ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠭᠠᠭᠮᠤᠳᠤ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ | ᠬᠤᠲᠠ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢ ᠴᠢᠩᠭᠠᠳᠬᠠᠬᠤ ᠶᠢᠨ ᠬᠠᠤᠯᠢ ᠳᠦᠷᠢᠮ ᠤᠨ ᠨᠢᠭᠡᠳᠦᠯᠲᠡᠢ ᠪᠠᠶᠢᠬᠤ ᠶᠢ ᠬᠠᠮᠠᠭᠠᠯᠠᠵᠤ᠂ | ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠦᠷᠭᠦᠯᠵᠢᠯᠡᠨ ᠬᠦᠴᠦᠨ ᠲᠠᠢ ᠪᠠᠶᠢᠬᠤ᠂ ᠬᠦᠴᠦᠨ ᠦᠭᠡᠢ ᠪᠣᠯᠭᠠᠬᠤ ᠪᠠ ᠬᠦᠴᠦᠨ ᠦᠭᠡᠢ | ᠪᠣᠯᠭᠠᠬᠤ ᠶᠢ ᠨᠡᠶᠢᠲᠡᠯᠡᠬᠦ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠭᠠᠷᠴᠠᠭ ᠢ ᠨᠡᠶᠢᠲᠡᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠷᠭ᠎ᠠ ﹇2021﹈ 89 ᠳ᠋ᠦᠭᠡᠷ ᠲᠣᠭᠠᠲᠤ︶ ᠤᠨ ᠱᠠᠭᠠᠷᠳᠠᠯᠭ᠎ᠠ ᠶᠢ | ᠦᠨᠳᠦᠰᠦᠯᠡᠨ᠂ 2022 ᠣᠨ ᠤ 5 ᠳ᠋ᠤᠭᠠᠷ ᠰᠠᠷ᠎ᠠ ᠶᠢᠨ 12 ᠤᠨ ᠡᠳᠦᠷ ᠤᠨ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠶᠢᠰᠦᠳᠦᠭᠡᠷ | ᠤᠳᠠᠭᠠᠨ ᠤ ᠪᠠᠶᠢᠩᠭᠤ ᠶᠢᠨ ᠬᠤᠷᠠᠯ ᠢᠶᠠᠷ ᠶᠠᠷᠢᠯᠴᠠᠨ ᠪᠠᠲᠤᠯᠠᠭᠠᠳ᠂ 8 ᠬᠤᠪᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠦᠴᠦᠨ ᠦᠭᠡᠢ ᠪᠣᠯᠭᠠᠬᠤ ᠪᠠᠷ | ᠲᠣᠭᠲᠠᠪᠠ᠃ ᠬᠦᠴᠦᠨ ᠦᠭᠡᠢ ᠪᠣᠯᠭᠠᠭᠰᠠᠨ ᠪᠢᠴᠢᠭ ᠮᠠᠲ᠋ᠧᠷᠢᠶᠠᠯ ᠨᠢ ᠳᠣᠣᠷᠠᠬᠢ ᠮᠡᠲᠦ᠄ | 1᠂ ︽ᠪᠠᠶᠠᠨᠨᠠᠭᠤᠷ ᠬᠤᠳᠠ ᠶᠢᠨ 2013 ᠣᠨ ᠤ ᠤᠢ ᠰᠢᠭᠤᠢ ᠶᠢᠨ ᠳᠠᠭᠠᠳᠬᠠᠯ ᠤᠨ ᠵᠠᠷᠤᠳᠠᠯ ᠳᠤ ᠨᠥᠬᠦᠪᠦᠷᠢ ᠥᠭᠬᠦ ᠶᠢ ᠬᠡᠷᠡᠭᠵᠢᠭᠦᠯᠬᠦ ᠲᠥᠰᠥᠯ︾ ︵ | ᠪᠠᠶᠠᠨᠨᠠᠭᠤᠷ ᠠᠯᠪᠠᠨ ᠲᠠᠷᠬᠠᠭᠠᠭᠰᠠᠨ 〔2013〕 83 ᠳ᠋ᠤᠭᠠᠷ ᠲᠣᠭᠠᠲᠤ︶ | 2᠂ ︽ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠲᠦᠷᠭᠡᠪᠴᠢᠯᠡᠨ ᠬᠥᠭᠵᠢᠭᠦᠯᠬᠦ ᠲᠤᠬᠠᠢ ᠬᠡᠷᠡᠭᠵᠢᠭᠦᠯᠬᠦ ᠰᠠᠨᠠᠯ︾ ︵ᠪᠠᠶᠠᠨᠨᠠᠭᠤᠷ ᠵᠠᠰᠠᠭ | ᠠᠯᠪᠠᠨ ᠲᠠᠷᠬᠠᠭᠠᠭᠰᠠᠨ 〔2016〕 74 ᠳ᠋ᠦᠭᠡᠷ ᠲᠣᠭᠠᠲᠤ︶ | 3᠂ ︽ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ︾ ︵ᠪᠠᠶᠠᠨᠨᠠᠭᠤᠷ | ᠵᠠᠰᠠᠭ ᠠᠯᠪᠠᠨ ᠲᠠᠷᠬᠠᠭᠠᠭᠰᠠᠨ ﹇2016﹈ 96 ᠳ᠋ᠤᠭᠠᠷ ᠲᠣᠭᠠᠲᠤ︶ | 4᠂ ︽ᠪᠠᠶᠠᠨᠨᠠᠭᠤᠷ ᠬᠤᠳᠠ ᠶᠢᠨ ᠤᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠷᠭ᠎ᠠ︾ ︵ᠪᠠᠶᠠᠨᠨᠠᠭᠤᠷ | ᠠᠯᠪᠠᠨ ᠲᠠᠷᠬᠠᠭᠠᠭᠰᠠᠨ 〔2016〕117 ᠳ᠋ᠤᠭᠠᠷ ᠲᠣᠭᠠᠲᠤ︶ | 5᠂ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︿ᠣᠯᠠᠨ ᠲᠠᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠪᠡᠯᠡ | ᠲᠣᠬᠢᠷᠠᠭᠤᠯᠭ᠎ᠠ ᠶᠢ ᠤᠯᠠᠮ ᠨᠢᠭᠡ ᠠᠯᠬᠤᠮ ᠠᠬᠢᠭᠤᠯᠬᠤ ᠲᠤᠬᠠᠢ ᠰᠠᠨᠠᠯ ᠤᠳ﹀ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾ ︵ᠪᠠᠶᠠᠨᠨᠠᠭᠤᠷ | ᠵᠠᠰᠠᠭ ᠠᠯᠪᠠᠨ ᠲᠠᠷᠬᠠᠭᠠᠭᠰᠠᠨ ﹇2017﹈ 47 ᠳ᠋ᠤᠭᠠᠷ ᠲᠣᠭᠠᠲᠤ︶ | 6᠂ ︽ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠪᠠᠶᠠᠨᠨᠠᠭᠤᠷ ᠬᠤᠳᠠ ᠶᠢᠨ ᠰᠠᠨᠠᠯ︾ ︵ | ᠪᠠᠶᠠᠨᠨᠠᠭᠤᠷ ᠠᠯᠪᠠᠨ ᠲᠠᠷᠬᠠᠭᠠᠭᠰᠠᠨ 〔2018〕 50 ᠳ᠋ᠤᠭᠠᠷ ᠲᠣᠭᠠᠲᠤ︶ | 7᠂ ︽ᠪᠠᠶᠠᠨᠨᠠᠭᠤᠷ ᠬᠤᠲᠠ ᠶᠢᠨ ᠮᠤᠨᠢ ᠠᠭᠤᠯᠠ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠰᠥᠯ︾ ︵ᠪᠠᠶᠠᠨᠨᠠᠭᠤᠷ | ᠠᠯᠪᠠᠨ ᠲᠠᠷᠬᠠᠭᠠᠭᠰᠠᠨ ﹇2018﹈ 76 ᠳ᠋ᠤᠭᠠᠷ ᠲᠣᠭᠠᠲᠤ︶ | 8᠂ ︽ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠲᠤᠬᠠᠢ | ᠬᠡᠷᠡᠭᠵᠢᠭᠦᠯᠬᠦ ᠰᠠᠨᠠᠯ︾ ︵ᠪᠠᠶᠠᠨᠨᠠᠭᠤᠷ ᠵᠠᠰᠠᠭ ᠠᠯᠪᠠᠨ ᠲᠠᠷᠬᠠᠭᠠᠭᠰᠠᠨ 〔2018〕 97 ᠳ᠋ᠤᠭᠠᠷ ᠲᠣᠭᠠᠲᠤ︶ | ᠲᠤᠰ ᠮᠡᠳᠡᠭᠳᠡᠯ ᠢ ᠪᠠᠭᠤᠯᠭᠠᠭᠰᠠᠨ ᠡᠳᠦᠷ ᠠᠴᠠ ᠡᠬᠢᠯᠡᠨ ᠳᠡᠭᠡᠷᠡᠬᠢ ᠪᠢᠴᠢᠭ ᠮᠠᠲ᠋ᠧᠷᠢᠶᠠᠯ ᠢ ᠴᠥᠮ ᠬᠡᠷᠡᠭᠵᠢᠭᠦᠯᠬᠦ ᠶᠢ ᠵᠣᠭᠰᠤᠭᠠᠬᠤ ᠬᠡᠷᠡᠭᠲᠡᠢ᠂ ᠲᠡᠭᠦᠨ ᠢᠶᠠᠷ ᠵᠠᠰᠠᠭ | ᠵᠠᠬᠢᠷᠭᠠᠨ ᠤ ᠬᠠᠮᠢᠶᠠᠷᠤᠯᠲᠠ ᠶᠢᠨ ᠦᠨᠳᠦᠰᠦ ᠪᠠᠷᠢᠮᠲᠠ ᠪᠣᠯᠭᠠᠵᠤ ᠪᠣᠯᠬᠤ ᠦᠭᠡᠢ᠃ | ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ | 2022 ᠣᠨ ᠤ 5 ᠰᠠᠷ᠎ᠠ ᠶᠢᠨ 19 | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | | |