ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠭᠦᠨᠵᠡᠭᠡᠶ ᠠᠬᠢᠭᠤᠯᠤᠨ᠂ ᠵᠠᠰᠠᠭ ᠪᠠ ᠪᠠᠩᠬᠢ ᠶᠢᠨ ᠬᠠᠮᠲᠤᠷᠠᠯᠴᠠᠭ᠎ᠠ ᠶᠢ ᠨᠢᠭᠲᠠᠷᠠᠭᠤᠯᠵᠤ᠂ ︽ᠢᠨᠲ᠋ᠧᠷ | ᠰᠦᠯᠵᠢᠶ᠎ᠡ + ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ︾ ᠠᠵᠢᠯ ᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠣᠷᠠᠳ ᠤᠨ | ᠡᠮᠦᠨᠡᠲᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠤᠷᠠᠳ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ᠂ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ᠲᠠᠢ ᠥᠯᠥ ᠬᠥᠳᠡᠯᠬᠦ ᠬᠥᠷᠥᠩᠭᠡ ᠶᠢ ᠳᠠᠨᠵᠢᠯᠠᠨ ᠳᠡᠩᠰᠡᠯᠡᠨ ᠲᠡᠮᠳᠡᠭᠯᠡᠬᠦ | ᠲᠤᠬᠠᠶᠢᠯᠠᠭᠰᠠᠨ ᠠᠵᠢᠯ ᠤᠨ ᠬᠠᠮᠲᠤᠷᠠᠯᠴᠠᠭᠠᠨ ᠤ ᠲᠤᠬᠠᠶ ᠵᠢᠩᠬᠢᠨᠢ ᠪᠠᠷ ᠭᠡᠷ᠎ᠡ ᠲᠣᠭᠲᠠᠪᠠ᠃ | ᠭᠠᠷ ᠤᠨ ᠥᠰᠥᠭ ᠵᠢᠷᠤᠬᠤ ᠶᠣᠰᠣᠯᠠᠯ ᠠᠴᠠ ᠡᠮᠦᠨ᠎ᠡ᠂ ᠣᠷᠠᠳ ᠤᠨ ᠡᠮᠦᠨᠡᠲᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠣᠯᠤᠨ | ᠤᠷᠠᠳ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ | ᠶᠠᠷᠢᠯᠴᠠᠬᠤ ᠬᠤᠷᠠᠯ ᠬᠤᠷᠠᠯᠳᠣᠵᠣ᠂ ᠲᠤᠬᠠᠶᠢᠯᠠᠭᠰᠠᠨ ᠠᠵᠢᠯ ᠤᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ᠂ ᠬᠠᠮᠲᠤᠷᠠᠯᠴᠠᠭᠠᠨ ᠤ | ᠵᠠᠭᠪᠤᠷ ᠤᠨ ᠰᠢᠨ᠎ᠡ ᠶᠢ ᠡᠭᠦᠳᠬᠦ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠶ ᠰᠣᠯᠢᠯᠴᠠᠭᠰᠠᠨ | ᠪᠥᠭᠡᠳ ᠬᠠᠮᠲᠤ ᠶᠢᠨ ᠲᠠᠨᠢᠯᠲᠠ ᠲᠠᠢ ᠪᠣᠯᠪᠠ᠃ | ᠭᠡᠷ᠎ᠡ ᠲᠣᠭᠲᠠᠬᠤ ᠶᠣᠰᠣᠯᠠᠯ ᠳᠤ᠂ ᠣᠷᠠᠳ ᠤᠨ ᠡᠮᠦᠨᠡᠲᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠤᠷᠠᠳ ᠬᠥᠳᠡᠭᠡ ᠲᠣᠰᠬᠤᠨ ᠤ | ᠬᠤᠳᠠᠯᠳᠤᠭᠠᠨ ᠤ ᠪᠠᠩᠬᠢ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ᠲᠠᠢ ︽ ᠤᠷᠠᠳ ᠤᠨ ᠡᠮᠦᠨᠡᠲᠦ | ᠬᠤᠰᠢᠭᠤᠨ ᠤ ᠥᠯᠥ ᠬᠥᠳᠡᠯᠬᠦ ᠬᠥᠷᠥᠩᠭᠡ ᠪᠠᠷ ᠪᠠᠷᠢᠴᠠᠭᠠᠯᠠᠬᠤ ᠶᠢ ᠳᠠᠩᠰᠠᠯᠠᠬᠤ ᠲᠤᠬᠠᠶᠢᠯᠠᠭᠰᠠᠨ ᠠᠵᠢᠯ ᠤᠨ ᠬᠠᠮᠲᠤᠷᠠᠯᠴᠠᠭᠠᠨ ᠤ ᠵᠥᠪᠯᠡᠯᠴᠡᠭᠡᠷ︾ ᠲᠣᠭᠲᠠᠵᠤ᠂ | ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠠᠷᠢᠭᠤᠴᠠᠯᠭᠠᠲᠠᠨ ᠤᠷᠠᠳ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ᠂ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ᠲᠤ ᠲᠣᠰ ᠲᠣᠰ ︽ᠥᠯᠥ ᠬᠥᠳᠡᠯᠬᠦ ᠬᠥᠷᠥᠩᠭᠡ ᠪᠠᠷ | ᠪᠠᠷᠢᠴᠠᠭᠠᠯᠠᠬᠤ ᠶᠢ ᠳᠠᠩᠰᠠᠯᠠᠬᠤ ᠦᠢᠯᠡᠴᠢᠯᠡᠬᠡᠨ ᠤ ᠴᠡᠭ︾ ᠤᠨ ᠫᠠᠶᠢᠰᠠ ᠢᠯᠡᠷᠬᠡᠶᠢᠯᠡᠯ ᠣᠯᠭᠤᠪᠠ᠃ | ᠲᠣᠰ ᠤᠳᠠᠭ᠎ᠠ ᠭᠡᠷ᠎ᠡ ᠲᠣᠭᠲᠠᠭᠰᠠᠨ ᠶᠠᠪᠤᠳᠠᠯ ᠪᠣᠯ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠬᠤ᠂ ᠵᠠᠰᠠᠭ ᠤᠨ | ᠶᠠᠪᠤᠳᠠᠯ ᠤᠨ ᠦᠢᠯᠡᠴᠢᠯᠡᠬᠡᠨ ᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠨᠢᠭᠡ ᠵᠦᠢᠯ ᠤᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠣᠯᠤᠨ᠎ᠠ᠃ ᠬᠤᠶᠢᠰᠢᠳᠠ ᠠᠷᠠᠳ | ᠣᠯᠠᠨ ᠤᠷᠠᠳ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠥᠯᠥ ᠬᠥᠳᠡᠯᠬᠦ | ᠬᠥᠷᠥᠩᠭᠡ ᠶᠢ ᠪᠠᠷᠢᠴᠠᠭᠠᠯᠠᠬᠤ ᠳᠡᠩᠰᠡᠯᠡᠯᠲᠡ ᠶᠢᠨ ᠴᠣᠩᠬᠤᠨ ᠳᠤ ᠪᠠᠷᠢᠴᠠᠭᠠᠲᠤ ᠵᠢᠭᠡᠯᠡᠯᠭᠡ ᠠᠪᠴᠤ᠂ ᠥᠯᠥ ᠬᠥᠳᠡᠯᠬᠦ ᠬᠥᠷᠥᠩᠭᠡ ᠶᠢ ᠪᠠᠷᠢᠴᠠᠭᠠᠯᠠᠬᠤ | ᠳᠡᠩᠰᠡᠯᠡᠯᠲᠡ ᠶᠢ ᠬᠠᠮᠲᠤ ᠳᠤᠨᠢ ᠬᠦᠢᠴᠡᠳᠭᠡᠵᠦ ᠪᠣᠯᠤᠨ᠎ᠠ᠂ ᠠᠵᠤ ᠠᠬᠤᠶᠢᠯᠠᠯ ᠪᠠ ᠠᠷᠠᠳ ᠣᠯᠠᠨ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠲᠢᠩᠬᠢᠮ ᠳᠤ | ᠬᠦᠷᠴᠦ ᠮᠥᠷᠯᠡᠨ ᠬᠦᠯᠢᠶᠡᠬᠦ ᠴᠢᠬᠤᠯᠠ ᠥᠬᠡᠶ ᠪᠣᠯᠵᠣ᠂ ︽ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠬᠦ︾ ᠶᠢ | ᠦᠨᠡᠨ ᠬᠦ ᠪᠡᠶᠡᠯᠡᠭᠦᠯᠵᠦ᠂ ᠠᠵᠤ ᠠᠬᠤᠶᠢᠯᠠᠯ᠂ ᠣᠯᠠᠨ ᠲᠦᠮᠡᠨ ᠳᠤ ᠨᠠᠩ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠴᠢᠨᠠᠷ ᠰᠠᠶᠢᠲᠠᠶ ᠦᠢᠯᠡᠴᠢᠯᠡᠭᠡ | ᠬᠠᠩᠭᠠᠬᠤ ᠪᠣᠯᠤᠨ᠎ᠠ᠃ | | | |