ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠸᠠᠩ ᠵᠢᠶᠦ᠋ᠨ ᠵᠢᠶᠧ ᠤᠯᠠᠭᠠᠨᠮᠥ᠋ᠴᠢᠷ ᠤᠨ ᠠᠭᠤᠳᠠᠮ ᠲᠠᠯᠠᠪᠠᠶ ᠶᠢᠨ ᠦᠢᠯᠡᠰ ᠴᠣᠭᠴᠠᠯᠠᠬᠤ ᠲᠥᠪ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2022/5/27
      5 ᠰᠠᠷ᠎ᠠ ᠶᠢᠨ 24 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠸᠠᠩ ᠵᠢᠶᠦ᠋ᠨ ᠵᠢᠶᠧ ᠪᠣᠯᠤᠨ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠪᠠᠶᠠᠨᠪᠢᠯᠢᠭ᠌ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠬᠠᠷᠢᠭᠤᠴᠠᠯᠭᠠᠲᠠᠨ ᠲᠠᠢ ᠮᠠᠨ ᠤ ᠬᠤᠰᠢᠭᠤᠨ ᠤ ᠪᠡᠶ᠎ᠡ ᠲᠠᠮᠢᠷ ᠰᠣᠶᠣᠯ ᠤᠨ ᠠᠵᠤ ᠦᠢᠯᠡᠰ ᠤᠨ ᠬᠦᠷᠢᠶᠡᠯᠡᠩ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠵᠢᠯᠣᠭᠤᠳᠪᠠ᠃       ᠬᠤᠰᠢᠭᠤᠨ ᠤ ᠤᠳᠤᠷᠢᠳᠤᠯᠭ᠎ᠠ ᠨᠠᠷ ᠪᠡᠶ᠎ᠡ ᠲᠠᠮᠢᠷ ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ ᠡᠵᠡᠩᠨᠡᠯᠲᠡ ᠶᠢᠨ ᠲᠥᠰᠦᠯ᠂ ᠡᠯ᠎ᠡ ᠲᠠᠯᠠᠪᠠᠶ ᠣᠷᠳᠣᠨ ᠤ ᠴᠢᠳᠠᠮᠵᠢ ᠶᠢᠨ ᠲᠠᠨᠢᠯᠴᠠᠭᠤᠯᠭ᠎ᠠ ᠵᠢᠴᠢ ᠪᠠᠷᠢᠯᠭ᠎ᠠ ᠶᠢᠨ ᠠᠬᠢᠴᠠ ᠶᠢᠨ ᠪᠠᠶᠢᠳᠠᠯ ᠢ ᠣᠶᠢᠯᠠᠭᠠᠭᠰᠠᠨ ᠪᠥᠭᠡᠳ ᠪᠡᠶ᠎ᠡ ᠲᠠᠮᠢᠷ ᠰᠣᠶᠣᠯ ᠤᠨ ᠠᠵᠤ ᠦᠢᠯᠡᠰ ᠤᠨ ᠬᠦᠷᠢᠶᠡᠯᠡᠩ ᠳᠤ ᠬᠦᠷᠴᠦ᠂ ᠪᠡᠶ᠎ᠡ ᠲᠠᠮᠢᠷ ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ ᠲᠤᠬᠠᠶ ᠶᠢᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠬᠢᠨᠠᠮᠠᠭᠠᠶ ᠪᠠᠶᠢᠴᠠᠭᠠᠨ ᠦᠵᠡᠪᠡ᠃      ᠸᠠᠩ ᠵᠢᠶᠦ᠋ᠨ ᠵᠢᠶᠧ ᠠᠴᠠ ᠪᠡᠶ᠎ᠡ ᠲᠠᠮᠢᠷ ᠰᠣᠶᠣᠯ ᠤᠨ ᠠᠵᠤ ᠦᠢᠯᠡᠰ ᠤᠨ ᠬᠦᠷᠢᠶᠡᠯᠡᠩ ᠨᠢ ᠲᠠᠯᠠᠪᠠᠶ ᠣᠷᠳᠣᠨ ᠤ ᠡᠵᠡᠩᠨᠡᠯᠲᠡ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠲᠠᠯᠠᠪᠠᠶ ᠣᠷᠳᠣᠨ ᠤ ᠦᠢᠯᠡᠳᠦᠯ ᠢ ᠰᠢᠨᠵᠢᠯᠡᠬᠦ ᠤᠬᠠᠭᠠᠨᠴᠢ᠂ ᠨᠠᠷᠢᠯᠢᠭ ᠣᠨᠣᠪᠴᠢᠲᠠᠶ᠂ ᠪᠥᠬᠦ ᠲᠠᠯ᠎ᠠ ᠪᠠᠷ ᠬᠦᠢᠴᠡᠳ ᠪᠠᠳᠠᠷᠠᠭᠤᠯᠵᠤ᠂ ᠣᠷᠣᠨ ᠵᠠᠶ ᠶᠢᠨ ᠲᠥᠯᠥᠪᠵᠢᠭᠦᠯᠭᠡ ᠶᠢ ᠨᠢᠭᠡᠳᠦᠯᠲᠡᠶ ᠲᠥᠯᠥᠪᠯᠡᠨ᠂ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠪᠠᠶᠢᠷᠢᠰᠢᠭᠤᠯᠵᠤ᠂ ᠵᠣᠬᠢᠬᠤ ᠡᠳ᠋ ᠬᠥᠷᠥᠩᠭᠡ ᠶᠢ ᠠᠮᠢᠳᠤᠯᠢᠭᠵᠢᠭᠤᠯᠤᠨ᠂ ᠠᠵᠢᠯᠯᠠᠭᠠᠨ ᠤ ᠥᠪᠡᠷ ᠤᠨ ᠥᠷᠲᠡᠭ ᠢ ᠪᠠᠭᠤᠷᠠᠭᠤᠯᠵᠤ᠂ ᠲᠠᠯᠠᠪᠠᠶ ᠣᠷᠳᠣᠨ ᠤ ᠴᠢᠳᠠᠮᠵᠢ ᠶᠢᠨ ᠦᠢᠯᠡᠳᠦᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠬᠤ ᠬᠡᠷᠡᠭᠲᠡᠶ ᠭᠡᠵᠦ ᠱᠠᠭᠠᠷᠳᠠᠪᠠ᠃ ᠡᠬᠢ ᠪᠠᠶᠠᠯᠢᠭ ᠢ ᠨᠡᠶᠢᠳᠬᠡᠬᠦ ᠪᠠᠨ ᠴᠢᠩᠭᠠᠳᠬᠠᠵᠤ᠂ ᠠᠵᠢᠯ ᠢᠶᠠᠨ ᠲᠦᠷᠭᠡᠳᠬᠡᠨ ᠠᠬᠢᠭᠤᠯᠵᠤ᠂ ᠤᠬᠠᠭᠤᠯᠵᠤ ᠬᠥᠲᠥᠯᠥᠨ ᠵᠢᠯᠣᠭᠤᠳᠬᠤ ᠪᠠ ᠲᠥᠷᠥᠯ ᠲᠡᠮᠳᠡᠭ ᠡᠭᠦᠳᠬᠦ ᠶᠢ ᠴᠢᠩᠭᠠᠳᠬᠠᠵᠤ᠂ ᠪᠡᠶ᠎ᠡ ᠲᠠᠮᠢᠷ ᠰᠣᠶᠣᠯ ᠤᠨ ᠠᠵᠤ ᠦᠢᠯᠡᠰ ᠤᠨ ᠬᠦᠷᠢᠶᠡᠯᠡᠩ ᠢ ᠦᠨᠡᠨ ᠬᠦ ᠮᠠᠨ ᠤ ᠬᠤᠰᠢᠭᠤᠨ ᠤ ᠬᠤᠲᠠ ᠶᠢᠨ ᠬᠥᠭᠵᠢᠯᠲᠡ ᠶᠢᠨ ᠲᠦᠪᠰᠢᠨ ᠪᠠ ᠴᠢᠨᠠᠷ ᠴᠢᠨᠰᠠᠭ᠎ᠠ ᠶᠢ ᠢᠯᠡᠷᠡᠭᠦᠯᠬᠦ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠪᠣᠯᠭᠠᠨ ᠪᠥᠲᠥᠭᠡᠨ ᠪᠠᠶᠢᠭᠤᠯᠬᠤ ᠬᠡᠷᠡᠭᠲᠡᠶ ᠬᠡᠪᠡ᠃      ᠬᠤᠰᠢᠭᠤᠨ ᠤ ᠤᠳᠤᠷᠢᠳᠤᠯᠭ᠎ᠠ ᠨᠠᠷ ᠠᠴᠠ ᠱᠠᠭᠠᠷᠳᠠᠭᠰᠠᠨ ᠨᠢ ᠠᠳᠠᠯ ᠦᠢᠯᠡᠰ ᠴᠣᠭᠴᠠᠯᠠᠬᠤ ᠲᠥᠪ ᠢ ᠭᠤᠤᠯᠳᠠᠯᠭ᠎ᠠ ᠲᠠᠢ ᠪᠠᠶᠢᠴᠠᠭᠠᠨ ᠦᠵᠡᠭᠰᠡᠨ ᠪᠥᠭᠡᠳ ᠠᠳᠠᠯ ᠦᠢᠯᠡᠰ ᠴᠣᠭᠴᠠᠯᠠᠬᠤ ᠲᠥᠪ ᠤᠨ ᠪᠠᠶᠢᠷᠢᠯᠠᠭᠤᠯᠤᠯᠲᠠ ᠵᠢᠴᠢ ᠴᠢᠳᠠᠮᠵᠢ ᠶᠢ ᠤᠷᠢᠳᠴᠢᠯᠠᠨ ᠲᠦᠰᠦᠪᠯᠡᠵᠦ᠂ ᠡᠯ᠎ᠡ ᠲᠠᠯᠠᠪᠤᠷ ᠣᠷᠳᠣᠨ ᠤ ᠴᠢᠳᠠᠮᠵᠢ ᠶᠢᠨ ᠬᠤᠪᠢᠶᠠᠷᠢᠯᠠᠯ᠂ ᠪᠦᠲᠦᠴᠡ ᠶᠢᠨ ᠪᠠᠶᠢᠷᠢᠰᠢᠭᠤᠯᠤᠯᠲᠠ ᠶᠢ ᠰᠠᠶᠢᠲᠤᠷ ᠬᠢᠵᠦ᠂ ᠠᠳᠠᠯ ᠦᠢᠯᠡᠰ ᠴᠣᠭᠴᠠᠯᠠᠬᠤ ᠲᠥᠪ ᠤᠨ ᠣᠯᠠᠨ ᠴᠢᠳᠠᠮᠵᠢ ᠶᠢᠨ ᠦᠢᠯᠡᠳᠦᠯ ᠢ ᠬᠦᠢᠴᠡᠳ ᠪᠠᠳᠠᠷᠠᠭᠤᠯᠣᠨ᠂ ᠪᠣᠳᠠᠰ ᠤᠨ ᠪᠤᠰᠤ ᠰᠣᠶᠣᠯ ᠤᠨ ᠥᠪ ᠵᠢᠴᠢ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠳᠡᠯᠭᠡᠨ ᠦᠵᠡᠭᠦᠯᠵᠦ ᠳᠡᠯᠭᠡᠨ ᠪᠣᠷᠣᠯᠠᠭᠤᠯᠬᠤ᠂ ᠰᠣᠶᠣᠯ ᠪᠡᠶ᠎ᠡ ᠲᠠᠮᠢᠷ ᠤᠨ ᠨᠠᠷᠠᠲᠤ ᠲᠥᠷᠥᠯ ᠲᠡᠮᠳᠡᠭᠲᠦ ᠶᠢᠨ ᠬᠤᠰᠢᠭᠤᠴᠢ ᠳᠡᠯᠭᠡᠭᠦᠷ᠂ ᠰᠣᠶᠣᠯ ᠪᠡᠶ᠎ᠡ ᠲᠠᠮᠢᠷ ᠤᠨ ᠪᠣᠯᠪᠠᠰᠤᠷᠠᠯ ᠤᠨ ᠪᠠᠶᠢᠭᠤᠯᠤᠮᠵᠢ ᠵᠡᠷᠭᠡ ᠶᠢ ᠲᠥᠪᠯᠡᠷᠡᠭᠦᠯᠦᠨ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ᠂ ᠰᠣᠶᠣᠯ᠂ ᠵᠢᠭᠤᠯᠴᠢᠯᠠᠯ᠂ ᠬᠤᠳᠠᠯᠳᠤᠭ᠎ᠠ᠂ ᠪᠠᠷᠠᠭ᠎ᠠ ᠬᠤᠳᠠᠯᠳᠤᠨ ᠠᠪᠬᠤ᠂ ᠰᠤᠳᠤᠯᠤᠨ ᠰᠤᠷᠤᠯᠴᠠᠬᠤ ᠶᠢ ᠨᠢᠭᠡ ᠴᠣᠭᠴᠠᠵᠢᠭᠤᠯᠤᠭᠰᠠᠨ ᠣᠳᠣᠬᠢᠴᠢᠯᠠᠭᠰᠠᠨ ᠰᠣᠶᠣᠯ ᠵᠢᠭᠤᠯᠴᠢᠯᠠᠯ ᠤᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠢ ᠪᠣᠶ ᠪᠣᠯᠭᠠᠵᠤ᠂ ᠥᠷᠭᠡᠨ ᠣᠯᠠᠨ ᠲᠦᠮᠡᠨ ᠤ ᠡᠯ᠎ᠡ ᠲᠥᠷᠥᠯ ᠤᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠰᠣᠶᠣᠯ ᠵᠢᠭᠤᠯᠴᠢᠯᠠᠯ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠢ ᠪᠠᠶᠢᠭᠤᠯᠵᠤ ᠳᠠᠭᠤᠰᠬᠠᠬᠤ ᠨᠢ ᠮᠠᠨ ᠤ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠬᠦᠷᠢᠶ᠎ᠡ ᠴᠠᠷᠠᠭ᠎ᠠ ᠶᠢᠨ ᠲᠦᠷᠭᠡᠨ ᠬᠥᠭᠵᠢᠯᠲᠡ᠂ ᠴᠢᠨᠠᠷ ᠰᠠᠶᠢᠲᠠᠶ ᠬᠥᠭᠵᠢᠯᠲᠡ᠂ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠦᠨᠡᠨ ᠬᠦ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠤᠯᠭᠠᠭᠤᠷᠢ ᠠᠵᠤ ᠦᠢᠯᠡᠰ ᠪᠠ ᠠᠷᠠᠳ ᠣᠯᠠᠨ ᠤ ᠰᠡᠳᠬᠢᠯ ᠬᠠᠨᠤᠮᠵᠢᠲᠠᠶ ᠣᠲᠣ ᠦᠶ᠎ᠡ ᠶᠢᠨ ᠦᠢᠯᠡᠴᠢᠯᠡᠬᠡᠨ ᠤ ᠦᠢᠯᠡᠰ ᠤᠨ ᠲᠥᠪᠯᠡᠷᠡᠩᠭᠦᠶ ᠢᠯᠡᠷᠡᠯ ᠪᠣᠯᠭᠠᠵᠤ᠂ ︽ᠰᠣᠶᠣᠯ ᠢᠶᠠᠷ ᠬᠤᠰᠢᠭᠤ ᠪᠠᠨ ᠮᠠᠨᠳᠤᠭᠤᠯᠬᠤ︾᠂ ︽ᠪᠡᠶ᠎ᠡ ᠶᠢᠨ ᠲᠠᠮᠢᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ︾᠂ ︽ᠵᠢᠭᠤᠯᠴᠢᠯᠠᠯ ᠢᠶᠠᠷ ᠬᠤᠰᠢᠭᠤ ᠪᠠᠨ ᠬᠥᠭᠵᠢᠭᠡᠬᠦ︾ ᠶᠢ ᠪᠥᠬᠦ ᠲᠠᠯ᠎ᠠ ᠪᠠᠷ ᠪᠠᠶᠢᠭᠤᠯᠬᠤ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ