ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄ | ᠬᠤᠲᠠ ᠶᠢᠨ ᠵᠠᠰᠠᠭ ᠤᠨ ᠣᠷᠳᠣᠨ ᠢᠶᠠᠷ ᠰᠤᠳᠤᠯᠤᠨ ᠵᠥᠪᠰᠢᠶᠡᠷᠡᠭᠦᠯᠦᠭᠡᠳ᠂ ᠡᠳᠦᠭᠡ ︽ᠪᠠᠶᠠᠨᠨᠠᠭᠤᠷ ᠬᠤᠲᠠ ᠶᠢᠨ ᠯᠠᠵᠤᠤ ᠶᠢᠨ ᠠᠵᠤ ᠦᠢᠯᠡᠰ ᠢ ᠶᠡᠬᠡᠪᠡᠷ | ᠬᠥᠭᠵᠢᠭᠦᠯᠬᠦ ᠠᠷᠪᠠᠨ ᠵᠤᠷᠪᠤᠰ ᠰᠠᠨᠠᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠬᠢᠨᠠᠮᠠᠭᠠᠢ ᠲᠤᠤᠱᠯᠠᠭᠤᠯᠤᠨ | ᠬᠡᠷᠡᠭᠵᠢᠭᠦᠯᠲᠦᠭᠡᠢ᠃ | ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2022 ᠣᠨ ᠤ 3 ᠰᠠᠷ᠎ᠠ ᠶᠢᠨ 17 | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | ᠪᠠᠶᠠᠨᠨᠠᠭᠤᠷ ᠬᠤᠲᠠ ᠶᠢᠨ ᠯᠠᠵᠤᠤ ᠶᠢᠨ ᠠᠵᠤ ᠦᠢᠯᠡᠰ ᠢ ᠶᠡᠬᠡᠪᠡᠷ ᠬᠥᠭᠵᠢᠭᠦᠯᠬᠦ ᠲᠤᠬᠠᠢ ᠠᠷᠪᠠᠨ ᠵᠤᠷᠪᠤᠰ ᠰᠠᠨᠠᠯ | ᠪᠠᠶᠠᠨᠨᠠᠭᠤᠷ ᠬᠤᠳᠠ ᠳᠤ ᠤᠯᠠᠨ ᠠᠴᠠ ᠣᠨᠴᠠᠭᠠᠢ ᠪᠠᠶᠢᠭᠠᠯᠢ ᠶᠢᠨ ᠡᠬᠢ ᠪᠠᠶᠠᠯᠢᠭ᠂ ᠠᠭᠤᠷ ᠠᠮᠢᠰᠬᠤᠯ ᠤᠨ ᠨᠥᠬᠦᠴᠡᠯ ᠪᠣᠯᠣᠨ ᠠᠵᠤ ᠦᠢᠯᠡᠰ ᠤᠨ | ᠰᠠᠭᠤᠷᠢ ᠲᠠᠢ ᠪᠠᠶᠢᠵᠤ᠂ ᠯᠠᠵᠤᠤ ᠶᠢᠨ ᠠᠵᠤ ᠦᠢᠯᠡᠰ ᠢ ᠬᠥᠭᠵᠢᠭᠦᠯᠬᠦ ᠳᠤ ᠮᠠᠰᠢ ᠲᠣᠬᠢᠷᠠᠵᠤ᠂ ᠦᠢᠯᠡᠳᠪᠦᠷᠢᠯᠡᠭᠰᠡᠨ ᠯᠠᠵᠤᠤ ᠶᠢᠨ ᠥᠩᠭᠡ ᠨᠢ ᠬᠤᠷᠴᠠ ᠰᠣᠷᠭᠤᠭ᠂ | ᠵᠢᠮᠢᠰ ᠤᠨ ᠮᠢᠬ᠎ᠠ ᠨᠢ ᠵᠤᠵᠠᠭᠠᠨ᠂ ᠯᠠᠵᠤᠤ ᠶᠢᠨ ᠤᠯᠠᠭᠠᠨ ᠡᠳ᠋ ᠪᠣᠯᠣᠨ ᠬᠠᠭᠤᠷᠠᠢ ᠪᠣᠳᠠᠰ ᠤᠨ ᠠᠭᠤᠯᠤᠭᠳᠠᠴᠠ ᠥᠨᠳᠥᠷ᠂ ᠤᠯᠤᠰ ᠤᠨ ᠳᠣᠲᠣᠭᠠᠳᠤ | ᠭᠠᠳᠠᠭᠠᠳᠤ ᠶᠢᠨ ᠵᠠᠬ᠎ᠠ ᠳᠡᠯᠭᠡᠭᠦᠷ ᠤᠨ ᠳᠤᠷ᠎ᠠ ᠪᠠᠬ᠎ᠠ ᠶᠢ ᠶᠡᠬᠡᠳᠡ ᠲᠠᠲᠠᠵᠤ᠂ ᠲᠠᠷᠢᠬᠤ ᠲᠠᠯᠠᠪᠠᠢ ᠨᠢ ᠵᠢᠯ ᠳᠠᠷᠠᠭᠠᠯᠠᠨ ᠥᠷᠭᠡᠳᠴᠦ ᠪᠤᠢ᠃ ᠪᠠᠶᠠᠨᠨᠠᠭᠤᠷ ᠬᠤᠲᠠ ᠶᠢᠨ | ᠯᠠᠵᠤᠤ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠶᠡᠬᠡᠪᠡᠷ ᠠᠬᠢᠭᠤᠯᠬᠤ ᠶᠢᠨ ᠲᠤᠰᠠᠳᠠ᠂ ᠣᠨᠴᠠᠭᠠᠶᠢᠯᠠᠨ ᠳᠣᠣᠷᠠᠬᠢ ᠠᠷᠪᠠᠨ ᠵᠦᠢᠯ ᠤᠨ ᠰᠠᠨᠠᠯ ᠢ | ᠲᠣᠭᠲᠠᠭᠠᠪᠠ᠃ | ᠨᠢᠭᠡ᠂ ᠡᠭᠦᠯᠳᠡᠷ ᠣᠷᠣᠭᠤᠯᠵᠤ ᠪᠣᠶᠢᠵᠢᠭᠤᠯᠬᠤ ᠶᠢ ᠠᠳᠬᠤᠬᠤ ᠬᠡᠷᠡᠭᠲᠡᠢ᠃ ᠤᠯᠤᠰ ᠤᠨ ᠣᠨᠴᠠᠯᠢᠭᠲᠤ ᠢᠳᠡᠰᠢᠨ ᠨᠣᠭᠤᠭ᠎ᠠ ᠶᠢᠨ ᠠᠵᠤ ᠦᠢᠯᠡᠰ ᠤᠨ | ᠮᠡᠷᠭᠡᠵᠢᠯ ᠤᠨ ᠰᠢᠰᠲ᠋ᠧᠮᠵᠢ ᠵᠢᠴᠢ ᠤᠯᠤᠰ ᠤᠨ ᠳᠣᠲᠣᠭᠠᠳᠤ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠳᠡᠭᠡᠳᠦ ᠰᠤᠷᠭᠠᠭᠤᠯᠢ᠂ ᠡᠭᠦᠯᠳᠡᠷ ᠪᠣᠶᠢᠵᠢᠭᠤᠯᠬᠤ | ᠬᠥᠲᠥᠴᠢ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠲᠤᠨ ᠭᠤᠣᠯ ᠤᠨ ᠰᠠᠪᠠ ᠭᠠᠵᠠᠷ ᠤᠨ ᠪᠠᠷᠠᠭᠤᠨ ᠬᠤᠶᠢᠲᠤ ᠣᠷᠣᠨ ᠤ | ᠦᠷ᠎ᠡ ᠤᠨ ᠭᠧᠨ ᠤ ᠬᠥᠮᠥᠷᠭᠡ ᠪᠠ ᠣᠲᠣ ᠦᠶ᠎ᠡ ᠶᠢᠨ ᠦᠷ᠎ᠡ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠳᠤ ᠲᠦᠰᠢᠭᠯᠡᠨ᠂ ᠮᠠᠨ ᠤ ᠬᠤᠲᠠ ᠳᠤ | ᠳᠠᠷᠢᠬᠤ ᠳᠤ ᠲᠣᠬᠢᠷᠠᠬᠤ ᠰᠢᠯᠢᠳᠡᠭ ᠡᠭᠦᠯᠳᠡᠷ ᠢ ᠣᠷᠣᠭᠤᠯᠤᠨ ᠠᠪᠴᠢᠷᠠᠬᠤ ᠵᠢᠴᠢ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ | ᠰᠢᠨ᠎ᠡ ᠡᠭᠦᠯᠳᠡᠷ ᠢ ᠪᠣᠶᠢᠵᠢᠭᠤᠯᠬᠤ ᠶᠢ ᠪᠥᠬᠦ ᠬᠤᠲᠠ ᠶᠢᠨ ᠯᠠᠵᠤᠤ ᠶᠢᠨ ᠰᠠᠶᠢᠨ ᠡᠭᠦᠯᠳᠡᠷ ᠤᠨ ᠪᠦᠷᠬᠦᠴᠡ ᠶᠢ 98% ᠠᠴᠠ ᠳᠡᠭᠡᠭᠰᠢ ᠳᠤ ᠬᠦᠷᠦᠭᠦᠯᠦᠨ᠎ᠡ᠃ | ᠬᠤᠶᠠᠷ᠂ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠳᠬᠤᠬᠤ ᠬᠡᠷᠡᠭᠲᠡᠢ᠃ ᠴᠢᠬᠢ ᠪᠣᠶᠢᠵᠢᠭᠤᠯᠬᠤ ᠲᠤᠰᠬᠠᠢ ᠠᠵᠢᠯ ᠤᠨ ᠬᠤᠷᠰᠢᠶᠠᠵᠢᠯ ᠢ | ᠬᠥᠭᠵᠢᠭᠦᠯᠦᠨ ᠪᠤᠵᠠᠭᠠᠶᠢᠷᠠᠭᠤᠯᠵᠤ᠂ ᠤᠯᠤᠰ ᠤᠨ ᠳᠣᠲᠣᠭᠠᠳᠤ ᠶᠢᠨ ᠲᠣᠮᠣ ᠬᠡᠯᠪᠡᠷᠢ ᠶᠢᠨ ᠬᠥᠲᠥᠴᠢ ᠠᠵᠤ ᠠᠬᠤᠶᠢᠯᠠᠯ ᠢ ᠢᠳᠡᠪᠬᠢᠲᠡᠢ ᠪᠠᠷ ᠣᠷᠣᠭᠤᠯᠤᠨ | ᠠᠪᠴᠢᠷᠠᠵᠤ᠂ ᠨᠢᠭᠡ ᠪᠦᠯᠦᠭ ᠪᠠᠷᠢᠮᠵᠢᠶᠠᠵᠢᠭᠤᠯᠤᠭᠰᠠᠨ ᠴᠢᠬᠢ ᠪᠣᠶᠢᠵᠢᠭᠤᠯᠬᠤ ᠰᠠᠭᠤᠷᠢᠨ ᠭᠠᠵᠠᠷ ᠢ ᠪᠠᠶᠢᠭᠤᠯᠤᠨ᠎ᠠ︔ ᠤᠰᠤ ᠪᠣᠷᠳᠣᠭᠤᠷ ᠢ ᠨᠢᠭᠡ | ᠴᠣᠭᠴᠠᠵᠢᠭᠤᠯᠤᠨ ᠤᠰᠤᠯᠠᠬᠤ᠂ ᠣᠷᠭᠠᠨᠢᠭ ᠪᠣᠷᠳᠣᠭᠤᠷ ᠢᠶᠠᠷ ᠬᠢᠮᠢ ᠶᠢᠨ ᠪᠣᠷᠳᠣᠭᠤᠷ ᠢ ᠣᠷᠣᠯᠠᠭᠤᠯᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠣᠬᠢᠷᠳᠤᠯ ᠦᠭᠡᠢ | ᠰᠡᠷᠭᠡᠶᠢᠯᠡᠨ ᠡᠵᠡᠮᠳᠡᠬᠦ ᠶᠢ ᠨᠢᠭᠡᠳᠦᠯᠲᠡᠢ ᠰᠡᠷᠭᠡᠶᠢᠯᠡᠨ ᠬᠠᠮᠢᠶᠠᠷᠴᠤ᠂ ᠤᠯᠤᠰ ᠤᠨ ᠪᠠᠷᠢᠮᠵᠢᠶᠠᠲᠤ ᠰᠦᠯᠢᠶᠥᠦ ᠪᠦᠷᠬᠦᠪᠴᠢ ᠵᠡᠷᠭᠡ ᠪᠣᠬᠢᠷᠳᠤᠯ ᠦᠭᠡᠢ | ᠦᠢᠯᠡᠳᠪᠦᠷᠢᠯᠡᠯ ᠤᠨ ᠪᠠᠷᠢᠮᠵᠢᠶ᠎ᠠ ᠪᠠ ᠮᠡᠷᠭᠡᠵᠢᠯ ᠢ ᠬᠡᠷᠡᠭᠯᠡᠵᠦ᠂ ᠨᠢᠭᠡ ᠪᠦᠯᠦᠭ ᠪᠠᠷᠢᠮᠵᠢᠶᠠᠵᠢᠭᠤᠯᠤᠭᠰᠠᠨ ᠲᠠᠷᠢᠮᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ | ᠪᠠᠶᠢᠭᠤᠯᠤᠨ᠎ᠠ᠃ | ᠭᠤᠷᠪᠠ᠂ ᠦᠢᠯᠡᠳᠪᠦᠷᠢᠯᠡᠯ ᠤᠨ ᠮᠧᠬᠠᠨᠢᠭ ᠢ ᠠᠳᠬᠤᠬᠤ ᠬᠡᠷᠡᠭᠲᠡᠢ᠃ ᠯᠠᠵᠤᠤ ᠶᠢᠨ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠳᠤ | ᠬᠡᠷᠡᠭᠰᠡᠬᠦ ᠴᠢᠬᠢ ᠪᠣᠶᠢᠵᠢᠭᠤᠯᠬᠤ ᠤᠰᠤ ᠰᠦᠷᠴᠢᠬᠦ ᠲᠡᠷᠭᠡ᠂ ᠨᠦᠬᠡᠨ ᠳᠤ ᠦᠷ᠎ᠡ ᠰᠠᠴᠤᠬᠤ ᠮᠠᠰᠢᠨ᠂ ᠰᠢᠯᠵᠢᠭᠦᠯᠦᠨ ᠵᠠᠶᠢᠯᠠᠬᠤ ᠮᠠᠰᠢᠨ᠂ ᠬᠠᠳᠤᠵᠤ ᠬᠤᠷᠢᠶᠠᠬᠤ | ᠮᠠᠰᠢᠨ᠂ ᠬᠠᠲᠠᠭᠠᠬᠤ ᠮᠠᠰᠢᠨ᠂ ᠥᠩᠭᠡ ᠰᠣᠩᠭᠤᠬᠤ ᠮᠠᠰᠢᠨ᠂ ᠠᠷᠢᠯᠭᠠᠬᠤ ᠮᠠᠰᠢᠨ᠂ ᠵᠢᠶᠠᠩᠨᠠᠬᠤ ᠮᠠᠰᠢᠨ ᠵᠡᠷᠭᠡ ᠨᠠᠢᠮᠠᠨ ᠵᠦᠢᠯ ᠤᠨ ᠲᠠᠷᠢᠶᠠᠯᠠᠩ ᠤᠨ ᠮᠠᠰᠢᠨ ᠢ | ᠲᠠᠷᠢᠶᠠᠯᠠᠩ ᠤᠨ ᠮᠠᠰᠢᠨ ᠤ ᠨᠥᠬᠦᠪᠦᠷᠢ ᠶᠢᠨ ᠬᠡᠪᠴᠢᠶᠡᠨ ᠳᠤ ᠣᠷᠣᠭᠤᠯᠤᠨ᠎ᠠ︔ ᠠᠵᠤ ᠠᠬᠤᠶᠢᠯᠠᠯ ︵ ᠬᠤᠷᠰᠢᠶᠠᠵᠢᠯ︶ ᠤᠨ ᠲᠡᠷᠢᠭᠦᠨ ᠤ ᠦᠢᠯᠡᠳᠪᠦᠷᠢᠯᠡᠬᠦ᠂ | ᠡᠳ᠋ᠰᠢᠭᠦᠯᠬᠦ ᠮᠠᠰᠢᠨ ᠲᠥᠬᠦᠭᠡᠷᠦᠮᠵᠢ ᠪᠤᠶᠤ ᠦᠢᠯᠡᠳᠪᠦᠷᠢᠯᠡᠯ ᠤᠨ ᠱᠤᠭᠤᠮ ᠢ ᠣᠷᠣᠭᠤᠯᠵᠤ ᠢᠷᠡᠬᠦ᠂ ᠬᠤᠳᠠᠯᠳᠤᠨ ᠠᠪᠬᠤ᠂ ᠰᠤᠳᠤᠯᠤᠨ ᠨᠡᠭᠡᠭᠡᠬᠦ ᠶᠢ | ᠵᠣᠷᠢᠭᠵᠢᠭᠤᠯᠵᠤ᠂ ᠨᠡᠶᠢᠭᠡᠮᠴᠢᠯᠡᠭᠰᠡᠨ ᠦᠢᠯᠡᠴᠢᠯᠡᠭᠡᠨ ᠢ ᠥᠷᠨᠢᠭᠦᠯᠦᠨ᠎ᠡ᠃ | ᠳᠥᠷᠪᠡ᠂ ᠵᠠᠬᠢᠶᠠᠯᠠᠭ᠎ᠠ ᠶᠢᠨ ᠲᠠᠷᠢᠶᠠᠯᠠᠭ᠎ᠠ ᠶᠢ ᠠᠳᠬᠤᠨ᠎ᠠ᠃ ᠯᠠᠵᠤᠤ ᠬᠤᠳᠠᠯᠳᠤᠨ ᠠᠪᠬᠤ ᠪᠠ ᠡᠳ᠋ᠰᠢᠭᠦᠯᠬᠦ ᠠᠵᠤ ᠠᠬᠤᠶᠢᠯᠠᠯ ︵ᠬᠤᠷᠰᠢᠶᠠᠵᠢᠯ︶ ᠤᠨ | ᠲᠠᠷᠢᠶᠠᠴᠢᠨ ᠡᠷᠦᠬᠡ ᠲᠠᠢ ᠳᠠᠷᠢᠬᠤ ᠵᠠᠬᠢᠶᠠᠯᠠᠭ᠎ᠠ ᠶᠢᠨ ᠬᠠᠭᠤᠳᠠᠰᠤ ᠲᠣᠭᠲᠠᠬᠤ ᠶᠢ ᠬᠥᠲᠥᠯᠥᠨ ᠵᠢᠯᠤᠭᠤᠳᠬᠤ ᠪᠠ ᠳᠡᠮᠵᠢᠵᠦ᠂ ᠲᠠᠷᠢᠶᠠᠴᠢᠳ ᠤᠨ | ᠦᠢᠯᠡᠳᠪᠦᠷᠢᠯᠡᠯ ᠤᠨ ᠢᠳᠡᠪᠬᠢᠵᠢᠯ ᠢ ᠳᠠᠶᠢᠴᠢᠯᠠᠵᠤ᠂ ᠪᠥᠬᠦ ᠬᠤᠲᠠ ᠶᠢᠨ ᠯᠠᠵᠤᠤ ᠵᠠᠬᠢᠶᠠᠯᠠᠭ᠎ᠠ ᠶᠢᠨ ᠲᠠᠯᠠᠪᠠᠶ ᠶᠢ 95% ᠠᠴᠠ ᠳᠡᠭᠡᠭᠰᠢ ᠳᠤ ᠬᠦᠷᠦᠭᠦᠯᠦᠨ᠎ᠡ︔ | ᠠᠵᠤ ᠠᠬᠤᠶᠢᠯᠠᠯ ︵ᠬᠤᠷᠰᠢᠶᠠᠵᠢᠯ︶ ᠤᠨ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ᠂ ᠬᠤᠪᠢ ᠣᠷᠣᠭᠤᠯᠤᠨ ᠬᠤᠷᠰᠢᠬᠤ ᠵᠡᠷᠭᠡ ᠣᠯᠠᠨ ᠵᠦᠢᠯ ᠤᠨ ᠠᠷᠭ᠎ᠠ | ᠮᠠᠶ᠋ᠢᠭ ᠢᠶᠠᠷ ᠳᠡᠮᠵᠢᠨ ᠥᠪᠡᠰᠦᠪᠡᠨ ᠰᠠᠭᠤᠷᠢᠨ ᠭᠠᠵᠠᠷ ᠪᠠᠶᠢᠭᠤᠯᠬᠤ ᠶᠢ ᠵᠣᠷᠢᠭᠵᠢᠭᠤᠯᠤᠨ᠎ᠠ︔ ︽ᠠᠵᠤ ᠠᠬᠤᠶᠢᠯᠠᠯ ︵ᠬᠤᠷᠰᠢᠶᠠᠵᠢᠯ︶ + ᠲᠣᠰᠬᠤᠨ ᠤ ᠬᠠᠮᠲᠤ | ᠨᠡᠶᠢᠲᠡ + ᠲᠠᠷᠢᠶᠠᠴᠢᠨ ᠡᠷᠦᠬᠡ︾ ᠶᠢᠨ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠢ ᠳᠡᠯᠭᠡᠷᠡᠭᠦᠯᠵᠦ᠂ ᠲᠣᠭᠲᠠᠪᠤᠷᠢᠲᠠᠢ ᠴᠢᠨᠠᠷ ᠰᠠᠶᠢᠲᠠᠢ ᠲᠦᠭᠦᠬᠡᠢ | ᠮᠠᠲ᠋ᠧᠷᠢᠶᠠᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠣᠶ ᠪᠣᠯᠭᠠᠵᠤ᠂ ᠲᠠᠷᠢᠮᠠᠯ ᠤᠨ ᠦᠷ᠎ᠡ ᠠᠰᠢᠭ ᠢ ᠳᠡᠭᠡᠭᠰᠢᠯᠡᠭᠦᠯᠦᠨ᠎ᠡ᠃ | ᠲᠠᠪᠤ᠂ ᠨᠠᠷᠢᠯᠢᠭ ᠭᠦᠨᠵᠡᠭᠡᠢ ᠡᠳ᠋ᠰᠢᠭᠦᠯᠬᠦ ᠶᠢ ᠠᠳᠬᠤᠬᠤ ᠬᠡᠷᠡᠭᠲᠡᠢ᠃ ᠯᠠᠵᠤᠤ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠢ ᠵᠦᠢ ᠵᠣᠬᠢᠰᠲᠠᠢ | ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠪᠠᠷᠠᠭᠠᠨ ᠤ ᠭᠦᠢᠯᠭᠡᠭᠡᠨ᠂ ᠬᠥᠮᠥᠷᠭᠡᠯᠡᠨ ᠬᠠᠳᠠᠭᠠᠯᠠᠬᠤ᠂ ᠡᠳ᠋ᠰᠢᠭᠦᠯᠬᠦ᠂ ᠪᠠᠶᠢᠴᠠᠭᠠᠨ ᠰᠢᠯᠭᠠᠬᠤ᠂ ᠠᠷᠠᠯᠵᠢᠶᠠᠯᠠᠵᠤ | ᠲᠥᠪᠯᠡᠷᠡᠭᠦᠯᠦᠨ ᠲᠠᠷᠬᠠᠭᠠᠬᠤ ᠵᠡᠷᠭᠡ ᠴᠢᠳᠠᠮᠵᠢ ᠶᠢ ᠲᠡᠭᠦᠯᠳᠡᠷᠵᠢᠭᠦᠯᠦᠨ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠎ᠠ︔ ᠨᠠᠷᠢᠯᠢᠭ ᠭᠦᠨᠵᠡᠭᠡᠢ ᠡᠳ᠋ᠰᠢᠭᠦᠯᠬᠦ | ᠠᠵᠤ ᠠᠬᠤᠶᠢᠯᠠᠯ ᠤᠨ ᠣᠷᠣᠭᠤᠯᠤᠨ ᠪᠣᠶᠢᠵᠢᠭᠤᠯᠬᠤ ᠶᠢ ᠴᠢᠩᠭᠠᠷᠠᠭᠤᠯᠵᠤ᠂ ᠰᠢᠨ᠎ᠡ ᠪᠠᠷ ᠣᠷᠣᠭᠤᠯᠤᠨ ᠪᠣᠶᠢᠵᠢᠭᠤᠯᠤᠭᠰᠠᠨ ᠨᠠᠷᠢᠯᠢᠭ ᠭᠦᠨᠵᠡᠭᠡᠢ ᠡᠳ᠋ᠰᠢᠭᠦᠯᠬᠦ | ᠬᠥᠲᠥᠴᠢ ᠠᠵᠤ ᠠᠬᠤᠶᠢᠯᠠᠯ ᠳᠤ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢᠨ ᠲᠡᠳᠬᠦᠮᠵᠢ ᠦᠵᠡᠭᠦᠯᠦᠨ᠎ᠡ︔ ᠠᠵᠤ ᠠᠬᠤᠶᠢᠯᠠᠯ ᠤᠨ ᠬᠥᠮᠥᠷᠭᠡᠯᠡᠨ ᠬᠠᠳᠠᠭᠠᠯᠠᠬᠤ᠂ | ᠪᠣᠭᠤᠳᠠᠯᠯᠠᠬᠤ ᠵᠢᠴᠢ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠵᠡᠷᠭᠡ ᠲᠠᠯ᠎ᠠ ᠶᠢᠨ ᠲᠥᠷᠥᠯ ᠵᠦᠢᠯ ᠤᠨ ᠪᠡᠯᠡ ᠮᠥᠩᠭᠦ ᠶᠢ ᠭᠤᠶᠤᠴᠢᠯᠠᠨ ᠮᠡᠳᠡᠭᠦᠯᠬᠦ ᠶᠢ | ᠳᠡᠮᠵᠢᠵᠦ᠂ ᠬᠠᠭᠤᠷᠠᠢ ᠯᠠᠵᠤᠤ ᠶᠢᠨ ᠨᠤᠨᠲᠠᠭ᠂ ᠯᠠᠵᠤᠤ ᠶᠢᠨ ᠰᠢᠷᠬᠡᠭ ᠪᠠ ᠯᠠᠵᠤᠤ ᠶᠢᠨ ᠵᠢᠶᠠᠩ ᠵᠡᠷᠭᠡ ᠠᠩᠬ᠎ᠠ ᠡᠳ᠋ᠰᠢᠭᠦᠯᠦᠭᠰᠡᠨ ᠦᠢᠯᠡᠳᠬᠦᠨ ᠵᠢᠴᠢ ᠯᠠᠵᠤᠤ ᠶᠢᠨ | ᠡᠳ᠋᠂ ᠯᠠᠵᠤᠤ ᠶᠢᠨ ᠤᠯᠠᠭᠠᠨ ᠡᠳ᠋᠂ ᠯᠠᠵᠤᠤ ᠶᠢᠨ ᠲᠣᠰᠣᠨ ᠤ ᠳᠠᠪᠠᠷᠬᠠᠢ ᠵᠡᠷᠭᠡ ᠨᠠᠷᠢᠯᠢᠭ ᠡᠳ᠋ᠰᠢᠭᠦᠯᠦᠭᠰᠡᠨ ᠦᠢᠯᠡᠳᠬᠦᠨ ᠢ ᠰᠤᠳᠤᠯᠤᠨ ᠨᠡᠭᠡᠭᠡᠬᠦ ᠶᠢ | ᠵᠣᠷᠢᠭᠵᠢᠭᠤᠯᠤᠨ᠎ᠠ᠃ | ᠵᠢᠷᠭᠤᠭ᠎ᠠ᠂ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠠᠳᠬᠤᠬᠤ ᠬᠡᠷᠡᠭᠲᠡᠢ᠃ ᠠᠵᠤ ᠦᠢᠯᠡᠰ ᠤᠨ ᠨᠡᠶᠢᠭᠡᠮᠯᠢᠭ᠂ ᠵᠠᠭᠤᠴᠢᠯᠠᠭᠴᠢ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠢ︔ | ᠯᠠᠵᠤᠤ ᠦᠢᠯᠡᠳᠪᠦᠷᠢᠯᠡᠬᠦ᠂ ᠡᠳ᠋ᠰᠢᠭᠦᠯᠬᠦ ᠵᠡᠷᠭᠡ ᠡᠵᠡᠩᠨᠡᠯᠲᠡ ᠶᠢᠨ ᠭᠤᠣᠯ ᠴᠣᠭᠴᠠ ᠶᠢᠨ ᠠᠵᠤ ᠦᠢᠯᠡᠰ ᠤᠨ ᠲᠣᠣᠷ ᠰᠦᠯᠵᠢᠶᠡᠨ ᠤ ᠡᠵᠡᠩᠨᠡᠨ ᠪᠣᠷᠣᠯᠠᠭᠤᠯᠬᠤ | ᠲᠠᠪᠴᠠᠩ ᠪᠠᠶᠢᠭᠤᠯᠬᠤ ᠶᠢ ᠵᠣᠷᠢᠭᠵᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠷᠠᠯᠵᠢᠶ᠎ᠠ ᠶᠢ ᠬᠥᠭᠵᠢᠭᠦᠯᠦᠨ᠂ ᠪᠣᠷᠤᠯᠠᠭᠤᠯᠭ᠎ᠠ | ᠰᠠᠶᠢᠲᠠᠢ ᠦᠢᠯᠡᠳᠬᠦᠨ ᠤ ᠭᠦᠢᠯᠭᠡᠭᠡᠨ ᠤ ᠪᠠᠶᠢᠷᠢᠰᠢᠯ ᠢ ᠪᠣᠶ ᠪᠣᠯᠭᠠᠨ᠎ᠠ︔ ᠯᠠᠵᠤᠤ ᠶᠢᠨ ᠦᠢᠯᠡᠳᠪᠦᠷᠢᠯᠡᠯ᠂ ᠪᠣᠯᠪᠠᠰᠤᠷᠠᠭᠤᠯᠤᠯᠲᠠ᠂ ᠪᠣᠷᠤᠯᠠᠭᠤᠯᠭ᠎ᠠ ᠵᠡᠷᠭᠡ | ᠭᠤᠭᠴᠤᠭ᠎ᠠ ᠶᠢᠨ ᠪᠠᠷᠢᠮᠵᠢᠶᠠᠵᠢᠭᠤᠯᠤᠯᠲᠠ ᠶᠢᠨ ᠳᠦᠷᠢᠮ ᠢ ᠲᠣᠭᠲᠠᠭᠠᠬᠤ ᠶᠢ ᠲᠦᠷᠭᠡᠳᠬᠡᠵᠦ᠂ ᠯᠠᠵᠤᠤ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠭᠡᠷᠡᠴᠢᠯᠡᠯ ᠵᠢᠴᠢ | ᠶᠠᠰᠤ ᠴᠢᠨᠠᠷ ᠤᠨ ᠮᠥᠷᠳᠡᠨ ᠨᠡᠬᠡᠮᠵᠢᠯᠡᠬᠦ ᠰᠢᠰᠲ᠋ᠧᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠯᠠᠵᠤᠤ ᠶᠢᠨ ᠡᠳ᠋ᠰᠢᠭᠦᠯᠦᠯᠲᠡ ᠶᠢᠨ ᠠᠵᠤ ᠠᠬᠤᠶᠢᠯᠠᠯ | ︵ᠬᠤᠷᠰᠢᠶᠠᠵᠢᠯ︶᠂ ᠰᠠᠭᠤᠷᠢᠨ ᠭᠠᠵᠠᠷ ᠢ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠮᠥᠷᠳᠡᠨ ᠪᠠᠶᠢᠴᠠᠭᠠᠬᠤ | ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠳᠤ ᠠᠯᠬᠤᠮ ᠠᠯᠬᠤᠮ ᠢᠶᠠᠷ ᠣᠷᠣᠭᠤᠯᠵᠤ᠂ ᠢᠳᠡᠭᠡᠨ ᠤ ᠠᠮᠤᠷ ᠲᠦᠪᠰᠢᠨ ᠢ ᠦᠨᠡᠨᠬᠦ ᠪᠠᠲᠤᠯᠠᠨ᠎ᠠ︔ | ᠦᠷ᠎ᠡ ᠶᠢᠨ ᠬᠠᠤᠯᠢ ᠬᠡᠷᠡᠭᠵᠢᠭᠦᠯᠬᠦ ᠪᠠ ᠬᠢᠨᠠᠨ ᠬᠠᠮᠢᠶᠠᠷᠬᠤ ᠠᠵᠢᠯ ᠢ ᠴᠢᠩᠭᠠᠳᠬᠠᠵᠤ᠂ ᠳᠠᠩᠰᠠᠯᠠᠭᠤᠯᠤᠭᠰᠠᠨ ᠦᠭᠡᠢ ᠯᠠᠵᠤᠤ ᠶᠢᠨ ᠡᠭᠦᠯᠳᠡᠷ ᠢ ᠳᠡᠯᠭᠡᠷᠡᠭᠦᠯᠦᠨ | ᠪᠣᠷᠣᠯᠠᠭᠤᠯᠬᠤ ᠶᠢ ᠴᠢᠩᠭ᠎ᠠ ᠴᠠᠭᠠᠵᠠᠯᠠᠵᠤ᠂ ᠲᠠᠷᠢᠶᠠᠴᠢᠳ ᠤᠨ ᠡᠷᠬᠡ ᠠᠰᠢᠭ ᠲᠤ ᠬᠠᠯᠳᠠᠭᠰᠠᠨ ᠦᠷ᠎ᠡ ᠶᠢᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠬᠠᠤᠯᠢ | ᠶᠣᠰᠣᠭᠠᠷ ᠵᠠᠯᠬᠠᠭᠠᠨ ᠰᠢᠢᠳᠬᠡᠨ᠎ᠡ᠃ | ᠳᠣᠯᠤᠭ᠎ᠠ᠂ ᠨᠠᠷᠠᠲᠤ ᠲᠡᠮᠳᠡᠭ ᠢ ᠪᠣᠶᠢᠵᠢᠭᠤᠯᠬᠤ ᠶᠢ ᠠᠳᠬᠤᠨ᠎ᠠ᠃ ᠠᠵᠤ ᠠᠬᠤᠶᠢᠯᠠᠯ ︵ ᠬᠤᠷᠰᠢᠶᠠᠵᠢᠯ︶ ᠤᠨ ᠪᠣᠬᠢᠷᠳᠤᠯ ᠦᠭᠡᠢ᠂ ᠣᠷᠭᠠᠨᠢᠭ ᠢᠳᠡᠭᠡᠨ ᠤ | ᠭᠡᠷᠡᠴᠢᠯᠡᠯ᠂ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠢ ᠥᠷᠨᠢᠭᠦᠯᠬᠦ ᠪᠠ ᠣᠨᠴᠠᠯᠢᠭᠲᠤ ᠨᠠᠷᠠᠲᠤ ᠦᠢᠯᠡᠳᠬᠦᠨ ᠢ ᠡᠭᠦᠳᠦᠨ ᠪᠠᠶᠢᠭᠤᠯᠬᠤ ᠶᠢ ᠵᠣᠷᠢᠭᠵᠢᠭᠤᠯᠤᠨ᠎ᠠ︔ | ᠡᠯ᠎ᠡ ᠬᠤᠰᠢᠭᠤ ᠰᠢᠶᠠᠨ ᠲᠣᠭᠤᠷᠢᠭ ᠨᠢ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠵᠢᠴᠢ ᠲᠠᠷᠢᠶᠠᠯᠠᠩ ᠤᠨ | ᠪᠦᠲᠦᠭᠡᠭᠳᠡᠬᠦᠨ ᠤ ᠭᠠᠵᠠᠷ ᠵᠦᠢ ᠶᠢᠨ ᠲᠡᠮᠳᠡᠭ ᠢ ᠢᠳᠡᠪᠬᠢᠲᠡᠢ ᠪᠠᠷ ᠭᠤᠶᠤᠴᠢᠯᠠᠨ ᠮᠡᠳᠡᠭᠦᠯᠬᠦ ᠬᠡᠷᠡᠭᠲᠡᠢ︔ ︽ ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠡᠷᠬᠡ ᠣᠯᠭᠤᠬᠤ ᠪᠠᠷᠢᠮᠵᠢᠶ᠎ᠠ ᠳᠤ ᠨᠡᠶᠢᠴᠡᠭᠰᠡᠨ ᠯᠠᠵᠤᠤ ᠶᠢᠨ ᠪᠦᠲᠦᠭᠡᠭᠳᠡᠬᠦᠨ ᠳᠤ ᠡᠷᠬᠡ ᠣᠯᠭᠤᠵᠤ᠂ | ᠨᠠᠷᠠᠲᠤ ᠲᠡᠮᠳᠡᠭ ᠢᠶᠠᠷ ᠯᠠᠵᠤᠤ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠪᠡᠶᠡᠯᠡᠭᠦᠯᠦᠨ᠎ᠡ᠃ | ᠨᠠᠢᠮᠠ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠶᠢ ᠠᠳᠬᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠪᠠ ᠴᠢᠳᠠᠪᠤᠷᠢᠲᠠᠨ ᠢ ᠳᠣᠷᠣᠭᠰᠢ ᠪᠠᠭᠤᠯᠭᠠᠬᠤ ᠶᠢ ᠠᠬᠢᠭᠤᠯᠤᠨ᠂ | ᠬᠤᠲᠠ᠂ ᠬᠤᠰᠢᠭᠤ ᠰᠢᠶᠠᠨ ᠲᠣᠭᠤᠷᠢᠭ᠂ ᠰᠢᠶᠠᠩ ᠪᠠᠯᠭᠠᠰᠤ ︵ᠰᠤᠮᠤ︶ ᠭᠤᠷᠪᠠᠨ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠡᠩᠨᠡᠭᠡ ᠶᠢ ᠵᠣᠬᠢᠶᠠᠨ ᠪᠠᠶᠢᠭᠤᠯᠬᠤ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠯᠠᠵᠤᠤ ᠶᠢᠨ ᠠᠵᠤ ᠦᠢᠯᠡᠰ ᠲᠤ | ᠰᠢᠨᠵᠢᠯᠡᠬᠦ ᠤᠬᠠᠭᠠᠨ ᠮᠡᠷᠭᠡᠵᠢᠯ ᠤᠨ ᠪᠠᠲᠤᠯᠠᠭ᠎ᠠ ᠬᠠᠩᠭᠠᠨ᠎ᠠ︔ ᠣᠷᠣᠭᠤᠯᠵᠤ ᠢᠷᠡᠬᠦ᠂ ᠭᠠᠷᠴᠤ ᠶᠠᠪᠤᠬᠤ᠂ ᠰᠦᠯᠵᠢᠶ᠎ᠡ ᠪᠠᠷ ᠰᠤᠷᠤᠯᠴᠠᠬᠤ᠂ ᠦᠢᠯᠡᠳᠦᠯᠭᠡ ᠶᠢᠨ | ᠤᠬᠠᠭᠠᠨ᠂ ᠦᠵᠡᠭᠦᠯᠦᠯᠭᠡ ᠶᠢᠨ ᠤᠬᠠᠭᠠᠨ᠂ ᠰᠣᠯᠢᠯᠴᠠᠭᠠᠨ ᠤ ᠤᠬᠠᠭᠠᠨ ᠵᠡᠷᠭᠡ ᠵᠠᠭᠪᠤᠷ ᠢ ᠬᠡᠷᠡᠭᠯᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ᠂ | ᠬᠤᠷᠰᠢᠶ᠎ᠠ ᠶᠢᠨ ᠬᠠᠷᠢᠭᠤᠴᠠᠯᠭᠠᠲᠠᠨ᠂ ᠲᠠᠷᠢᠮᠠᠯ ᠤᠨ ᠲᠣᠮᠣ ᠡᠷᠦᠬᠡ᠂ ᠲᠠᠷᠢᠶᠠᠴᠢᠨ ᠨᠤᠲᠤᠭ ᠤᠨ ᠲᠤᠰᠬᠠᠢ ᠮᠡᠷᠭᠡᠵᠢᠯᠲᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠪ | ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠢᠭᠡ ᠪᠦᠯᠦᠭ ᠮᠡᠷᠭᠡᠵᠢᠯ ᠮᠡᠳᠡᠬᠦ᠂ ᠡᠵᠡᠩᠨᠡᠬᠦ ᠳᠡᠭᠡᠨ ᠴᠢᠳᠠᠮᠠᠭᠠᠢ᠂ ᠦᠢᠯᠡᠴᠢᠯᠡᠵᠦ ᠴᠢᠳᠠᠳᠠᠭ ᠯᠠᠵᠤᠤ ᠶᠢᠨ ᠠᠵᠤ | ᠦᠶᠢᠯᠡᠰᠵᠢᠯᠲᠡ ᠶᠢᠨ ᠡᠩᠨᠡᠭᠡ ᠶᠢ ᠬᠦᠴᠦᠯᠡᠨ ᠪᠣᠶᠢᠵᠢᠭᠤᠯᠤᠨ᠎ᠠ︔ ᠯᠠᠵᠤᠤ ᠶᠢᠨ ᠭᠤᠣᠯ ᠳᠡᠯᠭᠡᠷᠡᠭᠦᠯᠬᠦ ᠲᠦᠷᠦᠯ ᠵᠦᠢᠯ ᠵᠢᠴᠢ ᠭᠤᠣᠯ ᠳᠡᠯᠭᠡᠷᠡᠭᠦᠯᠬᠦ ᠮᠡᠷᠭᠡᠵᠢᠯ ᠤᠨ | ᠨᠡᠷᠡᠰ ᠤᠨ ᠵᠢᠭᠰᠠᠭᠠᠯᠲᠠ ᠶᠢ ᠪᠤᠢ ᠪᠣᠯᠭᠠᠬᠤ ᠶᠢᠨ ᠬᠠᠮᠲᠤ ᠳᠡᠯᠭᠡᠷᠡᠭᠦᠯᠬᠦ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠰᠢᠨ᠎ᠡ ᠲᠦᠷᠦᠯ ᠵᠦᠢᠯ ᠪᠠ ᠲᠡᠷᠢᠭᠦᠨ ᠤ | ᠬᠡᠷᠡᠭᠯᠡᠭᠡᠨ ᠤ ᠮᠡᠷᠭᠡᠵᠢᠯ ᠤᠨ ᠲᠦᠭᠡᠮᠡᠯᠵᠢᠭᠦᠯᠦᠯᠲᠡ ᠶᠢᠨ ᠨᠤᠷᠮ᠎ᠠ ᠪᠠ ᠬᠡᠷᠡᠭᠯᠡᠯᠲᠡ ᠶᠢᠨ ᠨᠤᠷᠮ᠎ᠠ ᠶᠢ ᠳᠠᠰᠤᠷᠠᠯᠳᠠ ᠦᠭᠡᠢ ᠳᠡᠭᠡᠭᠰᠢᠯᠡᠭᠦᠯᠦᠨ᠎ᠡ᠃ | ᠶᠢᠰᠦ᠂ ᠨᠡᠶᠢᠭᠡᠮᠴᠢᠯᠡᠭᠰᠡᠨ ᠦᠢᠯᠡᠴᠢᠯᠡᠭᠡ ᠶᠢ ᠠᠳᠬᠤᠨ᠎ᠠ᠃ ᠨᠢᠭᠡ ᠪᠦᠯᠦᠭ ᠲᠤᠰᠬᠠᠶᠢᠵᠢᠭᠰᠠᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ | ᠪᠠᠶᠢᠭᠤᠯᠤᠯᠲᠠ ᠵᠢᠴᠢ ᠵᠠᠭᠤᠴᠢᠯᠠᠭᠴᠢ ᠶᠢᠨ ᠡᠩᠨᠡᠭᠡ ᠶᠢ ᠬᠦᠴᠦᠯᠡᠨ ᠪᠣᠶᠢᠵᠢᠭᠤᠯᠵᠤ᠂ ︽ᠠᠰᠠᠷᠠᠭᠴᠢ ᠮᠠᠶ᠋ᠢᠭ ᠤᠨ ᠨᠠᠶᠢᠳᠠᠨ ᠬᠠᠮᠢᠶᠠᠷᠤᠭᠤᠯᠬᠤ︾ ︵ᠳᠠᠷᠤᠢ | ᠪᠦᠬᠦᠨ ᠢ ᠨᠠᠶᠢᠳᠠᠨ ᠬᠠᠮᠢᠶᠠᠷᠤᠭᠤᠯᠬᠤ᠄ ᠲᠠᠷᠢᠶᠠᠴᠢᠨ ᠡᠷᠦᠬᠡ ᠶᠢᠨ ᠦᠢᠯᠡᠳᠪᠦᠷᠢᠯᠡᠯ ᠤᠨ ᠶᠠᠪᠤᠴᠠ ᠳᠠᠬᠢ ᠲᠠᠷᠢᠶᠠᠯᠠᠬᠤ᠂ ᠳᠠᠷᠢᠬᠤ᠂ ᠬᠠᠮᠢᠶᠠᠷᠬᠤ᠂ ᠬᠤᠷᠢᠶᠠᠬᠤ᠂ | ᠨᠥᠭᠡᠴᠡᠯᠡᠬᠦ᠂ ᠪᠣᠷᠣᠯᠠᠭᠤᠯᠬᠤ ᠵᠢᠷᠭᠤᠭᠠᠨ ᠶᠡᠭᠡ ᠭᠤᠭᠴᠤᠭ᠎ᠠ ᠳᠤ ᠪᠥᠬᠦ ᠶᠠᠪᠤᠴᠠ ᠶᠢ ᠨᠠᠶᠢᠳᠠᠨ ᠬᠠᠮᠢᠶᠠᠷᠤᠭᠤᠯᠬᠤ ᠶᠢ ᠬᠡᠷᠡᠭᠵᠢᠭᠦᠯᠦᠨ᠎ᠡ︶᠂ ︽ᠲᠣᠪᠶᠤᠭ ᠤᠨ | ᠮᠠᠶ᠋ᠢᠭ ᠤᠨ ᠨᠠᠶᠢᠳᠠᠨ ᠬᠠᠮᠢᠶᠠᠷᠤᠭᠤᠯᠬᠤ︾ ︵ᠳᠠᠷᠤᠢ ᠬᠠᠭᠠᠰ ᠨᠠᠶᠢᠳᠠᠨ ᠬᠠᠮᠢᠶᠠᠷᠤᠭᠤᠯᠬᠤ᠄ ᠲᠠᠷᠢᠶᠠᠴᠢᠨ ᠡᠷᠦᠬᠡ ᠥᠪᠡᠷ ᠤᠨ ᠬᠡᠷᠡᠭᠴᠡᠭᠡ ᠪᠠᠨ ᠦᠨᠳᠦᠰᠦᠯᠡᠨ᠂ | ᠲᠠᠷᠢᠶᠠᠯᠠᠬᠤ᠂ ᠳᠠᠷᠢᠬᠤ᠂ ᠬᠠᠮᠢᠶᠠᠷᠬᠤ᠂ ᠬᠤᠷᠢᠶᠠᠬᠤ᠂ ᠨᠥᠭᠡᠴᠡᠯᠡᠬᠦ᠂ ᠪᠣᠷᠣᠯᠠᠭᠤᠯᠬᠤ ᠳᠤᠮᠳᠠᠬᠢ ᠬᠡᠰᠡᠭ ᠭᠤᠭᠴᠤᠭ᠎ᠠ ᠪᠠᠨ ᠬᠤᠷᠰᠢᠶ᠎ᠠ ᠳᠤ ᠲᠤᠰᠢᠶᠠᠨ ᠨᠠᠶᠢᠳᠠᠨ | ᠬᠠᠮᠢᠶᠠᠷᠤᠭᠤᠯᠤᠨ᠎ᠠ︶ ᠪᠠᠷ ᠲᠥᠯᠥᠭᠡᠯᠡᠭᠦᠯᠦᠭᠰᠡᠨ ᠭᠠᠵᠠᠷ ᠰᠢᠷᠣᠢ ᠶᠢ ᠨᠠᠶᠢᠳᠠᠨ ᠬᠠᠮᠢᠶᠠᠷᠤᠭᠤᠯᠬᠤ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠠᠭᠪᠤᠷ ᠢ | ᠲᠡᠭᠦᠯᠳᠡᠷᠵᠢᠭᠦᠯᠦᠨ ᠳᠡᠭᠡᠭᠰᠢᠯᠡᠭᠦᠯᠦᠨ᠎ᠡ᠃ ᠲᠦᠭᠦᠬᠡᠢ ᠮᠠᠲ᠋ᠧᠷᠢᠶᠠᠯ ᠤᠨ ᠰᠠᠭᠤᠷᠢᠨ ᠭᠠᠵᠠᠷ ᠨᠢ ᠰᠢᠯᠢᠳᠡᠭ᠂ ᠬᠥᠮᠥᠷᠭᠡᠯᠡᠨ ᠬᠠᠳᠠᠭᠠᠯᠠᠬᠤ ᠴᠢᠳᠠᠪᠤᠷᠢ ᠪᠠᠷ ᠰᠠᠶᠢᠨ᠂ | ᠡᠳ᠋ᠰᠢᠭᠦᠯᠬᠦ ᠴᠢᠳᠠᠪᠤᠷᠢ ᠪᠠᠷ ᠴᠢᠩᠭ᠎ᠠ᠂ ᠨᠠᠷᠠᠲᠤ ᠲᠥᠷᠥᠯ ᠲᠡᠮᠳᠡᠭᠲᠦ ᠶᠢᠨ ᠦᠢᠯᠡᠳᠦᠯ ᠢᠶᠠᠷ ᠶᠡᠭᠡ ᠨᠢᠭᠡ ᠪᠦᠯᠦᠭ ᠵᠢᠱᠢᠶ᠎ᠡ ᠦᠵᠡᠭᠦᠯᠬᠦ ᠬᠤᠯᠪᠣᠭᠠᠲᠤ ᠴᠣᠭᠴᠠ ᠶᠢ | ᠪᠠᠶᠢᠭᠤᠯᠵᠤ᠂ ᠵᠢᠵᠢᠭ ᠲᠠᠷᠢᠶᠠᠴᠢᠨ ᠡᠷᠦᠬᠡ ᠬᠢᠭᠡᠳ ᠣᠲᠣ ᠦᠶ᠎ᠡ ᠶᠢᠨ ᠲᠠᠷᠢᠶᠠᠯᠠᠩ ᠢ ᠣᠷᠭᠠᠨᠢᠭ ᠢᠶᠠᠷ ᠵᠣᠯᠭᠠᠭᠤᠯᠬᠤ ᠶᠢ ᠪᠡᠶᠡᠯᠡᠭᠦᠯᠦᠨ᠎ᠡ᠃ | ᠠᠷᠪᠠ᠂ ᠲᠦᠷᠦ ᠶᠢᠨ ᠪᠣᠳᠣᠯᠭ᠎ᠠ ᠪᠠᠷ ᠲᠡᠳᠬᠦᠨ ᠳᠡᠮᠵᠢᠬᠦ ᠶᠢ ᠠᠳᠬᠤᠨ᠎ᠠ᠃ ᠡᠯ᠎ᠡ ᠬᠤᠰᠢᠭᠤ ᠰᠢᠶᠠᠨ ᠲᠣᠭᠤᠷᠢᠭ ᠨᠢ ᠲᠠᠷᠢᠶᠠᠯᠠᠩ ᠳᠤ ᠬᠤᠯᠪᠣᠭᠳᠠᠬᠤ ᠡᠯ᠎ᠡ | ᠲᠥᠷᠥᠯ ᠤᠨ ᠲᠥᠷᠥᠯ ᠵᠦᠢᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠵᠦ᠂ ᠯᠠᠵᠤᠤ ᠶᠢᠨ ᠠᠵᠤ ᠦᠢᠯᠡᠰ ᠤᠨ ᠬᠥᠭᠵᠢᠯᠲᠡ ᠶᠢ | ᠲᠡᠳᠬᠦᠬᠦ ᠳᠤ ᠬᠡᠷᠡᠭᠯᠡᠬᠦ ᠬᠡᠷᠡᠭᠲᠡᠢ᠃ ᠯᠠᠵᠤᠤ ᠶᠢᠨ ᠨᠠᠷᠢᠯᠢᠭ ᠡᠳ᠋ᠰᠢᠭᠦᠯᠬᠦ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠦᠵᠡᠭᠦᠯᠵᠦ᠂ | ᠯᠠᠵᠤᠤ ᠶᠢᠨ ᠰᠠᠭᠤᠷᠢᠨ ᠭᠠᠵᠠᠷ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ᠂ ᠨᠡᠶᠢᠭᠡᠮᠴᠢᠯᠡᠭᠰᠡᠨ ᠦᠢᠯᠡᠴᠢᠯᠡᠭᠡᠨ ᠤ | ᠨᠥᠬᠦᠪᠦᠷᠢ ᠵᠡᠷᠭᠡ ᠲᠠᠷᠢᠶᠠᠯᠠᠩ ᠳᠤ ᠬᠤᠯᠪᠣᠭᠳᠠᠬᠤ ᠡᠯ᠎ᠡ ᠲᠥᠷᠥᠯ ᠤᠨ ᠲᠥᠷᠥᠯ ᠵᠦᠢᠯ ᠳᠤ ᠤᠷᠢᠳᠠᠪᠠᠷ ᠬᠠᠷᠠᠭᠠᠯᠵᠠᠯ ᠦᠵᠡᠭᠦᠯᠦᠨ᠎ᠡ︔ ᠵᠢᠯ ᠪᠦᠷᠢ ᠵᠣᠬᠢᠬᠤ | ᠬᠡᠮᠵᠢᠶᠡᠨ ᠤ ᠲᠤᠰᠬᠠᠢ ᠵᠦᠢᠯ ᠤᠨ ᠵᠠᠷᠤᠳᠠᠯ ᠲᠣᠬᠢᠷᠠᠭᠤᠯᠵᠤ᠂ ᠯᠠᠵᠤᠤ ᠶᠢᠨ ᠰᠢᠨ᠎ᠡ ᠲᠥᠷᠥᠯ ᠵᠦᠢᠯ᠂ ᠰᠢᠨ᠎ᠡ ᠮᠡᠷᠭᠡᠵᠢᠯ ᠢ ᠣᠷᠣᠭᠤᠯᠤᠨ ᠠᠪᠴᠢᠷᠠᠵᠤ ᠰᠢᠭᠰᠢᠨ | ᠰᠣᠩᠭᠤᠬᠤ᠂ ᠲᠤᠷᠰᠢᠯᠲᠠ ᠬᠢᠵᠦ ᠵᠢᠱᠢᠶ᠎ᠡ ᠦᠵᠡᠭᠦᠯᠬᠦ᠂ ᠤᠬᠠᠭᠤᠯᠤᠨ ᠪᠣᠯᠪᠠᠰᠤᠷᠠᠭᠤᠯᠬᠤ ᠵᠢᠴᠢ ᠮᠡᠷᠭᠡᠵᠢᠯ ᠢ ᠳᠡᠯᠭᠡᠷᠡᠭᠦᠯᠬᠦ ᠵᠡᠷᠭᠡ ᠠᠵᠢᠯ ᠳᠤ ᠬᠡᠷᠡᠭᠯᠡᠨ᠎ᠡ︔ ᠣᠯᠠᠨ | ᠵᠦᠢᠯ ᠤᠨ ᠠᠷᠭ᠎ᠠ ᠬᠡᠯᠪᠡᠷᠢ ᠪᠠᠷ ᠯᠠᠵᠤᠤ ᠶᠢᠨ ᠦᠨ᠎ᠡ ᠬᠠᠩᠰᠢ ᠶᠢᠨ ᠳᠠᠭᠠᠳᠬᠠᠯ ᠤᠨ ᠲᠠᠯᠠᠪᠠᠶ ᠶᠢ ᠤᠯᠠᠮ ᠨᠢᠭᠡ ᠠᠯᠬᠤᠮ ᠥᠷᠭᠡᠳᠬᠡᠨ᠎ᠡ︔ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠵᠣᠷᠢᠭᠵᠢᠭᠤᠯᠤᠨ ᠬᠥᠲᠥᠯᠥᠨ ᠵᠢᠯᠤᠭᠤᠳᠴᠤ ᠪᠠᠶᠢᠭᠠᠳ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡᠨ ᠤ ᠵᠠᠭᠪᠤᠷ ᠲᠤ ᠰᠢᠨ᠎ᠡ ᠶᠢ | ᠡᠭᠦᠳᠴᠦ᠂ ᠳᠠᠭᠠᠳᠬᠠᠯ ᠤᠨ ᠬᠠᠭᠤᠳᠠᠰᠤ ᠶᠢ ᠳᠠᠨᠵᠢᠯᠠᠬᠤ᠂ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢ ᠪᠠᠷᠢᠴᠠᠭᠠᠯᠠᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠯᠠᠵᠤᠤ ᠳᠠᠷᠢᠬᠤ᠂ ᠡᠳ᠋ᠰᠢᠭᠦᠯᠬᠦ᠂ ᠠᠵᠤ ᠦᠶᠢᠯᠡᠰᠵᠢᠭᠦᠯᠬᠦ ᠳᠤ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠵᠦ᠂ ᠵᠢᠭᠡᠯᠡᠯᠭᠡ ᠶᠢᠨ ᠬᠠᠮᠤᠷᠬᠤ | ᠬᠡᠪᠴᠢᠶ᠎ᠡ ᠶᠢ ᠥᠷᠭᠡᠳᠬᠡᠨ᠎ᠡ᠃ | | | |