ᠬᠠᠩᠭᠢᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ  ᠴᠧᠨ ᠺᠠᠶ ᠯᠢᠶᠠᠩ ᠪᠦᠯᠬᠦᠮ ᠳᠠᠭᠠᠭᠤᠯᠤᠨ ᠦᠶᠤᠸᠠᠨ ᠰᠢᠶᠠᠨ ᠳᠤ ᠬᠦᠷᠴᠦ ᠢᠳᠡᠭᠡᠨ ᠤ ᠠᠵᠤ ᠦᠢᠯᠡᠰ ᠤᠨ ᠬᠦᠷᠢᠶᠡᠯᠡᠩ᠂ ᠨᠠᠷᠠᠩᠬᠤᠸᠠᠷ ᠤᠨ ᠦᠷ᠎ᠡ ᠪᠠ ᠯᠠᠩᠭᠤᠸᠠ ᠶᠢᠨ ᠦᠷ᠎ᠡ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2022/5/27
      ᠣᠶᠢᠷ᠎ᠠ ᠳᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠺᠠᠶ ᠯᠢᠶᠠᠩ ᠪᠣᠯᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠭᠦᠸᠧ ᠶᠦᠩ ᠯᠢ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠢᠦ ᠴᠢ ᠵᠢᠶᠦ᠋ᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠠᠯᠠ ᠣᠷᠣᠭᠤᠯᠤᠯᠲᠠ ᠶᠢ ᠠᠬᠢᠭᠤᠯᠬᠤ ᠲᠥᠪ ᠤᠨ ᠭᠤᠤᠯ ᠬᠠᠷᠢᠭᠤᠴᠠᠯᠭᠠᠲᠠᠨ ᠨᠥᠬᠦᠳ ᠪᠠ ᠬᠤᠰᠢᠭᠤᠨ ᠤ ᠳᠣᠲᠣᠷᠠᠬᠢ ᠬᠡᠰᠡᠭ ᠤᠨᠴᠠᠯᠢᠭᠳᠤ ᠠᠵᠤ ᠠᠬᠤᠶᠢᠯᠠᠯ ᠢ ᠳᠠᠭᠠᠭᠤᠯᠤᠨ ᠦᠶᠤᠸᠠᠨ ᠰᠢᠶᠠᠨ ᠳᠤ ᠬᠦᠷᠴᠦ ᠢᠳᠡᠭᠡᠨ ᠤ ᠠᠵᠤ ᠦᠢᠯᠡᠰ ᠤᠨ ᠬᠦᠷᠢᠶᠡᠯᠡᠩ᠂ ᠨᠡᠷᠡᠨ ᠬᠤᠸᠠᠷ ᠤᠨ ᠦᠷ᠎ᠡ ᠪᠠ ᠯᠠᠩᠭᠤᠸᠠ ᠶᠢᠨ ᠦᠷ᠎ᠡ ᠪᠣᠯᠪᠠᠰᠤᠷᠠᠭᠤᠯᠬᠤ ᠬᠦᠷᠢᠶᠡᠯᠡᠩ ᠵᠡᠷᠭᠡ ᠶᠢ ᠰᠢᠨᠵᠢᠯᠡᠨ ᠪᠠᠶᠢᠴᠠᠭᠠᠪᠠ᠃       ᠰᠢᠨᠵᠢᠯᠡᠨ ᠪᠠᠶᠢᠴᠠᠭᠠᠬᠤ ᠶᠠᠪᠤᠴᠠ ᠳᠤ ᠴᠧᠨ ᠺᠠᠢ ᠯᠢᠶᠠᠩ ᠦᠶᠤᠸᠠᠨ ᠢᠳᠡᠭᠡᠨ ᠤ ᠠᠵᠤ ᠦᠢᠯᠡᠰ ᠤᠨ ᠬᠦᠷᠢᠶᠡᠯᠡᠩ᠂ ᠨᠡᠷᠡᠨ ᠬᠤᠸᠠᠷ ᠤᠨ ᠦᠷ᠎ᠡ ᠪᠣᠯᠤᠨ ᠯᠠᠩᠭᠤᠸᠠ ᠶᠢᠨ ᠦᠷ᠎ᠡ ᠡᠳ᠋ᠰᠢᠭᠦᠯᠬᠦ ᠬᠦᠷᠢᠶᠡᠯᠡᠩ ᠲᠣᠭᠤᠷᠢᠭ ᠤᠨ ᠦᠢᠯᠡᠰ ᠪᠤᠰᠬᠠᠬᠰᠠᠨ ᠥᠩᠭᠡᠷᠡᠯᠲᠡ ᠪᠣᠯᠤᠨ ᠬᠥᠭᠵᠢᠯᠲᠡ ᠶᠢᠨ ᠶᠠᠪᠤᠴᠠ᠂ ᠰᠣᠶᠣᠯ ᠤᠨ ᠣᠶᠢᠯᠠᠭᠠᠭᠳᠠᠬᠤᠨ᠂ ᠲᠤᠬᠠᠶᠢᠯᠠᠭᠰᠠᠨ ᠠᠵᠢᠯ ᠤᠨ ᠬᠡᠰᠡᠭ ᠪᠣᠯᠤᠨ ᠬᠥᠭᠵᠢᠯᠲᠡ ᠵᠡᠷᠭᠡ ᠪᠠᠶᠢᠳᠠᠯ ᠢ ᠰᠣᠨᠣᠰᠴᠠᠢ᠃ ᠡᠯ᠎ᠡ ᠲᠥᠷᠥᠯ ᠤᠨ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠪᠠ ᠦᠢᠯᠡᠳᠪᠦᠷᠢᠯᠡᠬᠦ ᠶᠠᠪᠤᠴᠠ ᠶᠢ ᠲᠣᠭᠤᠷᠢᠨ ᠦᠵᠡᠵᠦ᠂ ᠢᠳᠡᠭᠡᠨ ᠤ ᠠᠵᠤ ᠠᠬᠤᠶᠢᠯᠠᠯ ᠤᠨ ᠪᠣᠯᠪᠠᠰᠤᠷᠠᠭᠤᠯᠬᠤ ᠶᠠᠪᠤᠴᠠ ᠶᠢ ᠣᠶᠢᠯᠠᠭᠠᠬᠤ ᠬᠡᠷᠡᠭᠲᠡᠶ᠃ ᠤᠯᠠᠮᠵᠢᠯᠠᠯ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠢ ᠠᠭᠤᠰᠤᠯᠴᠠᠭᠤᠯᠤᠭᠰᠠᠨ᠂ ᠠᠮᠤᠷ ᠲᠦᠪᠰᠢᠨ ᠪᠣᠯᠤᠨ ᠰᠠᠨᠠᠭ᠎ᠠ ᠠᠮᠤᠷ ᠪᠠᠶᠢᠬᠤ ᠶᠢ ᠵᠡᠷᠭᠡᠪᠡᠷ ᠤᠷᠤᠭᠰᠢᠯᠠᠭᠤᠯᠤᠭᠰᠠᠨ ᠡᠵᠡᠩᠨᠡᠯᠲᠡ ᠶᠢᠨ ᠵᠠᠭᠪᠤᠷ ᠢ ᠦᠨᠡᠨᠬᠦ ᠮᠡᠳᠡᠷᠡᠵᠦ᠂ ᠦᠶᠤᠸᠠᠨ ᠰᠢᠶᠠᠨ ᠤ ᠢᠳᠡᠭᠡᠨ ᠤ ᠠᠵᠤ ᠦᠢᠯᠡᠰ ᠤᠨ ᠬᠦᠷᠢᠶᠡᠯᠡᠩ᠂ ᠨᠡᠷᠡᠨ ᠬᠤᠸᠠᠷ ᠤᠨ ᠦᠷ᠎ᠡ ᠪᠣᠯᠤᠨ ᠯᠠᠩᠭᠤᠸᠠ ᠶᠢᠨ ᠦᠷ᠎ᠡ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠪᠣᠯ ᠲᠠᠷᠢᠶᠠᠯᠠᠩ ᠤᠨ ᠠᠵᠤ ᠦᠢᠯᠡᠰᠵᠢᠯᠲᠡ ᠶᠢᠨ ᠤᠯᠤᠰ ᠤᠨ ᠭᠤᠣᠯᠳᠠᠯᠭ᠎ᠠ ᠲᠠᠢ ᠲᠠᠭᠠᠭᠤᠯᠤᠭᠴᠢ ᠠᠵᠤ ᠠᠬᠤᠶᠢᠯᠠᠯ ᠪᠠᠶᠢᠵᠤ᠂ ᠲᠤᠬᠠᠢ ᠶᠢᠨ ᠭᠠᠵᠠᠷ ᠤᠨ ᠤᠨᠴᠠᠯᠢᠭᠳᠤ ᠰᠣᠶᠣᠯ ᠪᠣᠯᠤᠨ ᠦᠨᠳᠦᠰᠦᠲᠡᠨ ᠤ ᠢᠳᠡᠭᠡᠨ ᠤ ᠠᠵᠤ ᠦᠢᠯᠡᠳᠪᠦᠷᠢ ᠶᠢᠨ ᠡᠭᠦᠷᠭᠡᠯᠡᠯ ᠢ ᠡᠭᠦᠷᠭᠡᠯᠡᠵᠦ᠂ ᠨᠡᠯᠢᠶᠡᠳ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠡᠢ ᠭᠡᠵᠦ ᠢᠯᠡᠳᠬᠡᠪᠡ᠃ ᠳᠠᠷᠠᠭᠠᠴᠢ ᠶᠢᠨ ᠠᠯᠬᠤᠮ ᠳᠤ ᠬᠠᠩᠭᠢᠨ ᠬᠤᠶᠢᠲᠤ ᠬᠤᠰᠢᠭᠤᠨ ᠤ ᠬᠢᠨ ︽ᠭᠠᠳᠠᠭᠰᠢ ᠭᠠᠷᠬᠤ︾᠂ ︽ᠤᠷᠢᠵᠤ ᠠᠪᠴᠢᠷᠠᠬᠤ︾ ᠠᠷᠠᠯᠵᠢᠶᠠᠴᠢᠨ ᠤᠷᠢᠬᠤ ᠪᠠᠶᠢᠯᠳᠤᠬᠤ ᠪᠣᠳᠣᠯᠭ᠎ᠠ ᠶᠢ ᠪᠦᠬᠦ ᠬᠦᠴᠦᠨ ᠢᠶᠠᠷ ᠢᠶᠠᠨ ᠬᠡᠷᠡᠭᠵᠢᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ︽ᠬᠠᠩᠵᠧᠦ ᠶᠢᠨ ᠠᠷᠤ ᠲᠠᠯ᠎ᠠ ᠶᠢᠨ ᠦᠷ᠎ᠡ ᠠᠰᠢᠭ︾ ᠢ ᠭᠦᠢᠴᠡᠳ ᠢᠯᠡᠷᠡᠭᠦᠯᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠤᠨ ᠰᠢᠨ᠎ᠡ ᠪᠠᠶᠢᠳᠠᠯ ᠢ ᠨᠡᠭᠡᠭᠡᠵᠦ᠂ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠤᠨ ᠬᠥᠭᠵᠢᠯᠲᠡ ᠪᠣᠯᠤᠨ ᠲᠦᠷᠦᠯ ᠵᠦᠢᠯ ᠤᠨ ᠬᠠᠮᠲᠤᠷᠠᠯᠴᠠᠭ᠎ᠠ ᠳᠤ ᠪᠠᠲᠤᠯᠠᠭ᠎ᠠ ᠪᠣᠯᠤᠨ ᠦᠢᠯᠡᠴᠢᠯᠡᠭᠡ ᠬᠠᠩᠭᠠᠬᠤ ᠶᠢᠨ ᠬᠠᠮᠲᠤ ᠭᠠᠳᠠᠨ᠎ᠠ ᠦᠢᠯᠡᠰ ᠪᠤᠰᠬᠠᠵᠤ ᠬᠥᠭᠵᠢᠵᠦ ᠪᠠᠶᠢᠭ᠎ᠠ ᠲᠡᠨᠦᠭᠦᠯ ᠬᠡᠦᠬᠡᠳ ᠪᠣᠯᠤᠨ ᠵᠣᠷᠢᠭ ᠰᠥᠰᠥ ᠲᠠᠢ ᠬᠥᠮᠦᠰ ᠤᠨ ᠨᠤᠲᠤᠭ ᠤᠰᠤᠨ ᠤ ᠪᠠᠨ ᠬᠥᠭᠵᠢᠯᠲᠡ ᠶᠢ ᠠᠩᠬᠠᠷᠴᠤ᠂ ᠨᠤᠲᠤᠭ ᠤᠰᠤᠨ ᠤ ᠪᠠᠨ ᠪᠦᠳᠦᠭᠡᠨ ᠪᠠᠶᠢᠭᠤᠯᠤᠯᠲᠠ ᠶᠢ ᠳᠡᠮᠵᠢᠵᠦ᠂ ᠦᠢᠯᠡᠰ ᠪᠤᠰᠬᠠᠵᠤ ᠦᠢᠯᠡᠰ ᠢᠶᠠᠨ ᠬᠥᠭᠵᠢᠭᠦᠯᠵᠦ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠶᠢ ᠬᠦᠰᠡᠵᠦ ᠪᠠᠶᠢᠨ᠎ᠠ᠃       ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠳᠡᠮᠵᠢᠨ ᠡᠯ᠎ᠡ ᠠᠵᠤ ᠠᠬᠤᠶᠢᠯᠠᠯ ᠤᠨ ᠲᠥᠯᠥᠭᠡᠯᠡᠭᠴᠢ ᠢᠯᠡᠷᠬᠡᠶᠢᠯᠡᠬᠦ ᠳᠡᠭᠡᠨ᠂ ᠬᠤᠶᠢᠰᠢᠳᠠ ᠨᠠᠩ ᠣᠯᠠᠨ ᠢᠳᠡᠭᠡᠨ ᠤ ᠠᠵᠢᠯ ᠲᠥᠷᠥᠯ ᠤᠨ ᠬᠤᠳᠠᠯᠳᠤᠭᠠᠴᠢᠨ ᠲᠠᠢ ᠬᠠᠷᠢᠯᠴᠠᠵᠤ ᠪᠠᠶᠢᠭᠠᠳ ᠢᠳᠡᠭᠡᠨ ᠪᠣᠯᠪᠠᠰᠤᠷᠠᠭᠤᠯᠬᠤ ᠠᠵᠤ ᠦᠢᠯᠡᠰ ᠤᠨ ᠬᠦᠷᠢᠶᠡᠯᠡᠩ ᠳᠤ ᠬᠠᠮᠲᠤ ᠪᠠᠷ ᠣᠷᠣᠵᠤ᠂ ᠢᠳᠡᠭᠡᠨ ᠪᠣᠯᠪᠠᠰᠤᠷᠠᠭᠤᠯᠬᠤ ᠠᠵᠤ ᠦᠢᠯᠡᠰ ᠤᠨ ᠴᠤᠭᠯᠠᠷᠠᠯ ᠢ ᠪᠣᠶ ᠪᠣᠯᠭᠠᠵᠤ᠂ ᠢᠳᠡᠭᠡᠨ ᠪᠣᠯᠪᠠᠰᠤᠷᠠᠭᠤᠯᠬᠤ ᠠᠵᠤ ᠦᠶ᠋ᠯᠡᠰ ᠤᠨ ᠬᠦᠷᠢᠶᠡᠯᠡᠩ ᠢ ᠬᠠᠮᠲᠤ ᠪᠠᠷ ᠪᠠᠶᠢᠭᠤᠯᠵᠤ᠂ ᠢᠳᠡᠭᠡᠨ ᠪᠣᠯᠪᠠᠰᠤᠷᠠᠭᠤᠯᠬᠤ ᠬᠦᠷᠢᠶᠡᠯᠡᠩ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠠᠬᠢᠭᠤᠯᠤᠨ᠂ ᠠᠵᠤ ᠠᠬᠤᠶᠢᠯᠠᠯ ᠤᠨ ᠦᠷ᠎ᠡ ᠠᠰᠢᠭ ᠢ ᠨᠡᠮᠡᠭᠳᠡᠭᠦᠯᠬᠦ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠦᠨ᠎ᠡ ᠭᠡᠵᠡᠶ᠃ ᠪᠠᠯᠠ ᠣᠷᠣᠭᠤᠯᠤᠯᠲᠠ ᠶᠢ ᠠᠬᠢᠭᠤᠯᠬᠤ ᠲᠥᠪ ᠤᠨ ᠡᠷᠬᠢᠯᠡᠭᠴᠢ ᠲᠢᠶᠠᠨ ᠸᠧᠶ ᠰᠢᠨ ᠢᠯᠡᠷᠬᠡᠶᠢᠯᠡᠬᠦ ᠳᠡᠭᠡᠨ᠂ ᠪᠢᠳᠡ ᠵᠢᠷᠭᠤᠭᠠᠨ ᠶᠡᠭᠡ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠲᠣᠭᠤᠷᠢᠨ ᠳᠤ᠂ ᠠᠵᠤ ᠠᠬᠤᠶᠢᠯᠠᠯ ᠢ ᠡᠷᠲᠡᠬᠡᠨ ᠣᠷᠣᠭᠤᠯᠵᠤ᠂ ᠡᠷᠲᠡᠬᠡᠨ ᠠᠰᠢᠭᠯᠠᠯᠲᠠ ᠳᠤ ᠣᠷᠣᠭᠤᠯᠵᠤ᠂ ᠡᠷᠲᠡᠬᠡᠨ ᠦᠷ᠎ᠡ ᠪᠦᠲᠦᠮᠵᠢ ᠤᠯᠬᠤ ᠪᠠᠷ ᠴᠢᠷᠮᠠᠶᠢᠨ᠎ᠠ ᠭᠡᠵᠡᠶ᠃ ᠲᠥᠷᠥᠯ ᠵᠦᠢᠯ ᠤᠨ ᠣᠷᠣᠵᠤ ᠰᠠᠭᠤᠬᠤ ᠳᠤ ᠨᠠᠩ ᠣᠯᠠᠨ ᠬᠦᠴᠦᠨ ᠵᠦᠢᠯ ᠤᠨ ᠲᠤᠯᠭᠠᠭᠤᠷᠢᠯᠠᠯ ᠬᠠᠩᠭᠠᠨ᠎ᠠ᠃ ᠬᠤᠳᠠᠯᠳᠤᠭᠠᠴᠢᠨ ᠢ ᠬᠦᠨᠳᠦᠳᠬᠡᠬᠦ᠂ ᠬᠤᠳᠠᠯᠳᠤᠭᠠᠴᠢᠨ ᠢ ᠴᠢᠬᠤᠯᠠᠴᠢᠯᠠᠬᠤ᠂ ᠬᠤᠳᠠᠯᠳᠤᠭᠠᠴᠢᠨ ᠢ ᠳᠣᠲᠣᠨᠣᠴᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠣᠯᠠᠨ ᠵᠦᠢᠯ ᠤᠨ ᠬᠡᠯᠪᠡᠷᠢ ᠪᠠᠷ ᠠᠵᠤ ᠠᠬᠤᠶᠢᠯᠠᠯ ᠤᠨ ᠲᠠᠭᠤᠨ ᠢ ᠰᠣᠨᠣᠰᠴᠤ᠂ ᠠᠵᠤ ᠠᠬᠤᠶᠢᠯᠠᠯ ᠢ ᠲᠤᠰᠠᠯᠠᠬᠤ ᠦᠢᠯᠡᠴᠢᠯᠡᠭᠡ ᠶᠢ ᠴᠢᠩᠭᠠᠳᠬᠠᠨ᠂ ︽ᠵᠢᠵᠢᠭ ᠳᠡᠯᠭᠡᠭᠦᠷ︾ ᠤᠨ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯᠲᠠᠨ ᠳᠤ ︽ᠬᠡᠷ ᠪᠦᠯᠢ︾ ᠶᠢᠨ ᠬᠠᠯᠠᠭᠤᠨ ᠳᠤᠯᠠᠭᠠᠨ ᠢ ᠦᠨᠡᠨᠬᠦ ᠬᠦᠷᠲᠡᠭᠡᠵᠦ᠂ ᠠᠵᠤ ᠠᠬᠤᠶᠢᠯᠠᠯᠲᠠᠨ ᠤ ᠠᠵᠢᠯ ᠬᠢᠵᠦ ᠦᠶ᠋ᠯᠡᠰ ᠴᠣᠭᠴᠠᠯᠠᠬᠤ ᠣᠷᠭᠢᠯᠤᠮ᠎ᠠ ᠰᠡᠳᠬᠢᠯᠭᠡ ᠶᠢ ᠲᠠᠰᠤᠷᠠᠯᠲᠠ ᠥᠬᠡᠶ ᠬᠥᠭᠵᠢᠭᠡᠨ᠂ ᠠᠵᠤ ᠠᠬᠤᠶᠢᠯᠠᠯ ᠢ ᠪᠤᠵᠠᠭᠠᠶᠢᠷᠠᠭᠤᠯᠤᠨ ᠰᠢᠯᠢᠳᠡᠭᠵᠢᠭᠦᠯᠵᠦ ᠬᠦᠴᠦᠷᠬᠡᠭᠵᠢᠭᠦᠯᠦᠨ᠂ ᠮᠠᠨ ᠤ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃ 
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ