ᠬᠠᠩᠭᠢᠨ ᠬᠤᠶᠢᠲᠤ ᠬᠤᠰᠢᠭᠤᠨ ᠤ 2022 ᠣᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠵᠥᠪᠯᠡᠯ ᠤᠨ ᠬᠤᠶᠠᠳᠤᠭᠠᠷ | ᠤᠳᠠᠭᠠᠨ ᠤ ᠬᠤᠷᠠᠯ 5 ᠰᠠᠷ᠎ᠠ ᠶᠢᠨ 20 ᠤ ᠦᠳᠡ ᠶᠢᠨ ᠡᠮᠦᠨᠡᠬᠢ 9 ᠴᠠᠭ ᠲᠤ ᠵᠠᠰᠠᠭ ᠤᠨ ᠣᠷᠳᠣᠨ ᠤ ᠳᠥᠷᠪᠡᠳᠦᠭᠡᠷ ᠳᠠᠪᠬᠤᠷᠯᠢᠭ ᠤᠨ ᠬᠤᠷᠠᠯ ᠤᠨ ᠬᠡᠷ ᠲᠤ | ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠵᠢᠶᠦ᠋ᠨ ᠫᠢᠩ᠂ ᠬᠤᠰᠢᠭᠤᠨ ᠤ | ᠲᠦᠷᠢᠮ ᠲᠣᠭᠲᠠᠭᠠᠯ ᠤᠨ ᠵᠥᠪᠯᠡᠯ ᠤᠨ ᠠᠯᠪᠠᠨ ᠬᠡᠷ ᠤᠨ ᠡᠷᠬᠢᠯᠡᠭᠴᠢ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠠᠷᠤᠭ᠎ᠠ ᠰᠢᠤᠢ ᠵᠢᠶᠦ᠋ᠨ᠂ ᠳᠡᠳ᠋ | ᠳᠠᠷᠤᠭ᠎ᠠ ᠯᠢ ᠸᠧᠨ ᠴᠧᠩ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠯᠢᠦ ᠹᠦ᠋ | ᠲᠦᠩ ᠵᠡᠷᠭᠡ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠵᠥᠪᠯᠡᠯ ᠤᠨ ᠭᠡᠰᠢᠭᠦᠳ ᠬᠤᠷᠠᠯ ᠳᠤ ᠣᠷᠣᠯᠴᠠᠵᠠᠶ᠃ | ᠬᠤᠷᠠᠯ ᠠᠴᠠ ᠬᠠᠩᠭᠢᠨ ᠬᠤᠶᠢᠲᠤ ᠬᠤᠰᠢᠭᠤᠨ ᠤ ᠴᠧᠨ ᠹᠧᠩ ᠰᠤᠷᠭᠠᠭᠤᠯᠢ᠂ ᠥᠪᠥᠷ ᠮᠣᠩᠭᠤᠯ ᠤᠨ ᠱᠠᠮᠪᠠ ᠠᠮᠲᠠ ᠶᠢᠨ ᠢᠳᠡᠭᠡᠨ ᠤ ᠠᠵᠤ ᠦᠢᠯᠡᠰ ᠤᠨ | ᠬᠦᠷᠢᠶᠡᠯᠡᠩ᠂ ᠬᠠᠩᠭᠢᠨ ᠬᠤᠶᠢᠲᠤ ᠬᠤᠰᠢᠭᠤᠨ ᠤ ᠣᠲᠣ ᠦᠶ᠎ᠡ ᠶᠢᠨ ᠮᠠᠰᠢᠨ ᠲᠣᠨᠣᠭᠯᠠᠯ ᠦᠢᠯᠡᠳᠬᠦ ᠠᠵᠤ ᠦᠢᠯᠡᠰ ᠤᠨ ᠬᠦᠷᠢᠶᠡᠯᠡᠩ᠂ ᠬᠠᠩᠭᠢᠨ ᠬᠤᠶᠢᠲᠤ | ᠬᠤᠰᠢᠭᠤᠨ ᠤ ᠰᠣᠶᠣᠯ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠦᠷᠢᠶᠡᠯᠡᠩ᠂ ᠬᠠᠩᠭᠢᠨ ᠬᠤᠶᠢᠲᠤ ᠬᠤᠰᠢᠭᠤᠨ ᠤ ᠡᠮᠨᠡᠯᠭᠡ ᠶᠢᠨ ᠬᠤᠷᠢᠶ᠎ᠠ ᠶᠢ ᠪᠦᠬᠦᠯᠢ | ᠴᠣᠭᠴᠠ ᠪᠠᠷ ᠨᠢ ᠨᠡᠭᠦᠯᠭᠡᠬᠦ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠵᠢᠴᠢ ᠬᠠᠩᠭᠢᠨ ᠬᠤᠶᠢᠲᠤ ᠬᠤᠰᠢᠭᠤᠨ ᠤ ᠡᠷᠡᠭᠦᠯ ᠴᠢᠬᠢᠷᠠᠭ ᠤᠨ ᠬᠦᠷᠢᠶᠡᠯᠡᠩ | ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠯᠥᠪᠵᠢᠭᠦᠯᠭᠡ ᠵᠢᠷᠤᠭ ᠲᠥᠯᠥᠪᠯᠡᠭᠡ᠂ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ | ᠲᠥᠰᠦᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ ᠳᠡᠭᠡᠷᠡᠬᠢ ᠲᠦᠷᠦᠯ ᠵᠦᠢᠯ ᠤᠨ ᠲᠥᠰᠦᠯ ᠤᠨ ᠵᠢᠷᠤᠭ ᠲᠥᠯᠥᠪᠯᠡᠭᠡ ᠶᠢᠨ ᠬᠠᠷᠢᠭᠤ | ᠮᠡᠳᠡᠭᠦᠯᠦᠯᠲᠡ ᠶᠢ ᠰᠠᠨᠠᠯ ᠨᠢᠭᠡᠲᠡᠢ ᠪᠠᠲᠤᠯᠠᠪᠠ᠃ ᠴᠧᠨ ᠹᠧᠩ ᠰᠤᠷᠭᠠᠭᠤᠯᠢ ᠶᠢᠨ ᠪᠠᠶᠢᠭᠤᠯᠤᠭᠳᠠᠭᠰᠠᠨ ᠨᠢ ᠠᠷᠠᠳ ᠣᠯᠠᠨ ᠤ ᠰᠢᠯᠢᠳᠡᠭ ᠰᠤᠷᠭᠠᠨ ᠬᠥᠮᠦᠵᠢᠯ ᠤᠨ | ᠡᠬᠢ ᠪᠠᠶᠠᠯᠢᠭ ᠢ ᠡᠳ᠋ᠯᠡᠬᠦ ᠡᠷᠬᠡ ᠶᠢ ᠭᠦᠶ᠋ᠴᠡᠳ ᠪᠠᠲᠤᠯᠠᠵᠤ᠂ ᠰᠤᠷᠭᠠᠨ ᠬᠥᠮᠦᠵᠢᠯ ᠤᠨ ᠡᠶ᠎ᠡ ᠵᠣᠬᠢᠴᠠᠯ ᠲᠠᠢ ᠡᠷᠡᠭᠦᠯ ᠢᠶᠠᠷ ᠬᠥᠭᠵᠢᠬᠦ ᠶᠢ ᠠᠬᠢᠭᠤᠯᠪᠠ᠃ ᠱᠠᠮᠪᠠ ᠶᠢᠨ | ᠠᠮᠲᠠ ᠶᠢᠨ ᠢᠳᠡᠭᠡᠨ ᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠠᠭᠤᠰᠤᠭᠰᠠᠨ ᠤ ᠳᠠᠷᠠᠭ᠎ᠠ᠂ ᠢᠳᠡᠭᠡᠨ ᠢ ᠪᠣᠯᠪᠠᠰᠤᠷᠠᠭᠤᠯᠬᠤ ᠵᠢᠵᠢᠭ | ᠦᠢᠯᠡᠳᠬᠡᠯ ᠤᠨ ᠡᠮᠬᠢ ᠵᠠᠮᠪᠠᠷᠠᠭ᠎ᠠ ᠦᠭᠡᠢ ᠵᠥᠷᠢᠶ᠎ᠡ ᠲᠠᠢ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠬᠠᠩᠭᠢᠨ ᠬᠤᠶᠢᠲᠤ ᠬᠤᠰᠢᠭᠤᠨ ᠤ ᠢᠳᠡᠭᠡᠨ ᠢ | ᠠᠵᠤ ᠦᠢᠯᠡᠰᠵᠢᠭᠦᠯᠬᠦ᠂ ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠵᠦ ᠴᠢᠳᠠᠨ᠎ᠠ᠃ ᠢᠳᠡᠭᠡᠨ ᠤ ᠠᠵᠤ ᠦᠢᠯᠡᠰ ᠤᠨ | ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠪᠠ ᠥᠷᠢᠰᠥᠯᠳᠦᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠤᠳᠤ ᠦᠶ᠎ᠡ ᠶᠢᠨ ᠢᠳᠡᠭᠡᠨ ᠤ ᠠᠵᠤ | ᠦᠢᠯᠡᠰ ᠤᠨ ᠰᠢᠰᠲ᠋ᠧᠮ᠂ ᠡᠵᠡᠩᠨᠡᠯᠲᠡ ᠶᠢᠨ ᠰᠢᠰᠲ᠋ᠧᠮ᠂ ᠶᠠᠰᠤ ᠴᠢᠨᠠᠷ ᠤᠨ ᠠᠶᠤᠯᠭᠦᠶ ᠶᠢᠨ ᠰᠢᠰᠲ᠋ᠧᠮ ᠢ ᠪᠠᠶᠢᠭᠤᠯᠤᠨ᠎ᠠ᠃ ᠱᠠᠮᠪᠠ ᠶᠢᠨ ᠦᠨᠦᠷ ᠠᠮᠲᠠ ᠶᠢ | ᠴᠤᠤᠷᠢᠶᠠᠲᠤᠭᠤᠯᠵᠤ᠂ ᠨᠤᠲᠤᠭ ᠤᠨ ᠢᠶᠠᠨ ᠳᠤᠷᠠᠰᠤᠮᠵᠢ ᠶᠢ ᠦᠯᠡᠳᠡᠭᠡᠨ᠎ᠡ᠃ ᠬᠠᠩᠭᠢᠨ ᠬᠤᠶᠢᠲᠤ ᠬᠤᠰᠢᠭᠤᠨ ᠤ ᠣᠲᠣ ᠦᠶ᠎ᠡ ᠶᠢᠨ ᠮᠠᠰᠢᠨ ᠲᠣᠨᠣᠭᠯᠠᠯ ᠤᠨ ᠠᠵᠤ | ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶ᠋ᠯ ᠪᠣᠯ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ︽ᠲᠥᠷᠥᠯ | ᠵᠦᠢᠯ ᠢᠶᠠᠷ ᠸᠠᠩ ᠪᠣᠯᠭᠠᠬᠤ︾ ᠰᠢᠨ᠎ᠡ ᠬᠥᠭᠵᠢᠯᠲᠡ ᠶᠢᠨ ᠣᠨᠣᠯᠵᠢᠬᠤᠨ ᠢ ᠨᠠᠶᠢᠳᠠᠪᠤᠷᠢᠵᠢᠭᠤᠯᠬᠤ ᠶᠠᠪᠤᠳᠠᠯ ᠪᠣᠯᠤᠨ᠎ᠠ᠃ ᠣᠳᠣᠬᠢᠴᠢᠯᠠᠭᠰᠠᠨ ᠮᠠᠰᠢᠨ ᠲᠣᠨᠣᠭᠯᠠᠯ | ᠦᠢᠯᠡᠳᠬᠦ ᠠᠵᠤ ᠦᠢᠯᠡᠰ ᠤᠨ ᠰᠠᠭᠤᠷᠢᠨ ᠢ ᠪᠦᠳᠦᠭᠡᠨ ᠪᠠᠶᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠪᠠᠷ ᠬᠠᠷᠠᠯᠲᠠ | ᠪᠣᠯᠭᠠᠨ᠎ᠠ᠃ ᠬᠠᠩᠭᠢᠨ ᠬᠤᠶᠢᠲᠤ ᠬᠤᠰᠢᠭᠤᠨ ᠤ ᠣᠲᠤ ᠦᠶ᠎ᠡ ᠶᠢᠨ ᠮᠠᠰᠢᠨ ᠲᠣᠨᠣᠭᠯᠠᠯ ᠤᠨ ᠦᠢᠯᠡᠳᠬᠡᠯ ᠤᠨ ᠴᠢᠨᠠᠷ ᠰᠠᠶᠢᠲᠠᠶ᠂ ᠦᠷ᠎ᠡ ᠪᠦᠲᠦᠮᠵᠢ ᠰᠠᠶᠢᠲᠠᠶ | ᠬᠥᠭᠵᠢᠯᠲᠡ ᠶᠢ ᠳᠦᠷᠭᠤᠠᠭᠡᠭᠦ ᠬᠡᠷᠠᠭᠲᠠᠢ᠃ ᠬᠠᠩᠭᠢᠨ ᠬᠤᠶᠢᠲᠤ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ | ᠵᠦᠢᠯ ᠪᠣᠯ ᠮᠠᠨ ᠤ ᠬᠤᠰᠢᠭᠤᠨ ᠤ ᠢᠷᠡᠭᠡᠳᠦᠶ ᠳᠤ ᠬᠠᠨᠳᠤᠭᠤᠯᠤᠭᠰᠠᠨ ᠥᠨᠳᠥᠷ ᠬᠢᠷᠢ ᠲᠦᠪᠰᠢᠨ ᠪᠥᠬᠦᠶ ᠬᠤᠲᠠ ᠶᠢᠨ ᠬᠥᠭᠵᠢᠯᠲᠡ ᠶᠢᠨ ᠱᠠᠭᠠᠷᠳᠠᠯᠭ᠎ᠠ ᠪᠥᠬᠦ | ᠬᠤᠰᠢᠭᠤᠨ ᠤ ᠬᠦᠴᠦᠨ ᠢᠶᠠᠷ ᠲᠥᠯᠥᠪᠵᠢᠭᠦᠯᠦᠨ ᠪᠠᠶᠢᠭᠤᠯᠤᠭᠰᠠᠨ ᠴᠢᠳᠠᠮᠵᠢ ᠨᠢ ᠪᠠᠶᠠᠯᠢᠭ᠂ ᠲᠥᠷᠥᠯ ᠵᠦᠢᠯ ᠨᠢ ᠪᠦᠷᠢᠨ᠂ ᠣᠯᠠᠨ ᠡᠰᠢᠴᠢᠯᠡᠭᠰᠡᠨ ᠲᠣᠮᠣ | ᠬᠡᠯᠪᠡᠷᠢ ᠶᠢᠨ ᠰᠣᠶᠣᠯ ᠲᠠᠮᠢᠷ ᠤᠨ ᠬᠥᠳᠡᠯᠭᠡᠭᠡᠨ ᠤ ᠶᠡᠷᠦᠩᠬᠡᠶᠢᠯᠡᠭᠰᠡᠨ ᠲᠠᠯᠠᠪᠠᠶ ᠣᠷᠳᠣᠨ ᠢ ᠪᠠᠶᠢᠭᠤᠯᠬᠤ ᠪᠠᠷ ᠲᠥᠯᠥᠪᠯᠡᠵᠦ ᠪᠣᠶ᠃ ᠪᠠᠷᠢᠯᠭ᠎ᠠ ᠶᠢᠨ ᠵᠢᠷᠤᠭ | ᠲᠥᠯᠥᠪᠯᠡᠭᠡ ᠨᠢ ︽ᠮᠤᠨᠢ ᠠᠭᠤᠯᠠ ᠶᠢᠨ ᠬᠠᠳᠠᠨ ᠰᠡᠶᠢᠯᠦᠮᠡᠯ︾ ᠭᠡᠬᠦ ᠲᠤᠮᠤ ᠪᠢᠷ ᠢᠶᠠᠷ ᠣᠭᠲᠠᠷᠭᠤᠢ ᠶᠢ ᠳᠣᠩᠰᠣᠯᠭᠠᠬᠤ︾ ᠬᠡᠯᠪᠡᠷᠢ ᠪᠠᠷ ᠪᠠᠷᠢᠯᠭ᠎ᠠ ᠶᠢᠨ ᠭᠤᠣᠯ | ᠴᠣᠭᠴᠠ ᠶᠢ ᠬᠡᠶᠢᠰᠪᠦᠷᠢ ᠪᠠᠷ ᠳᠡᠯᠭᠡᠨ ᠦᠵᠡᠭᠦᠯᠬᠦ ᠶᠢᠨ ᠬᠠᠮᠲᠤ᠂ ︽ᠪᠣᠷᠣᠲᠣᠬᠤᠢ ᠶᠢᠨ ᠰᠣᠶᠣᠯ᠂ ᠦᠩ ᠰᠢᠮᠡᠯᠢᠭ ᠬᠥᠷᠥᠰᠥᠨ ᠳᠤ ᠠᠯᠳᠠ ᠠᠮᠢᠯᠠᠭᠤᠯᠬᠤ︾ | ᠬᠥᠭᠵᠢᠯᠲᠡ ᠶᠢᠨ ᠣᠶᠢᠯᠠᠭᠠᠭᠳᠠᠬᠤᠨ ᠢ ᠠᠭᠤᠰᠬᠠᠭᠰᠠᠨ ᠪᠠᠶᠢᠨ᠎ᠠ᠃ ᠠᠭᠠᠷ ᠮᠠᠨᠳᠠᠯ ᠤᠨ ᠲᠥᠪ ᠴᠢᠬᠡᠴᠢ᠂ ᠲᠥᠪ ᠬᠢᠴᠢᠶᠡᠩᠭᠦᠢ ᠲᠥᠪ ᠬᠢᠴᠢᠶᠡᠩᠭᠦᠢ ᠪᠠᠷᠢᠯᠭ᠎ᠠ ᠶᠢᠨ | ᠬᠡᠪ ᠨᠠᠮᠪᠠ ᠪᠠᠷ ᠱᠠᠮᠪᠠ ᠶᠢᠨ ᠬᠥᠮᠦᠰ ᠤᠨ ᠲᠥᠪ ᠴᠢᠬᠡᠴᠢ᠂ ᠪᠣᠷᠣᠭᠵᠢᠭᠤᠨ᠂ ᠨᠡᠭᠡᠭᠡᠯᠲᠡᠲᠡᠢ ᠪᠣᠷᠣᠭᠵᠢᠭᠤᠨ ᠰᠡᠳᠬᠢᠯᠭᠡ ᠶᠢ ᠢᠯᠡᠷᠡᠭᠦᠯᠪᠡ᠃ ᠲᠥᠷᠥᠯ ᠵᠦᠢᠯ ᠢ | ᠪᠠᠶᠢᠭᠤᠯᠵᠤ ᠳᠠᠭᠤᠰᠤᠭᠰᠠᠨ ᠤ ᠳᠠᠷᠠᠭ᠎ᠠ᠃ ᠮᠠᠨ ᠤ ᠬᠤᠰᠢᠭᠤᠨ ᠤ ᠣᠯᠠᠨ ᠨᠡᠶᠢᠲᠡ ᠶᠢᠨ ᠰᠣᠶᠣᠯ ᠲᠠᠮᠢᠷ ᠤᠨ ᠦᠶ᠋ᠯᠡᠴᠢᠯᠡᠭᠡᠨ ᠤ ᠰᠠᠭᠤᠷᠢ ᠲᠥᠬᠦᠭᠡᠷᠦᠮᠵᠢ ᠶᠢᠨ | ᠳᠤᠲᠠᠭᠤᠳᠠᠯ ᠢ ᠨᠥᠬᠦᠪᠥᠷᠢᠯᠡᠵᠦ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠶᠤᠨ ᠤ ᠰᠣᠶᠣᠯ ᠤᠨ ᠬᠡᠷᠡᠭᠴᠡᠭᠡ ᠪᠠ ᠪᠡᠶ᠎ᠡ ᠶᠢᠨ ᠲᠠᠮᠢᠷ ᠤᠨ | ᠪᠣᠯᠪᠠᠰᠤᠷᠠᠯ ᠤᠨ ᠬᠡᠷᠡᠭᠴᠡᠭᠡ ᠶᠢ ᠪᠠᠶᠠᠯᠢᠭᠵᠢᠭᠤᠯᠤᠨ ᠬᠠᠩᠭᠠᠨ᠎ᠠ᠃ ᠬᠤᠳᠠ ᠶᠢᠨ ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠳᠠ ᠶᠢᠨ ᠴᠢᠨᠠᠷ | ᠳᠡᠰ ᠢ ᠳᠡᠭᠡᠭᠰᠢᠯᠡᠭᠦᠯᠦᠨ᠎ᠡ᠃ ᠬᠠᠩᠭᠢᠨ ᠬᠤᠶᠢᠲᠤ ᠬᠤᠰᠢᠭᠤᠨ ᠤ ᠺᠠᠩ ᠶᠠᠩ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠨᠢ | ᠠᠷᠠᠳ ᠤᠯᠠᠨ ᠤ ᠥᠨᠳᠥᠷ ᠶᠠᠰᠤ ᠴᠢᠨᠠᠷ ᠲᠠᠢ ᠰᠤᠪᠢᠯᠠᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ︽ᠡᠮᠨᠡᠬᠦ ᠪᠠ ᠰᠤᠪᠢᠯᠠᠬᠤ ᠪᠠᠷ ᠭᠤᠣᠯ ᠪᠣᠯᠭᠠᠵᠤ᠂ | ᠡᠮᠨᠡᠬᠦ ᠪᠣᠯ ᠣᠨᠴᠠᠯᠢᠭ ᠲᠠᠢ︾ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠨ᠎ᠠ᠃ ᠴᠡᠴᠡᠷᠯᠢᠭᠵᠢᠭᠦᠯᠬᠦ᠂ ᠳᠡᠭᠡᠳᠦ ᠲᠡᠰ ᠤᠨ ᠪᠠᠶᠢᠷᠢ ᠲᠣᠭᠲᠠᠭᠠᠯᠲᠠ ᠶᠢ | ᠲᠤᠪᠤᠶᠢᠯᠭᠠᠨ᠎ᠠ᠃ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠠᠯᠪᠠᠨ ᠠᠴᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠳᠡᠮᠵᠢᠬᠦ ᠬᠡᠯᠪᠡᠷᠢ ᠪᠠᠷ ᠡᠷᠡᠭᠦᠯᠵᠢᠯ | ᠨᠠᠰᠤᠵᠢᠯ ᠤᠨ ᠠᠰᠠᠷᠠᠮᠵᠢ ᠶᠢᠨ ᠲᠥᠪ᠂ ᠨᠠᠰᠤᠲᠠᠶᠢᠴᠤᠳ ᠤᠨ ᠰᠣᠶᠣᠯ ᠴᠡᠩᠭᠡᠯ ᠤᠨ ᠠᠵᠢᠯᠯᠠᠭᠠᠨ ᠤ ᠲᠥᠪ᠂ ᠨᠠᠰᠤᠲᠠᠶᠢᠴᠤᠳ ᠤᠨ ᠳᠡᠭᠡᠳᠦ ᠰᠤᠷᠭᠠᠭᠤᠯᠢ ᠶᠢ ᠨᠢᠭᠡ | ᠴᠤᠭᠴᠠᠵᠢᠭᠤᠯᠤᠭᠰᠠᠨ ᠲᠣᠮᠣ ᠬᠡᠯᠪᠡᠷᠢ ᠶᠢᠨ ᠡᠷᠡᠭᠦᠯᠵᠢᠯ ᠰᠤᠪᠢᠯᠠᠯᠲᠠ ᠶᠢᠨ ᠬᠦᠷᠢᠶᠡᠯᠡᠩ ᠲᠣᠭᠤᠷᠢᠭ ᠢ ᠪᠠᠶᠢᠭᠤᠯᠤᠨ᠎ᠠ᠃ ᠲᠦᠷᠦᠯ ᠵᠦᠢᠯ ᠪᠠᠶᠢᠭᠤᠯᠤᠭᠳᠠᠭᠰᠠᠨ ᠤ | ᠳᠠᠷᠠᠭ᠎ᠠ᠂ ᠥᠲᠡᠯᠪᠡᠯ ᠲᠦᠰᠢᠭ ᠲᠠᠢ᠂ ᠥᠲᠡᠯᠪᠡᠯ ᠠᠰᠠᠷᠠᠮᠵᠢ ᠲᠠᠢ ᠪᠠᠶᠢᠬᠤ ᠪᠠᠲᠤᠯᠠᠪᠤᠷᠢ ᠶᠢᠨ ᠰᠢᠰᠲᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠬᠠᠮᠤᠭ | ᠰᠡᠭᠦᠯ ᠳᠤ᠂ ᠳᠡᠳ᠋ ᠬᠤᠰᠢᠭᠤᠨ ᠳᠠᠷᠤᠭ᠎ᠠ ᠵᠠᠩ ᠵᠢᠶᠦ᠋ᠨ ᠫᠢᠩ ᠪᠣᠶ ᠪᠥᠬᠦᠶ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶ᠋ᠯ ᠳᠤ ᠡᠷᠬᠡᠪᠰᠢ ᠨᠡᠶᠢᠲᠡ ᠶᠢᠨ ᠵᠣᠷᠯᠣᠩ᠂ | ᠬᠤᠭ ᠨᠣᠪᠰᠢ ᠶᠢ ᠬᠤᠷᠢᠶᠠᠨ ᠴᠤᠭᠯᠠᠭᠤᠯᠬᠤ ᠵᠡᠷᠭᠡ ᠰᠠᠭᠤᠷᠢ ᠲᠥᠬᠦᠭᠡᠷᠦᠮᠵᠢ ᠶᠢ ᠳᠣᠭᠢᠷᠠᠭᠤᠯᠤᠨ ᠪᠠᠶᠢᠭᠤᠯᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ | ᠳᠠᠭᠠᠭᠠᠴᠢᠯᠠᠨ ᠬᠤᠯᠪᠣᠭᠠᠯᠠᠬᠤ ᠨᠢᠭᠡᠴᠢ ᠳᠤ ᠵᠠᠪᠠᠯ ᠶᠡᠭᠡ ᠪᠠᠭ᠎ᠠ ᠶᠠᠪᠤᠳᠠᠯ ᠭᠡᠵᠦ ᠪᠠᠶᠢᠬᠤ ᠦᠭᠡᠢ᠂ ᠥᠪᠡᠷ ᠤᠨ ᠪᠡᠶ᠎ᠡ ᠪᠠᠷ ᠢᠶᠠᠨ ᠬᠢᠵᠦ᠂ ᠬᠡᠨ ᠡᠷᠬᠢᠯᠡᠨ ᠬᠠᠮᠢᠶᠠᠷᠪᠠᠯ | ᠬᠡᠨ ᠬᠠᠷᠢᠭᠤᠴᠠᠵᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠲᠦᠷᠢᠮ ᠲᠣᠭᠲᠠᠭᠠᠯ ᠤᠨ ᠺᠣᠮᠢᠰ ᠤᠨ ᠬᠢᠨᠠᠨ ᠲᠣᠭᠲᠠᠭᠠᠭᠰᠠᠨ ᠤ ᠳᠠᠷᠠᠭᠠᠬᠢ | ᠲᠥᠰᠦᠯ ᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠡᠯ᠎ᠡ ᠵᠦᠢᠯᠡᠰ ᠢ ᠡᠷᠲᠡᠬᠡᠨ ᠠᠵᠢᠯ ᠡᠬᠢᠯᠡᠭᠦᠯᠦᠨ ᠪᠦᠳᠦᠭᠡᠨ ᠪᠠᠶᠢᠭᠤᠯᠤᠨ᠎ᠠ᠃ | | | |