5 ᠰᠠᠷ᠎ᠠ ᠶᠢᠨ 23 ᠤ ᠡᠳᠦᠷ ᠪᠣᠯ ᠶᠢᠰᠦᠳᠦᠭᠡᠷ ︽ᠳᠤᠮᠳᠠᠳᠤ ᠤᠯᠤᠰ ᠤᠨ ᠤᠳᠬ᠎ᠠ ᠤᠷᠠᠯᠢᠭ ᠤᠨ ᠰᠠᠶᠢᠨ ᠲᠤᠷᠠᠴᠤᠳ ᠤᠨ ᠦᠢᠯᠡᠴᠢᠯᠡᠬᠡᠨ ᠤ ᠡᠳᠦᠷ︾ | ᠪᠣᠯᠤᠨ᠎ᠠ᠂ ᠤᠷᠠᠳ ᠤᠨ ᠡᠮᠦᠨᠡᠲᠦ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠠᠴᠠ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ | ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠲᠠᠢ ᠬᠠᠮᠲᠤᠷᠠᠨ ᠯᠢᠨ ᠬᠠᠶ ᠴᠡᠴᠡᠷᠯᠢᠭ ᠤᠨ ᠠᠭᠤᠳᠠᠮ ᠲᠠᠯᠠᠪᠠᠶ ᠳᠤ ︽ᠬᠤᠷᠢᠳᠤᠭᠠᠷ ᠶᠡᠭᠡ | ᠬᠤᠷᠠᠯ ᠢ ᠪᠠᠶᠠᠷᠯᠠᠨ ᠤᠭᠲᠤᠵᠤ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠵᠤ ︿ᠤᠳᠬ᠎ᠠ ᠤᠷᠠᠯᠢᠭ ᠤᠨ ᠴᠢᠳᠠᠪᠤᠷᠢᠲᠠᠨ ᠦᠨᠳᠦᠰᠦᠨ ᠱᠠᠲᠤᠨ ᠳᠤ ᠪᠠᠭᠤᠬᠤ﹀ | ᠤᠷᠠᠳ ᠤᠨ ᠡᠮᠦᠨᠡᠲᠦ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠢ ᠦᠢᠯᠡᠳᠦᠯᠭᠡᠵᠢᠬᠦᠯᠬᠦ ᠤᠳᠬ᠎ᠠ | ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡ︾ ᠶᠢᠨ ᠠᠵᠢᠯᠯᠠᠭ᠎ᠠ ᠥᠷᠨᠢᠭᠦᠯᠪᠡ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠷᠧᠨ ᠶᠢᠨ ᠮᠢᠩ᠂ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠬᠤᠤ ᠮᠢᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠣᠷᠢᠬᠠᠨ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠬᠡᠷᠡᠯ᠂ ᠬᠤᠰᠢᠭᠤ ᠨᠠᠮ ᠤᠨ ᠬᠤᠷᠢᠶᠠᠨ ᠤ | ᠠᠯᠪᠠᠨ ᠬᠡᠷ᠂ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠮᠤᠨᠠ ᠠᠭᠤᠯᠠ ᠪᠠᠯᠭᠠᠰᠤᠨ ᠤ ᠡᠯ᠎ᠡ ᠨᠡᠶᠢᠭᠡᠮ ᠲᠣᠭᠤᠷᠢᠭ ᠤᠨ | ᠬᠠᠷᠢᠭᠤᠴᠠᠯᠭᠠᠲᠠᠨ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃ | ᠬᠤᠤ ᠮᠢᠨ ᠶᠠᠷᠢᠶᠠᠨ ᠳᠠᠭᠠᠨ᠂ ᠡᠨᠡ ᠵᠢᠯ ᠪᠣᠯ ᠮᠠᠤ ᠽᠧ ᠳ᠋ᠦᠩ ᠨᠥᠬᠦᠷ ᠤᠨ ︽ᠶᠠᠨ ᠠᠨ ᠤ ᠤᠳᠬ᠎ᠠ ᠤᠷᠠᠯᠢᠭ ᠤᠨ ᠶᠠᠷᠢᠯᠴᠠᠬᠤ ᠬᠤᠷᠠᠯ ᠳᠡᠭᠡᠷᠡᠬᠢ | ᠶᠠᠷᠢᠶ᠎ᠠ︾ ᠨᠡᠶᠢᠲᠡᠯᠡᠭᠳᠡᠭᠰᠡᠨ 80 ᠵᠢᠯ ᠤᠨ ᠤᠢ ᠪᠣᠯᠤᠨ᠎ᠠ᠃ ᠤᠳᠬ᠎ᠠ ᠤᠷᠠᠯᠢᠭ ᠤᠨ ᠡᠲᠡᠭᠡᠳ ᠤᠨ ᠬᠢᠨ ᠰᠢᠨ᠎ᠡ ᠴᠠᠭ ᠦᠶ᠎ᠡ ᠳᠤ ᠮᠠᠤ ᠽᠧ ᠳ᠋ᠦᠩ ᠨᠥᠬᠦᠷ ᠤᠨ | ︽ᠶᠠᠨ ᠠᠨ ᠤ ᠤᠳᠬ᠎ᠠ ᠤᠷᠠᠯᠢᠭ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ︾ ᠶᠢᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠤᠳᠬ᠎ᠠ | ᠤᠷᠠᠯᠢᠭ ᠤᠨ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠬᠦ ᠪᠣᠯ ︽ᠠᠷᠠᠳ ᠲᠦᠮᠡᠨ ᠢᠶᠠᠷ ᠭᠤᠣᠯ | ᠪᠣᠯᠭᠠᠬᠤ︾ ᠠᠵᠢᠯ ᠤᠨ ᠤᠳᠤᠷᠢᠳᠤᠮᠵᠢ ᠶᠢ ᠪᠠᠷᠢᠮᠲᠠᠯᠠᠬᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠤᠳᠬ᠎ᠠ ᠤᠷᠠᠯᠢᠭ ᠤᠨ ᠲᠤᠰᠬᠠᠢ ᠮᠡᠷᠭᠡᠵᠢᠯᠲᠡᠨ | ᠴᠢᠳᠠᠪᠤᠷᠢᠲᠠᠨ ᠤ ᠦᠨᠳᠦᠰᠦᠨ ᠱᠠᠲᠤᠨ ᠳᠤ ᠭᠦᠨᠵᠡᠭᠡᠶᠢᠷᠡᠬᠦ᠂ ᠨᠡᠶᠢᠭᠡᠮ ᠤᠨ ᠦᠢᠯᠡᠳᠦᠯᠭᠡ ᠳᠤ ᠣᠷᠣᠯᠴᠠᠬᠤ᠂ ᠤᠷᠠᠯᠢᠭ ᠤᠨ ᠠᠪᠢᠶᠠᠰ ᠴᠢᠳᠠᠪᠤᠷᠢ ᠪᠠᠨ ᠡᠷᠭᠦᠬᠦ᠂ | ᠠᠷᠠᠳ ᠤᠯᠠᠨ ᠳᠤ ᠦᠢᠯᠡᠴᠢᠯᠡᠬᠦ ᠴᠢᠬᠤᠯᠠ ᠠᠷᠭ᠎ᠠ ᠵᠠᠮ ᠮᠥᠨ᠃ ᠣᠶᠢᠷ᠎ᠠ ᠶᠢᠨ ᠵᠢᠯ ᠠᠴᠠ ᠨᠠᠭᠠᠰᠢ᠂ ᠤᠷᠠᠳ ᠤᠨ ᠡᠮᠦᠨᠡᠲᠦ ᠬᠤᠰᠢᠭᠤᠨ ᠤ ᠥᠷᠭᠡᠨ ᠣᠯᠠᠨ | ᠤᠳᠬ᠎ᠠ ᠤᠷᠠᠯᠢᠭ ᠤᠨ ᠠᠵᠢᠯᠲᠠᠳ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠪᠠ ᠳᠠᠭᠠᠭᠤᠯᠭ᠎ᠠ ᠳᠤᠤᠷ᠎ᠠ ︽ᠲᠤᠭ ᠢ | ᠮᠠᠨᠳᠤᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠦᠨ ᠢ ᠬᠥᠮᠦᠵᠢᠭᠦᠯᠬᠦ᠂ ᠰᠣᠶᠣᠯ ᠢ ᠮᠠᠨᠳᠤᠭᠤᠯᠬᠤ᠂ ᠳᠦᠷᠢ ᠲᠥᠷᠬᠦ ᠶᠢ ᠢᠯᠡᠷᠡᠭᠦᠯᠬᠦ︾ | ᠡᠭᠦᠷᠭᠡ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ ᠢᠮᠠᠭᠲᠠ ︽ᠰᠣᠶᠣᠯ ᠢᠶᠠᠷ ᠠᠷᠠᠳ ᠲᠦᠮᠡᠨ ᠳᠤ ᠦᠢᠯᠡᠴᠢᠯᠡᠬᠦ᠂ ᠰᠣᠶᠣᠯ ᠢᠶᠠᠷ ᠠᠷᠠᠳ ᠲᠤ | ᠠᠰᠢᠭ ᠬᠦᠷᠲᠡᠭᠡᠬᠦ᠂ ᠰᠣᠶᠣᠯ ᠢᠶᠠᠷ ᠠᠷᠠᠳ ᠢ ᠪᠠᠶᠠᠰᠬᠠᠬᠤ︾ ᠪᠠᠷ ᠦᠨᠳᠦᠰᠦᠨ ᠵᠣᠷᠢᠯᠲᠠ ᠪᠠᠨ ᠪᠣᠯᠭᠠᠵᠤ᠂ ︽ᠨᠡᠶᠢᠲᠡ ᠶᠢᠨ ᠠᠰᠠᠷᠠᠮᠵᠢ᠂ ᠦᠨ᠎ᠡ ᠲᠥᠯᠥᠪᠦᠷᠢ | ᠥᠬᠡᠶ᠂ ᠪᠤᠰᠤᠳ ᠲᠤ ᠠᠰᠢᠭ ᠬᠦᠷᠲᠡᠭᠡᠬᠦ︾ ᠪᠠᠷ ᠦᠨᠳᠦᠰᠦᠨ ᠱᠠᠭᠠᠷᠳᠠᠯᠭ᠎ᠠ ᠪᠠᠨ ᠪᠣᠯᠭᠠᠵᠤ᠂ ᠪᠤᠰᠤᠳ ᠢ ᠬᠠᠯᠠᠮᠵᠢᠯᠠᠬᠤ᠂ ᠨᠡᠶᠢᠭᠡᠮ ᠳᠤ ᠦᠢᠯᠡᠴᠢᠯᠡᠬᠦ ᠪᠠ ᠬᠤᠪᠢ | ᠬᠥᠮᠦᠨ ᠤ ᠦᠨ᠎ᠡ ᠥᠷᠲᠡᠭ ᠢ ᠪᠡᠶᠡᠯᠡᠭᠦᠯᠬᠦ ᠶᠢ ᠣᠷᠭᠠᠨᠢᠭ ᠢᠶᠠᠷ ᠨᠢᠭᠡᠳᠬᠡᠵᠦ᠂ ︽ᠴᠠᠭ ᠦᠶ᠎ᠡ ᠲᠠᠢ ᠬᠠᠮᠲᠤ ᠤᠷᠤᠭᠰᠢᠯᠠᠬᠤ᠂ ᠠᠷᠠᠳ ᠲᠦᠮᠡᠨ ᠲᠠᠢ ᠰᠡᠳᠬᠢᠯ | ᠨᠢᠭᠡᠳᠬᠦ︾ ᠤᠳᠬ᠎ᠠ ᠤᠷᠠᠯᠢᠭ ᠤᠨ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ ᠪᠠᠶᠢᠨ᠎ᠠ᠃ | ᠲᠡᠷᠡ ᠥᠷᠭᠡᠨ ᠣᠯᠠᠨ ᠤᠳᠬ᠎ᠠ ᠤᠷᠠᠯᠢᠭ ᠤᠨ ᠠᠵᠢᠯᠲᠠᠳ ᠢ ᠨᠠᠮ ᠪᠠ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠴᠠᠭ ᠦᠶ᠎ᠡ ᠶᠢᠨ | ᠤᠷᠢᠶᠠᠯᠠᠭ᠎ᠠ ᠶᠢ ᠤᠬᠠᠮᠰᠠᠷ ᠠᠴᠠ ᠪᠠᠨ ᠴᠤᠤᠷᠢᠶᠠᠲᠤᠨ ᠳᠠᠭᠠᠵᠤ᠂ ᠡᠷᠬᠢᠮ ᠮᠣᠷᠠᠯ ᠢᠶᠠᠷ ᠬᠡᠪ ᠰᠤᠷᠲᠠᠯ ᠢ ᠬᠥᠲᠥᠯᠥᠨ ᠳᠠᠭᠠᠭᠤᠯᠵᠤ᠂ ᠬᠤᠪᠢ ᠨᠡᠮᠡᠷᠢ ᠪᠠᠷ ᠬᠥᠮᠦᠨ ᠤ | ᠠᠮᠢᠳᠤᠷᠠᠯ ᠢ ᠭᠡᠷᠡᠯᠲᠦᠭᠦᠯᠬᠦ ᠶᠢ ᠬᠦᠰᠡᠵᠡᠶ᠃ ᠰᠢᠯᠢᠳᠡᠭ ᠪᠦᠲᠦᠭᠡᠯ ᠢ ᠲᠠᠰᠤᠷᠠᠯᠳᠠ ᠦᠭᠡᠢ ᠵᠣᠬᠢᠶᠠᠨ ᠪᠦᠲᠦᠭᠡᠵᠦ᠂ ᠶᠣᠰᠣ ᠰᠤᠷᠲᠠᠬᠤᠨ ᠲᠠᠢ᠂ ᠬᠠᠶᠢᠷ᠎ᠠ | ᠬᠠᠯᠠᠮᠵᠢ ᠲᠠᠢ ᠤᠳᠬ᠎ᠠ ᠤᠷᠠᠯᠢᠭ ᠤᠨ ᠰᠣᠳᠣᠨ ᠪᠦᠲᠦᠭᠡᠯ ᠢᠶᠠᠷ ᠴᠠᠭ ᠦᠶ᠎ᠡ ᠳᠤ ᠣᠰᠣᠯᠳᠠᠬᠤ ᠦᠭᠡᠢ᠂ ᠠᠷᠠᠳ ᠲᠦᠮᠡᠨ ᠳᠤ ᠣᠰᠣᠯᠳᠠᠬᠤ ᠦᠭᠡᠢ ᠪᠠᠶᠠᠯᠢᠭ | ᠢᠷᠠᠭᠤ ᠬᠠᠭᠤᠳᠠᠰᠤ ᠶᠢ ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ | ᠬᠡᠷᠡᠭᠲᠡᠢ ᠬᠡᠵᠡᠢ︕ | ᠲᠠᠩᠰᠠ ᠡᠪᠬᠡᠮᠡᠯ ᠤᠨ ᠣᠷᠳᠣᠨ ᠤ ᠬᠠᠷᠢᠭᠤᠴᠠᠯᠭᠠᠲᠠᠨ ᠠᠴᠠ ᠨᠠᠮ ᠪᠠᠶᠢᠭᠤᠯᠤᠭᠳᠠᠭᠰᠠᠨ 100 ᠵᠢᠯ ᠤᠨ ᠣᠶ ᠳᠤ ᠤᠳᠬ᠎ᠠ ᠤᠷᠠᠯᠢᠭ ᠤᠨ ᠪᠦᠲᠦᠭᠡᠯ | ᠬᠠᠨᠳᠢᠪᠯᠠᠭᠰᠠᠨ ᠬᠥᠮᠦᠰ ᠤᠨ ᠨᠡᠷᠡᠰ ᠢ ᠤᠩᠰᠢᠨ ᠨᠡᠶᠢᠲᠡᠯᠡᠭᠰᠡᠨ ᠪᠥᠭᠡᠳ ᠲᠠᠩᠰᠠ ᠡᠪᠬᠡᠮᠡᠯ ᠤᠨ ᠣᠷᠳᠣᠨ ᠤ ᠬᠤᠷᠢᠶᠠᠨ ᠬᠠᠳᠠᠭᠠᠯᠠᠬᠤ ᠪᠦᠲᠦᠭᠡᠯ ᠳᠤ | ᠰᠣᠩᠭᠤᠭᠳᠠᠭᠰᠠᠨ ᠵᠣᠬᠢᠶᠠᠭᠴᠢᠳ ᠲᠤ ᠨᠣᠮ ᠤᠨ ᠰᠠᠩ ᠳᠤ ᠬᠠᠳᠠᠭᠠᠯᠠᠭᠰᠠᠨ ᠦᠨᠡᠮᠯᠡᠯ ᠪᠠ ᠭᠤᠶᠢᠳᠠ ᠰᠠᠶᠢᠬᠠᠨ ᠳᠤᠷᠠᠰᠬᠠᠯ ᠤᠨ ᠪᠣᠳᠠᠰ ᠵᠡᠷᠭᠡ ᠶᠢ ᠭᠠᠷᠳᠠᠭᠤᠯᠪᠠ᠃ | ᠰᠣᠶᠣᠯ ᠢ ᠨᠡᠶᠢᠭᠡᠮ ᠲᠣᠭᠤᠷᠢᠭ ᠲᠤ ᠣᠷᠣᠭᠤᠯᠵᠣ᠂ ᠨᠠᠮ ᠪᠠ ᠣᠯᠠᠨ ᠲᠦᠮᠡᠨ ᠭᠠᠷ ᠭᠠᠷ ᠢᠶᠠᠨ ᠬᠤᠯᠪᠣᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ | ᠳᠤᠮᠳᠠᠳᠤ ᠶᠢᠨ ᠰᠣᠶᠣᠯ ᠤᠨ ᠲᠤᠬᠠᠶ ᠬᠠᠮᠲᠤ ᠶᠢᠨ ᠲᠠᠨᠢᠯᠲᠠ ᠶᠢ ᠴᠢᠩᠭᠠᠳᠬᠠᠵᠤ᠂ ᠰᠣᠶᠣᠯ ᠤᠨ ᠵᠢᠯᠣᠭᠤᠳᠤᠮᠵᠢ ᠶᠢ ᠤᠯᠠᠮ ᠨᠢᠭᠡ ᠠᠯᠬᠤᠮ ᠳᠡᠭᠡᠭᠰᠢᠯᠡᠬᠦᠯᠦᠨ᠂ | ᠨᠡᠶᠢᠭᠡᠮ ᠲᠣᠭᠤᠷᠢᠭ ᠤᠨ ᠪᠢᠴᠢᠭ ᠤᠨ ᠰᠤᠷᠪᠤᠯᠵᠢᠲᠠᠨ ᠢ ᠨᠠᠩ ᠭᠦᠨ ᠵᠤᠵᠠᠭᠠᠨ ᠪᠣᠯᠭᠠᠬᠤ ᠶᠢᠨ ᠲᠥᠯᠥᠭᠡ᠂ ᠬᠤᠰᠢᠭᠤᠨ ᠤ ᠤᠳᠬ᠎ᠠ ᠤᠷᠠᠯᠢᠭ ᠤᠨ ᠬᠢᠨ ᠤ | ᠬᠤᠯᠪᠣᠭ᠎ᠠ ᠠᠴᠠ ᠮᠤᠨᠠ ᠠᠭᠤᠯᠠ ᠪᠠᠯᠭᠠᠰᠤᠨ ᠤ 15 ᠨᠡᠶᠢᠭᠡᠮ ᠲᠣᠭᠤᠷᠢᠭ ᠲᠤ ︽ᠮᠤᠨᠠ ᠠᠭᠤᠯᠠ ᠶᠢᠨ ᠤᠳᠬ᠎ᠠ ᠤᠷᠠᠯᠢᠭ︾ ᠪᠣᠯᠤᠨ ᠡᠯ᠎ᠡ ᠲᠥᠷᠥᠯ ᠤᠨ ᠨᠣᠮ | 1000 ᠭᠠᠷᠤᠶ ᠳᠡᠪᠲᠡᠷ ᠬᠠᠨᠳᠢᠪᠯᠠᠪᠠ᠃ ᠬᠦᠳᠡᠯᠭᠡᠭᠡᠨ ᠳᠤ ᠪᠠᠰᠠ ᠬᠤᠰᠢᠭᠤᠨ ᠤ ᠤᠷᠠᠨ ᠪᠢᠴᠢᠯᠭᠡᠲᠡᠨ ᠤ ᠨᠡᠶᠢᠭᠡᠮᠯᠢᠭ᠂ ᠤᠷᠠᠨ ᠵᠢᠷᠤᠭᠴᠢᠳ ᠤᠨ ᠨᠡᠶᠢᠭᠡᠮᠯᠢᠭ ᠤᠨ | ᠲᠥᠯᠥᠭᠡᠯᠡᠭᠴᠢᠳ ᠮᠤᠨᠠ ᠠᠭᠤᠯᠠ ᠪᠠᠯᠭᠠᠰᠤᠨ ᠤ ᠡᠯ᠎ᠡ ᠨᠡᠶᠢᠭᠡᠮ ᠲᠣᠭᠤᠷᠢᠭ ᠲᠤ ᠬᠤᠪᠣᠷ ᠨᠠᠨᠳᠢᠨ ᠤᠷᠠᠨ ᠪᠢᠴᠢᠯᠭᠡ ᠶᠢᠨ ᠪᠦᠲᠦᠭᠡᠯ ᠪᠡᠯᠡᠭᠯᠡᠵᠦ᠂ ᠬᠤᠰᠢᠭᠤᠨ ᠤ | ᠣᠯᠠᠭᠠᠨᠮᠦ᠋ᠴᠢᠷ ᠤᠨ ᠲᠣᠭᠯᠠᠭᠴᠢᠳ ᠠᠴᠠ ᠭᠤᠴᠣ ᠰᠠᠶᠢᠬᠠᠨ ᠳᠠᠭᠤᠣ ᠪᠦᠵᠢᠭ ᠢᠶᠠᠨ ᠡᠷᠬᠦᠵᠦ ᠬᠦᠳᠡᠯᠭᠡᠭᠡᠨ ᠳᠤ ᠬᠦᠭ ᠨᠡᠮᠡᠷᠢᠯᠡᠪᠡ᠃ | | | | | |