ᠬᠠᠩᠭᠢᠨ ᠬᠤᠶᠢᠲᠤ ᠬᠤᠰᠢᠭᠤᠨ ᠤ ᠠᠩᠬᠠᠳᠠᠭᠴᠢ ︽ᠠᠵᠢᠯᠴᠢᠨ ᠤ ᠡᠪᠯᠡᠯ ᠤᠨ ᠬᠡᠷ ᠤᠨ ᠭᠠᠳᠠᠨᠠᠬᠢ ᠬᠥᠳᠡᠯᠮᠦᠷᠢᠴᠢᠳ ᠤᠨ ᠦᠢᠯᠡᠴᠢᠯᠡᠭᠡᠨ ᠤ ᠥᠷᠲᠡᠭᠡ︾ ᠵᠢᠩᠬᠢᠨᠢ ᠪᠠᠷ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2022/5/27
      5 ᠰᠠᠷ᠎ᠠ ᠶᠢᠨ 20 ᠤ ᠡᠳᠦᠷ᠂ ᠬᠠᠩᠭᠢᠨ ᠬᠤᠶᠢᠲᠤ ᠬᠤᠰᠢᠭᠤᠨ ᠤ ᠠᠩᠬᠠᠳᠠᠭᠴᠢ ︽ᠠᠵᠢᠯᠴᠢᠨ ᠤ ᠡᠪᠯᠡᠯ ᠤᠨ ᠬᠡᠷ ᠤᠨ ᠭᠠᠳᠠᠨᠠᠬᠢ ᠬᠥᠳᠡᠯᠮᠦᠷᠢᠴᠢᠳ ᠤᠨ ᠦᠢᠯᠡᠴᠢᠯᠡᠭᠡᠨ ᠤ ᠥᠷᠲᠡᠭᠡ︾ ᠵᠢᠩᠬᠢᠨᠢ ᠪᠠᠷ ᠠᠰᠢᠭᠯᠠᠯᠲᠠ ᠳᠤ ᠣᠷᠣᠪᠠ᠃       ︽ᠠᠵᠢᠯᠴᠢᠨ ᠤ ᠡᠪᠯᠡᠯ ᠤᠨ ᠬᠡᠷ ᠤᠨ ᠭᠠᠳᠠᠨᠠᠬᠢ ᠬᠥᠳᠡᠯᠮᠦᠷᠢᠴᠢᠳ ᠤᠨ ᠦᠢᠯᠡᠴᠢᠯᠡᠭᠡᠨ ᠤ ᠥᠷᠲᠡᠭᠡ︾ ᠳᠤ ᠣᠷᠣᠬᠤ ᠳᠤ᠂ ᠤᠤᠭᠤᠬᠤ ᠤᠰᠤᠨ ᠤ ᠲᠥᠬᠦᠭᠡᠷᠦᠮᠵᠢ᠂ ᠪᠢᠴᠢᠯ ᠳᠣᠯᠭᠢᠶᠠᠨ ᠤ ᠵᠤᠤᠬ᠎ᠠ᠂ ᠰᠢᠷᠡᠭᠡ ᠰᠠᠨᠳᠠᠯᠢ᠂ ᠰᠠᠯᠬᠢᠨ ᠰᠠᠩᠰᠠ᠂ ᠣᠯᠠᠨ ᠴᠢᠳᠠᠪᠤᠷᠢᠲᠤ ᠴᠠᠬᠢᠯᠭᠠᠨ ᠴᠡᠨᠡᠭᠯᠡᠬᠦ ᠤᠭᠯᠠᠭᠤᠷᠭ᠎ᠠ᠂ ᠰᠣᠨᠢᠨ ᠰᠡᠳᠬᠦᠯ ᠨᠣᠮ ᠪᠢᠴᠢᠭ ᠵᠡᠷᠭᠡ ᠦᠢᠯᠡᠴᠢᠯᠡᠭᠡᠨ ᠤ ᠲᠥᠬᠦᠭᠡᠷᠦᠮᠵᠢ ᠴᠥᠮ ᠪᠠᠶᠢᠬᠤ ᠬᠡᠷᠡᠭᠲᠡᠶ᠂ ᠬᠡᠷ ᠤᠨ ᠭᠠᠳᠠᠨᠠᠬᠢ ᠴᠥᠭᠡᠨ ᠪᠤᠰᠤ ᠬᠥᠳᠡᠯᠮᠦᠷᠢᠴᠢᠨ ᠲᠡᠷᠡ ᠳᠠᠷᠤᠶ ᠳᠤᠨᠢ ᠲᠤᠬᠠᠶ ᠶᠢᠨ ᠲᠠᠯᠠᠪᠤᠷ ᠲᠤ ᠪᠡᠶᠡᠴᠢᠯᠡᠨ ᠣᠶᠢᠯᠠᠭᠠᠪᠠ᠃ ︽ᠠᠳᠡᠬᠢ ᠣᠷᠴᠢᠨ ᠲᠣᠭᠤᠷᠢᠨ ᠮᠠᠰᠢ ᠰᠠᠶᠢᠨ᠂ ᠵᠣᠨ ᠤ ᠴᠠᠭ ᠲᠤ ᠨᠠᠷᠠ ᠮᠠᠰᠢ ᠬᠠᠯᠠᠭᠤᠨ ᠦᠶ᠎ᠡ ᠳᠤ᠂ ᠪᠢᠳᠡ ᠢᠷᠡᠵᠦ ᠤᠰᠤ ᠤᠤᠭᠤᠵᠤ᠂ ᠠᠮᠠᠷᠠᠭᠠᠳ ᠠᠪᠤᠶ᠎ᠠ᠂ ᠡᠪᠦᠯ ᠤᠨ ᠴᠠᠭ ᠲᠤ ᠲᠩᠷᠢ ᠬᠦᠶ᠋ᠲᠡᠷᠡᠪᠡᠯ ᠪᠠᠰᠠ ᠣᠷᠣᠵᠤ ᠢᠷᠡᠭᠡᠳ ᠳᠤᠯᠠᠭᠠᠯᠠᠵᠤ ᠪᠣᠯᠤᠨ᠎ᠠ᠂ ᠡᠨᠡ ᠬᠦ ᠦᠶ᠋ᠯᠡᠴᠢᠯᠡᠭᠡ ᠨᠢ ᠦᠨᠡᠬᠡᠷ ᠲᠠᠭᠠᠯᠠᠮᠵᠢᠲᠠᠶ ᠪᠠᠶᠢᠨ᠎ᠠ︾ ᠭᠡᠵᠡᠶ᠃ ᠭᠡᠵᠦ ᠪᠡᠶᠡᠴᠢᠯᠡᠨ ᠣᠶᠢᠯᠠᠭᠠᠬᠤ ᠳᠤ ᠣᠷᠣᠯᠴᠠᠭᠰᠠᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠨᠢᠭᠡᠨ ᠠᠵᠢᠯᠴᠢᠨ ᠬᠡᠯᠡᠪᠡ᠃ ︽ᠠᠵᠢᠯᠴᠢᠨ ᠤ ᠡᠪᠯᠡᠯ ᠤᠨ ᠬᠡᠷ ᠤᠨ ᠭᠠᠳᠠᠨᠠᠬᠢ ᠬᠥᠳᠡᠯᠮᠦᠷᠢᠴᠢᠳ ᠤᠨ ᠦᠢᠯᠡᠴᠢᠯᠡᠭᠡᠨ ᠤ ᠥᠷᠲᠡᠭᠡ︾ ᠨᠢ ᠱᠠᠮᠪᠠ ᠪᠠᠯᠭᠠᠰᠤᠨ ᠤ ᠹᠧᠨ ᠳ᠋ᠧᠦ ᠪᠠᠷᠠᠭᠤᠨ ᠵᠠᠮ ᠳᠤ ᠪᠠᠶᠢᠷᠢᠯᠠᠵᠤ᠂ ᠭᠤᠤᠯᠳᠠᠭᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ᠂ ᠨᠣᠭᠤᠭᠠᠷᠠᠭᠤᠯᠤᠯᠲᠠ ᠶᠢᠨ ᠠᠵᠢᠯᠴᠢᠨ᠂ ᠲᠦᠷᠭᠡᠨ ᠬᠦᠷᠭᠡᠭᠴᠢ᠂ ᠬᠤᠲᠠ ᠶᠢᠨ ᠬᠠᠮᠢᠶᠠᠷᠤᠯᠲᠠ ᠶᠢᠨ ᠠᠵᠢᠯᠲᠠᠨ᠂ ᠵᠠᠮ ᠬᠠᠷᠢᠯᠴᠠᠭᠠᠨ ᠤ ᠴᠠᠭᠳᠠᠭ᠎ᠠ᠂ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠵᠡᠷᠭᠡ ᠬᠡᠷ ᠤᠨ ᠭᠠᠳᠠᠨᠠᠬᠢ ᠬᠥᠳᠡᠯᠮᠦᠷᠢᠴᠢᠳ ᠲᠤ ᠬᠠᠨᠳᠤᠭᠤᠯᠵᠤ᠂ ᠲᠡᠳᠡᠨ ᠳᠤ ᠤᠰᠤ ᠤᠮᠳᠠ᠂ ᠬᠠᠯᠠᠭᠤᠨ ᠬᠤᠭᠤᠯᠠ᠂ ᠪᠣᠷᠣᠭᠠᠨ ᠠᠴᠠ ᠵᠠᠶᠢᠯᠠᠬᠤ᠂ ᠬᠥᠯ ᠠᠮᠠᠷᠠᠬᠤ᠂ ᠴᠠᠬᠢᠯᠭᠠᠨ ᠴᠡᠨᠡᠭᠯᠡᠬᠦ ᠵᠡᠷᠭᠡ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠬᠠᠩᠭᠠᠨ᠎ᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠬᠢᠨ ᠪᠠᠰᠠ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠵᠣᠬᠢᠰᠲᠠᠶ ᠴᠡᠭ ᠰᠣᠩᠭᠤᠬᠤ ᠪᠠᠷ ᠳᠠᠮᠵᠢᠭᠤᠯᠤᠨ᠂ ᠨᠠᠩ ᠣᠯᠠᠨ ᠬᠡᠷ ᠤᠨ ᠭᠠᠳᠠᠨᠠᠬᠢ ᠬᠥᠳᠡᠯᠮᠦᠷᠢᠴᠢᠳ ᠤᠨ ᠦᠢᠯᠡᠴᠢᠯᠡᠭᠡᠨ ᠤ ᠥᠷᠲᠡᠭᠡ ᠴᠡᠭ ᠢ ᠪᠠᠶᠢᠭᠤᠯᠵᠤ᠂ ︽ᠡᠪᠦᠯ ᠤᠨ ᠤᠯᠠᠷᠢᠯ ᠳᠤ ᠳᠤᠯᠠᠭᠠᠯᠠᠵᠤ ᠳᠡᠶᠢᠯᠬᠦ᠂ ᠵᠣᠨ ᠤ ᠤᠯᠠᠷᠢᠯ ᠳᠤ ᠰᠡᠷᠢᠭᠦᠴᠡᠵᠦ ᠳᠡᠶᠢᠯᠬᠦ᠂ ᠥᠪᠡᠷ ᠢᠶᠠᠨ ᠦᠢᠯᠡᠴᠢᠯᠡᠬᠦ ᠬᠠᠯᠠᠭᠤᠨ ᠬᠤᠭᠤᠯᠠ ᠢᠳᠡᠬᠦ᠂ ᠭᠠᠷ ᠤᠲᠠᠰᠤ ᠪᠠᠷ ᠴᠠᠬᠢᠯᠭᠠᠨ ᠴᠡᠨᠡᠭᠯᠡᠬᠦ︾ ᠳᠤᠯᠠᠭᠠᠨ ᠭᠠᠵᠠᠷ ᠢ ᠪᠠᠶᠢᠭᠤᠯᠵᠤ᠂ ᠥᠷᠭᠡᠨ ᠣᠯᠠᠨ ᠬᠡᠷ ᠤᠨ ᠭᠠᠳᠠᠨᠠᠬᠢ ᠬᠥᠳᠡᠯᠮᠦᠷᠢᠴᠢᠳ ᠲᠤ ︽ᠬᠡᠷ ᠪᠦᠯᠢ︾ ᠶᠢᠨ ᠬᠠᠯᠠᠭᠤᠨ ᠳᠤᠯᠠᠭᠠᠨ ᠢ ᠦᠨᠡᠨᠬᠦ ᠡᠳ᠋ᠯᠡᠭᠦᠯᠦᠨ᠎ᠡ᠃ 
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ