᠶᠣᠯᠲᠤ᠂ ᠡᠯ᠎ᠡ ᠱᠠᠳᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠱᠠᠯᠠᠪᠳᠠᠨ ᠬᠥᠳᠡᠯᠦᠯᠴᠡᠵᠦ᠂ ᠲᠤᠰ ᠤᠳᠠᠭ᠎ᠠ ᠶᠢᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠣᠭᠲᠠᠭᠤᠨ ᠡᠷᠡᠭᠦᠯ ᠠᠵᠤ ᠠᠬᠤᠢ ᠶᠢᠨ ᠣᠷᠴᠢᠨ ᠲᠣᠭᠤᠷᠢᠨ᠂ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠱᠠᠭᠠᠷᠳᠠᠪᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ