︽ᠪᠠᠶᠠᠨᠨᠠᠭᠤᠷ ᠤᠨ ᠣᠨ ᠤ ᠲᠣᠯᠢ︾ ᠶᠢᠨ 2022 ᠪᠣᠳᠢ ᠶᠢ ᠵᠣᠬᠢᠶᠠᠨ ᠪᠠᠶᠢᠭᠤᠯᠤᠨ ᠨᠠᠶᠢᠷᠠᠭᠤᠯᠬᠤ ᠲᠤᠬᠠᠢ ᠪᠠᠶᠠᠨᠨᠠᠭᠤᠷ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/6/10
ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠭᠠᠭᠮᠤᠳᠤ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠲᠠ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ︽ᠪᠠᠶᠠᠨᠨᠠᠭᠤᠷ ᠤᠨ ᠣᠨ ᠤ ᠲᠣᠯᠢ︾ ᠪᠣᠯ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠪᠠᠶᠢᠭᠠᠯᠢ᠂ ᠤᠯᠤᠰ ᠲᠥᠷᠥ᠂ ᠠᠵᠤ ᠠᠬᠤᠢ᠂ ᠰᠣᠶᠣᠯ᠂ ᠨᠡᠶᠢᠭᠡᠮ ᠵᠡᠷᠭᠡ ᠲᠠᠯ᠎ᠠ ᠶᠢᠨ ᠪᠠᠶᠢᠳᠠᠯ ᠢ ᠣᠨ ᠢᠶᠠᠷ ᠦᠷᠭᠦᠯᠵᠢᠯᠡᠨ ᠬᠡᠪᠯᠡᠭᠰᠡᠨ ᠮᠠᠲ᠋ᠧᠷᠢᠶᠠᠯ ᠤᠨ ᠴᠢᠨᠠᠷᠲᠠᠢ ᠲᠤᠯᠭᠤᠷ ᠪᠢᠴᠢᠭ ᠪᠣᠯᠣᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠣᠨ ᠤ ᠬᠤᠲᠠ ᠶᠢᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠠᠩ ᠪᠥᠬᠦ ᠲᠠᠯ᠎ᠠ ᠪᠠᠷ ᠴᠠᠭ ᠲᠤᠬᠠᠢ ᠳᠤᠨᠢ ᠲᠡᠮᠳᠡᠭᠯᠡᠨ᠂ ᠪᠥᠬᠦ ᠬᠤᠲᠠ ᠶᠢᠨ ᠠᠵᠤ ᠠᠬᠤᠢ ᠨᠡᠶᠢᠭᠡᠮ ᠳᠤ ᠦᠢᠯᠡᠴᠢᠯᠡᠬᠦ ᠶᠢᠨ ᠲᠤᠰᠠᠳᠠ᠂ ᠬᠤᠲᠠ ᠶᠢᠨ ᠵᠠᠰᠠᠭ ᠤᠨ ᠣᠷᠳᠣᠨ  ᠠᠴᠠ ︽ᠪᠠᠶᠠᠨᠨᠠᠭᠤᠷ ᠤᠨ ᠣᠨ ᠤ ᠲᠣᠯᠢ︾ ᠶᠢᠨ 2022 ᠪᠣᠳᠢ ᠳᠤ ᠡᠬᠡ ᠪᠢᠴᠢᠭ ᠡᠯᠰᠡᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠣᠷᠣᠨ ᠲᠤᠭ᠎ᠠ ᠳᠤ ᠣᠷᠣᠭᠰᠠᠨ ᠨᠢᠭᠡᠴᠡ      ᠬᠤᠲᠠ ᠶᠢᠨ ᠨᠠᠮ ᠤᠨ ᠬᠤᠷᠢᠶ᠎ᠠ ︵ᠬᠤᠲᠠ ᠶᠢᠨ ᠨᠠᠮ ᠤᠨ ᠬᠤᠷᠢᠶ᠎ᠠ ᠶᠢᠨ ᠡᠯ᠎ᠡ ᠰᠠᠯᠠᠭ᠎ᠠ ᠮᠥᠴᠢᠷ ᠢ ᠪᠠᠭᠲᠠᠭᠠᠨ᠎ᠠ︶᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ︵ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ᠂ ᠰᠢᠭᠤᠳ ᠬᠠᠷᠢᠶ᠎ᠠ ᠪᠠᠶᠢᠭᠤᠯᠤᠮᠵᠢ ᠶᠢ ᠪᠠᠭᠲᠠᠭᠠᠨ᠎ᠠ︶᠂ ᠤᠯᠤᠰ ᠲᠥᠷᠥ ᠶᠢᠨ ᠵᠥᠪᠯᠡᠯᠭᠡᠨ᠂ ᠴᠡᠷᠢᠭ ᠤᠨ ᠬᠤᠪᠢᠶᠠᠷᠢ ᠲᠣᠭᠤᠷᠢᠭ᠂ ᠵᠡᠪᠰᠡᠭᠲᠦ ᠴᠠᠭᠳᠠᠭ᠎ᠠ᠂ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠡᠯ᠎ᠡ ᠠᠷᠠᠳ ᠤᠨ ᠪᠦᠯᠬᠦᠮ᠂ ᠠᠷᠠᠳᠴᠢᠯᠠᠭᠰᠠᠨ ᠨᠠᠮ ᠪᠦᠯᠦᠭ᠂ ᠡᠯ᠎ᠡ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠬᠤᠲᠠ ᠳᠤ ᠰᠠᠭᠤᠭ᠎ᠠ ᠨᠢᠭᠡᠴᠡ᠂ ᠡᠯ᠎ᠡ ᠬᠤᠰᠢᠭᠤ ᠰᠢᠶᠠᠨ ᠲᠣᠭᠤᠷᠢᠭ ᠵᠡᠷᠭᠡ᠃      ᠬᠤᠶᠠᠷ᠂ ᠲᠡᠮᠳᠡᠭᠯᠡᠭᠰᠡᠨ ᠴᠠᠭ      2021 ᠣᠨ ᠤ 1 ᠰᠠᠷ᠎ᠠ ᠶᠢᠨ 1 ᠤ ᠡᠳᠦᠷ ᠠᠴᠠ 2021 ᠣᠨ12 ᠰᠠᠷ᠎ᠠ ᠶᠢᠨ 31 ᠤ ᠡᠳᠦᠷ      ᠭᠤᠷᠪᠠ᠂ ᠡᠬᠡ ᠪᠢᠴᠢᠭ ᠬᠠᠩᠭᠠᠬᠤ ᠱᠠᠭᠠᠷᠳᠠᠯᠭ᠎ᠠ     ︽ᠪᠠᠶᠠᠨᠨᠠᠭᠤᠷ ᠤᠨ ᠣᠨ ᠤ ᠲᠣᠯᠢ︾ 2022 ᠪᠣᠳᠢ ᠳᠤ ᠲᠥᠷᠥᠯ ᠬᠤᠪᠢᠶᠠᠨ ᠵᠢᠭᠰᠠᠭᠠᠬᠤ ᠠᠷᠭ᠎ᠠ ᠶᠢ ᠬᠡᠷᠡᠭᠯᠡᠵᠦ᠂ ᠪᠤᠯᠤᠩ᠂ ᠲᠥᠷᠥᠯ ᠵᠦᠢᠯ᠂ ᠵᠤᠷᠪᠤᠰ ᠭᠤᠷᠪᠠᠨ ᠲᠠᠰ ᠳᠠᠪᠬᠤᠷᠭ᠎ᠠ ᠲᠠᠢ ᠪᠠᠶᠢᠵᠤ᠂ ᠴᠥᠭᠡᠨ ᠲᠣᠭᠠᠨ ᠤ ᠲᠥᠷᠥᠯ ᠵᠦᠢᠯ ᠪᠠ ᠵᠤᠷᠪᠤᠰ ᠤᠨ ᠬᠤᠭᠤᠷᠣᠨᠳᠤ ᠪᠠᠨ ᠲᠥᠷᠥᠯ ᠵᠦᠢᠯ ᠬᠤᠪᠢᠶᠠᠭᠰᠠᠨ ᠦᠭᠡᠢ᠃ ᠵᠤᠷᠪᠤᠰ ᠨᠢ ᠪᠦᠬᠦ ᠨᠣᠮ ᠤᠨ ᠦᠨᠳᠦᠰᠦᠨ ᠲᠡᠮᠳᠡᠭᠯᠡᠯ ᠤᠨ ᠪᠣᠳᠠᠲᠤ ᠴᠣᠭᠴᠠ ᠪᠠᠶᠢᠵᠤ᠂ ᠭᠠᠷᠴᠠᠭ  ᠢ ᠨᠢ ᠪᠦᠷ ᠬᠠᠷ᠎ᠠ ᠲᠢᠭ  ᠢᠶᠠᠷ ᠢᠯᠡᠳᠬᠡᠳᠡᠭ᠃ ᠣᠨ ᠤ  ᠲᠣᠯᠢ ᠶᠢᠨ ᠬᠡᠯᠡᠨ ᠤ ᠱᠠᠭᠠᠷᠳᠠᠯᠭ᠎ᠠ᠄ ᠪᠣᠷᠣᠭᠵᠢᠭᠤᠨ᠂ ᠦᠭᠡᠰ  ᠢ ᠲᠣᠬᠢᠷᠠᠮᠵᠢᠲᠠᠢ ᠬᠡᠷᠡᠭᠯᠡᠵᠦ᠂ ᠢᠯᠡᠷᠡᠭᠦᠯᠦᠯ ᠤᠨ ᠬᠡᠷᠡᠭ ᠪᠣᠳᠠᠰ  ᠢ ᠣᠨᠣᠪᠴᠢᠲᠠᠶ ᠪᠥᠭᠡᠳ ᠲᠣᠪᠴᠢ ᠠᠪᠰᠠᠷᠬᠠᠨ ᠪᠣᠯᠪᠠᠰᠤᠷᠠᠭᠤᠯᠬᠤ ᠬᠡᠷᠡᠭᠲᠡᠢ᠃ ᠬᠡᠮᠡᠷᠯᠢᠭ ᠳᠡᠭᠡᠷ᠎ᠡ ᠬᠤᠸᠠᠷ ᠬᠠᠳᠬᠤᠬᠤ ᠬᠡᠷᠡᠭ ᠦᠭᠡᠢ᠂ ᠪᠢᠯᠬᠠᠬᠤ ᠬᠡᠷᠡᠭ ᠦᠭᠡᠢ᠂ ᠪᠢᠴᠢᠭ ᠢᠶᠠᠷ ᠪᠣᠯᠵᠣᠵᠤ ᠬᠡᠷᠡᠭ ᠶᠠᠪᠤᠳᠠᠯ ᠢᠶᠠᠷ ᠡᠯᠪᠡᠭ ᠪᠠᠶᠠᠯᠢᠭ ᠪᠠᠶᠢᠳᠠᠭ᠃ ᠤᠳᠬ᠎ᠠ ᠵᠣᠬᠢᠶᠠᠯ ᠤᠨ ᠬᠡᠯᠡ  ᠶᠢ ᠬᠡᠷᠡᠭᠯᠡᠬᠦ  ᠶᠢ ᠴᠡᠭᠡᠷᠯᠡᠵᠦ᠂ ᠬᠤᠪᠢ ᠬᠥᠮᠥᠨ ᠤ ᠬᠡᠯᠪᠡᠷᠢᠯ ᠠᠴᠠ ᠵᠠᠶᠢᠯᠠᠰᠬᠢᠵᠦ᠂ ᠪᠣᠳᠠᠲᠤ ᠬᠡᠷᠡᠭ᠂ ᠪᠤᠰᠤᠳᠴᠢ ᠮᠠᠲ᠋ᠧᠷᠢᠶᠠᠯ ᠢᠶᠠᠷ ᠳᠠᠮᠵᠢᠭᠤᠯᠤᠨ ᠤᠩᠰᠢᠭᠴᠢᠳ ᠲᠤ ᠯᠠᠪᠯᠠᠯᠲᠠ ᠪᠣᠯᠭᠠᠬᠤ  ᠶᠢ ᠴᠢᠬᠤᠯᠠᠴᠢᠯᠠᠳᠠᠭ᠃      ︵ᠨᠢᠭᠡ︶  ᠤᠳᠤᠷᠢᠳᠤᠯᠭ᠎ᠠ ᠶᠢᠨ ᠨᠡᠷᠡᠰ ᠤᠨ ᠵᠢᠭᠰᠠᠭᠠᠯᠲᠠ      1᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠪᠠᠶᠢᠭᠤᠯᠤᠮᠵᠢ ᠶᠢᠨ ᠳᠡᠳ᠋ ᠭᠠᠵᠠᠷ ᠤᠨ ᠱᠠᠲᠤᠨ  ᠠᠴᠠ ᠳᠡᠭᠡᠭᠰᠢᠬᠢ ᠪᠣᠳᠠᠲᠠᠢ ᠲᠤᠰᠢᠶᠠᠯ ᠲᠠᠢ ᠤᠳᠤᠷᠢᠳᠬᠤ ᠺᠠᠳ᠋ᠷ ᠢ ᠣᠷᠣᠭᠤᠯᠤᠨ᠎ᠠ︔      2᠂ ᠬᠤᠰᠢᠭᠤ ᠰᠢᠶᠠᠨ ᠲᠣᠭᠤᠷᠢᠭ ᠨᠢ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠭᠠᠵᠠᠷ ᠤᠨ ᠲᠠᠰ  ᠠᠴᠠ ᠳᠡᠭᠡᠭᠰᠢᠬᠢ ᠪᠣᠳᠠᠲᠠᠢ ᠲᠤᠰᠢᠶᠠᠯ ᠲᠠᠢ ᠤᠳᠤᠷᠢᠳᠬᠤ ᠺᠠᠳ᠋ᠷ ᠢ ᠣᠷᠣᠭᠤᠯᠤᠨ᠎ᠠ︔      3᠂ ᠰᠤᠮᠤ᠂ ᠪᠠᠯᠭᠠᠰᠤᠨ  ᠤ ᠨᠠᠮ ᠵᠠᠰᠠᠭ ᠤᠨ ᠵᠢᠩᠬᠢᠨᠢ ᠲᠤᠰᠢᠶᠠᠯᠲᠠᠨ ᠢ  ᠣᠷᠣᠭᠤᠯᠤᠨ᠎ᠠ︔      4᠂ ᠪᠤᠰᠤᠳ ᠨᠢᠭᠡᠴᠡ  ᠶᠢᠨ  ᠭᠤᠣᠯ ᠪᠣᠯᠬᠤ ᠪᠣᠳᠠᠲᠠᠢ ᠲᠤᠰᠢᠶᠠᠯ ᠤᠨ ᠤᠳᠤᠷᠢᠳᠬᠤ ᠺᠠᠳ᠋ᠷ  ᠢ  ᠣᠷᠣᠭᠤᠯᠤᠨ᠎ᠠ᠃ᠤᠳᠤᠷᠢᠳᠤᠯᠭ᠎ᠠ ᠶᠢᠨ ᠨᠡᠷᠡᠰ ᠤᠨ ᠵᠢᠭᠰᠠᠭᠠᠯᠲᠠ ᠳᠤ ᠣᠪᠣᠭ ᠨᠡᠷ᠎ᠡ᠂ ᠲᠤᠰᠢᠶᠠᠯ᠂ 2021 ᠣᠨ ᠤ ᠲᠤᠰᠢᠶᠠᠯ  ᠠᠴᠠ ᠪᠠᠨ ᠰᠠᠯᠤᠭᠰᠠᠨ ᠴᠠᠭ᠂ ᠡᠮᠡᠭᠲᠡᠶᠢᠴᠦᠳ ᠪᠠ ᠴᠥᠭᠡᠨ ᠲᠣᠭᠠᠲᠤ ᠦᠨᠳᠦᠰᠦᠲᠡᠨ ᠢ ᠬᠠᠭᠠᠯᠲᠠ ᠶᠢᠨ ᠳᠣᠲᠣᠷ᠎ᠠ ᠲᠣᠳᠣᠷᠬᠠᠶᠢᠯᠠᠯᠲᠠ ᠶᠢ ᠲᠣᠳᠣᠷᠬᠠᠢ ᠪᠢᠴᠢᠨ᠎ᠡ᠃      ︵ᠬᠤᠶᠠᠷ︶ ᠲᠣᠶᠢᠮᠣ ᠪᠠᠶᠢᠳᠠᠯ      ᠲᠣᠶᠢᠮᠣ ᠪᠠᠶᠢᠳᠠᠯ ᠨᠢ ᠶᠡᠷᠦᠩᠬᠡᠶᠢᠯᠡᠭᠰᠡᠨ ᠴᠢᠨᠠᠷᠲᠠᠢ ᠵᠤᠷᠪᠤᠰ ᠪᠣᠯᠣᠨ᠎ᠠ᠃ ᠬᠤᠳᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠪᠣᠯᠣᠨ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠲᠤᠰ ᠵᠢᠯ ᠤᠨ ᠦᠨᠳᠦᠰᠦᠨ ᠪᠠᠶᠢᠳᠠᠯ ᠢ ᠲᠡᠮᠳᠡᠭᠯᠡᠨ ᠲᠣᠭᠠᠴᠢᠨ᠎ᠠ᠂ ᠡᠭᠦᠨ ᠳᠤ ᠬᠤᠶᠠᠳᠤᠭᠠᠷ ᠳᠡᠰ ᠤᠨ ᠨᠢᠭᠡᠴᠢ ᠶᠢᠨ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠵᠢᠴᠢ ᠭᠦᠢᠴᠡᠳᠬᠡᠭᠰᠡᠨ ᠪᠠᠶᠢᠳᠠᠯ ᠵᠡᠷᠭᠡ ᠪᠠᠭᠲᠠᠨ᠎ᠠ᠃ ᠰᠢᠭᠤᠳ ᠬᠠᠷᠢᠶ᠎ᠠ ᠨᠢᠭᠡᠴᠡ ᠶᠢ ᠰᠢᠨ᠎ᠡ ᠪᠠᠷ ᠪᠠᠶᠢᠭᠤᠯᠬᠤ ᠪᠤᠶᠤ ᠨᠡᠶᠢᠯᠡᠭᠦᠯᠬᠦ ᠳᠤ ᠲᠣᠬᠢᠷᠠᠭᠤᠯᠤᠯᠲᠠ ᠬᠢᠭᠰᠡᠨ ᠴᠠᠭ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠂ ᠳᠣᠲᠣᠭᠠᠳᠤ ᠶᠢᠨ ᠪᠠᠶᠢᠭᠤᠯᠤᠮᠵᠢ᠂ ᠠᠵᠢᠯᠲᠠᠨ ᠤ ᠣᠷᠣᠨ ᠲᠤᠭ᠎ᠠ ᠵᠡᠷᠭᠡ ᠠᠭᠤᠯᠭ᠎ᠠ ᠶᠢ ᠲᠣᠪᠴᠢ ᠲᠣᠳᠣᠷᠬᠠᠢ ᠲᠡᠮᠳᠡᠭᠯᠡᠬᠦ ᠶᠢᠨ ᠬᠠᠮᠲᠤ 2021 ᠣᠨ ᠤ ᠠᠵᠢᠯ ᠤᠨ ᠭᠤᠣᠯᠳᠠᠯᠭ᠎ᠠ ᠪᠠ ᠦᠷ᠎ᠡ ᠪᠦᠲᠦᠮᠵᠢ ᠵᠢᠴᠢ ᠠᠵᠢᠯ ᠲᠥᠷᠥᠯ ᠤᠨ ᠰᠢᠰᠲ᠋ᠧᠮ ᠤᠨ ᠪᠦᠬᠦᠯᠢ ᠴᠣᠭᠴᠠ ᠶᠢᠨ ᠪᠠᠶᠢᠳᠠᠯ ᠢ ᠲᠣᠪᠴᠢ ᠲᠣᠳᠣᠷᠬᠠᠢ ᠲᠡᠮᠳᠡᠭᠯᠡᠬᠦ ᠬᠡᠷᠡᠭᠲᠡᠢ︔ ᠠᠵᠤ ᠠᠬᠤᠶᠢᠯᠠᠯ ᠤᠨ ᠨᠢᠭᠡᠴᠢ ᠪᠦᠬᠦ ᠵᠢᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠭᠤᠣᠯᠳᠠᠯᠭ᠎ᠠ ᠲᠠᠢ ᠲᠡᠮᠳᠡᠭᠯᠡᠬᠦ ᠬᠡᠷᠡᠭᠲᠡᠢ︔ ᠬᠤᠰᠢᠭᠤ ᠰᠢᠶᠠᠨ ᠲᠣᠭᠤᠷᠢᠭ ᠨᠢ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ᠂ ᠲᠠᠯᠠᠪᠠᠶ᠂ ᠬᠥᠮᠥᠨ ᠠᠮᠠ᠂ ᠦᠨᠳᠦᠰᠦᠲᠡᠨ ᠤ ᠪᠦᠲᠦᠴᠡ᠂ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠥᠬᠦ ᠥᠷᠲᠡᠭ᠂ ᠡᠳ᠋ ᠤᠨ ᠵᠠᠰᠠᠭ ᠤᠨ ᠣᠷᠣᠯᠭ᠎ᠠ᠂ ᠬᠤᠲᠠ ᠪᠠᠯᠭᠠᠰᠤ ᠵᠢᠴᠢ ᠮᠠᠯᠴᠢᠨ ᠲᠠᠷᠢᠶᠠᠴᠢᠨ ᠤ ᠠᠮᠢᠳᠤᠷᠠᠯ ᠤᠨ ᠬᠢᠷᠢ ᠬᠡᠮᠵᠢᠶ᠎ᠡ ᠵᠡᠷᠭᠡ ᠭᠤᠣᠯ ᠪᠣᠯᠬᠤ ᠡᠯᠧᠮᠧᠨ᠋ᠲ ᠢ ᠲᠣᠪᠴᠢ ᠲᠣᠳᠣᠷᠬᠠᠢ ᠲᠡᠮᠳᠡᠭᠯᠡᠨ ᠲᠣᠭᠠᠴᠢᠬᠤ ᠬᠡᠷᠡᠭᠲᠡᠢ᠃      ︵ᠭᠤᠷᠪᠠ︶ ᠦᠨᠳᠦᠰᠦᠨ ᠵᠦᠢᠯ ᠵᠤᠷᠪᠤᠰ      2021 ᠣᠨ ᠤ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ᠂ ᠲᠣᠰ ᠨᠢᠭᠡᠴᠡ ᠶᠢᠨ ᠭᠠᠵᠠᠷ ᠣᠷᠣᠨ ᠤ ᠣᠨᠴᠠᠯᠢᠭ᠂ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠵᠢᠴᠢ ᠭᠤᠣᠯ ᠠᠵᠢᠯ ᠪᠣᠯᠣᠨ ᠲᠣᠰ ᠰᠢᠰᠲ᠋ᠧᠮ᠂ ᠲᠣᠰ ᠠᠵᠢᠯ ᠲᠥᠷᠥᠯ ᠤᠨ ᠶᠡᠭᠡ ᠶᠠᠪᠤᠳᠠᠯ ᠴᠢᠬᠤᠯᠠ ᠶᠠᠪᠤᠳᠠᠯ ᠵᠡᠷᠭᠡ ᠶᠢ ᠦᠨᠳᠦᠰᠦᠯᠡᠨ᠂ ᠲᠥᠷᠥᠯ ᠵᠦᠢᠯ ᠬᠤᠪᠢᠶᠠᠨ ᠲᠣᠬᠢᠷᠠᠭᠤᠯᠵᠤ ᠵᠦᠢᠯ ᠵᠤᠷᠪᠤᠰ ᠬᠤᠪᠢᠶᠠᠨ ᠲᠡᠮᠳᠡᠭᠯᠡᠨ ᠲᠣᠭᠠᠴᠢᠵᠤ᠂ ᠪᠥᠬᠦ ᠲᠠᠯ᠎ᠠ ᠶᠢᠨ᠂ ᠣᠨᠣᠪᠴᠢᠲᠠᠶ᠂ ᠰᠢᠨ᠎ᠡ ᠰᠣᠷᠭᠤᠭ ᠪᠠ ᠬᠡᠮᠵᠢᠶᠡᠵᠢᠭᠦᠯᠬᠦ᠂ ᠲᠣᠭᠠᠴᠢᠯᠠᠬᠤ ᠶᠢ ᠪᠡᠶᠡᠯᠡᠭᠦᠯᠦᠨ᠎ᠡ᠃      1᠂ ᠵᠤᠷᠪᠤᠰ ᠪᠦᠷᠢ ᠨᠢ ᠵᠤᠷᠪᠤᠰ ᠪᠠ ᠳᠣᠲᠣᠭᠠᠳᠤ ᠠᠭᠤᠯᠭ᠎ᠠ ᠪᠠᠷ ᠪᠦᠷᠢᠯᠳᠦᠵᠦ᠂ ᠨᠢᠭᠡ ᠵᠤᠷᠪᠤᠰ ᠲᠤ ᠨᠢᠭᠡ ᠲᠠᠯ᠎ᠠ ᠶᠢᠨ ᠭᠤᠣᠯ ᠠᠵᠢᠯ ᠪᠤᠶᠤ ᠬᠡᠷᠡᠭ ᠶᠠᠪᠤᠳᠠᠯ ᠢ ᠲᠡᠮᠳᠡᠭᠯᠡᠨ ᠲᠣᠭᠠᠴᠢᠬᠤ ᠬᠡᠷᠡᠭᠲᠡᠢ᠃ ᠵᠤᠷᠪᠤᠰ ᠤᠨ ᠠᠭᠤᠯᠭ᠎ᠠ ᠨᠢ ᠦᠨᠡᠨ ᠪᠣᠳᠠᠲᠠᠢ ᠪᠠᠶᠢᠬᠤ ᠬᠡᠷᠡᠭᠲᠡᠢ᠂ ᠬᠡᠯᠪᠡᠷᠢ ᠮᠠᠶ᠋ᠢᠭ ᠨᠢ ᠳᠦᠷᠢᠮᠵᠢᠭᠰᠡᠨ ᠪᠠᠶᠢᠬᠤ ᠬᠡᠷᠡᠭᠲᠡᠢ᠂ ᠦᠭᠡ ᠦᠰᠦᠭ  ᠢ ᠨᠢ ᠨᠠᠷᠢᠯᠢᠭ ᠪᠣᠯᠪᠠᠰᠤᠷᠠᠭᠤᠯᠬᠤ ᠬᠡᠷᠡᠭᠲᠡᠢ᠃ ᠬᠡᠷᠪᠡ ᠨᠢᠭᠡ ᠵᠤᠷᠪᠤᠰ ᠤᠨ ᠠᠭᠤᠯᠭ᠎ᠠ ᠨᠢ ᠦᠨᠡᠬᠡᠷ ᠤᠯᠠᠨ ᠲᠠᠯ᠎ᠠ ᠳᠤ ᠬᠤᠯᠪᠣᠭᠳᠠᠬᠤ ᠮᠥᠷᠲᠡᠭᠡᠨ ᠦᠰᠦᠭ ᠪᠢᠴᠢᠭ ᠨᠢ ᠨᠡᠯᠢᠶᠡᠳ ᠤᠯᠠᠨ ᠪᠠᠶᠢᠪᠠᠯ᠂ ᠲᠠᠯ᠎ᠠ ᠪᠦᠷᠢ ᠶᠢᠨ ᠠᠭᠤᠯᠭ᠎ᠠ ᠶᠢ ᠠᠰᠲᠠᠭᠠᠨ ᠵᠢᠵᠢᠭ ᠭᠠᠷᠴᠠᠭ ᠪᠤᠶᠤ ᠬᠡᠰᠡᠭ ᠪᠦᠯᠦᠭ ᠢᠶᠠᠷ ᠲᠡᠮᠳᠡᠭᠯᠡᠨ ᠲᠣᠭᠠᠴᠢᠵᠤ ᠪᠣᠯᠣᠨ᠎ᠠ᠃      2᠂ ᠬᠤᠳᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠪᠣᠯᠣᠨ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠨᠦᠭᠦᠳ ᠲᠤᠰ ᠰᠠᠯᠠᠭ᠎ᠠ ᠮᠥᠴᠢᠷ᠂ ᠲᠤᠰ ᠨᠢᠭᠡᠴᠡ ᠶᠢᠨ ᠢᠶᠠᠨ ᠭᠤᠣᠯ ᠡᠭᠦᠷᠭᠡ ᠴᠢᠳᠠᠪᠤᠷᠢ ᠪᠣᠯᠣᠨ ᠣᠨ ᠤ ᠠᠵᠢᠯ  ᠤᠨ ᠣᠨᠴᠠᠯᠢᠭ ᠢᠶᠠᠨ ᠦᠨᠳᠦᠰᠦᠯᠡᠨ᠂ ᠰᠠᠭᠤᠷᠢ ᠵᠤᠷᠪᠤᠰ ᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠪᠠᠷ ᠪᠠᠶᠢᠷᠢᠯᠠᠭᠤᠯᠬᠤ ᠬᠡᠷᠡᠭᠲᠡᠢ᠃ ᠠᠭᠤᠯᠭ᠎ᠠ ᠶᠢ ᠲᠣᠰ ᠰᠠᠯᠠᠭ᠎ᠠ ᠮᠥᠴᠢᠷ᠂ ᠲᠣᠰ ᠨᠢᠭᠡᠴᠡ ᠶᠢᠨ ᠣᠨ ᠤ ᠠᠵᠢᠯ ᠤᠨ ᠳ᠋ᠦᠩᠨᠡᠯᠲᠡ ᠠᠴᠠ ᠪᠣᠷᠣ ᠮᠠᠲ᠋ᠧᠷᠢᠶᠠᠯ ᠭᠠᠷᠭᠠᠨ ᠠᠪᠴᠤ᠂ ᠨᠠᠷᠢᠨ ᠬᠢᠨᠠᠮᠠᠭᠠᠢ ᠰᠢᠯᠢᠨ ᠰᠣᠩᠭᠤᠵᠤ᠂ ᠡᠮᠬᠢᠯᠡᠵᠦ᠂ ᠶᠠᠷᠢᠶ᠎ᠠ ᠬᠡᠯᠡᠯᠴᠡᠭᠡ᠂ ᠳ᠋ᠦᠩᠨᠡᠯᠲᠡ ᠶᠢᠨ ᠴᠢᠨᠠᠷᠲᠠᠢ ᠥᠰᠥᠭ ᠪᠢᠴᠢᠭ ᠢ ᠬᠠᠰᠤᠵᠤ᠂ ᠨᠢᠭᠡ ᠵᠢᠯ ᠤᠨ ᠭᠤᠣᠯ ᠪᠣᠯᠬᠤ ᠠᠵᠢᠯ ᠢᠶᠠᠨ ᠰᠢᠷᠭᠠᠭᠠᠨ ᠪᠣᠯᠪᠠᠰᠤᠷᠠᠭᠤᠯᠵᠤ᠂ ᠣᠨᠣᠪᠴᠢᠲᠠᠶ ᠲᠡᠮᠳᠡᠭᠯᠡᠵᠦ᠂ ᠠᠵᠢᠯ ᠤᠨ ᠠᠭᠤᠯᠭ᠎ᠠ ᠶᠢ ᠦᠨᠡᠨ ᠪᠣᠳᠠᠲᠠᠢ ᠂ ᠪᠥᠬᠦ ᠲᠠᠯ᠎ᠠ ᠪᠠᠷ ᠲᠤᠰᠬᠠᠬᠤ ᠮᠥᠷᠲᠡᠭᠡᠨ ᠪᠠᠰᠠ ᠰᠠᠯᠠᠭ᠎ᠠ ᠮᠥᠴᠢᠷ ᠤᠨ ᠣᠨᠴᠠᠯᠢᠭ ᠢ ᠳᠣᠪᠤᠶᠢᠯᠭᠠᠬᠤ ᠬᠡᠷᠡᠭᠲᠡᠢ᠃      3᠂ ᠡᠯ᠎ᠡ ᠲᠣᠮᠣ ᠠᠵᠤ ᠠᠬᠤᠶᠢᠯᠠᠯ ᠤᠳ ᠣᠨ ᠤ ᠦᠢᠯᠡᠳᠪᠦᠷᠢᠯᠡᠯ᠂ ᠡᠵᠡᠩᠨᠡᠯᠲᠡ᠂ ᠬᠠᠮᠢᠶᠠᠷᠤᠯᠲᠠ᠂ ᠰᠤᠳᠤᠯᠤᠨ ᠨᠡᠭᠡᠭᠡᠬᠦ᠂ ᠠᠶᠤᠯ ᠦᠭᠡᠢ ᠦᠢᠯᠡᠳᠪᠦᠷᠢᠯᠡᠯ ᠵᠡᠷᠭᠡ ᠶᠢ ᠦᠨᠳᠦᠰᠦᠯᠡᠨ ᠰᠠᠭᠤᠷᠢ ᠵᠤᠷᠪᠤᠰ ᠲᠣᠬᠢᠷᠠᠭᠤᠯᠵᠤ᠂ ᠲᠤᠰ ᠣᠨ ᠤ ᠠᠵᠤ ᠠᠬᠤᠢ ᠶᠢᠨ ᠭᠦᠢᠴᠡᠳᠬᠡᠬᠦ ᠲᠤᠭ᠎ᠠ ᠶᠢ ᠪᠡᠶᠡᠯᠡᠭᠦᠯᠦᠭᠰᠡᠨ᠂ ᠰᠠᠭᠤᠷᠢ ᠪᠦᠲᠦᠭᠡᠨ ᠪᠠᠶᠢᠭᠤᠯᠤᠯᠲᠠ᠂ ᠲᠥᠷᠥᠯ ᠵᠦᠢᠯ ᠤᠨ ᠠᠬᠢᠴᠠ ᠵᠡᠷᠭᠡ ᠪᠠᠶᠢᠳᠠᠯ ᠢᠶᠠᠨ ᠠᠭᠤᠯᠭ᠎ᠠ ᠶᠢᠨ ᠲᠠᠯ᠎ᠠ ᠪᠠᠷ ᠲᠡᠮᠳᠡᠭᠯᠡᠨ ᠲᠣᠭᠠᠴᠢᠬᠤ ᠬᠡᠷᠡᠭᠲᠡᠢ᠃      4᠂ ᠬᠤᠰᠢᠭᠤ ᠰᠢᠶᠠᠨ ᠲᠣᠭᠤᠷᠢᠭ ᠤᠨ ᠰᠠᠭᠤᠷᠢ ᠵᠤᠷᠪᠤᠰ ᠤᠨ ᠲᠥᠷᠥᠯ ᠢᠯᠭᠠᠯ ᠤᠨ ᠠᠭᠤᠯᠭ᠎ᠠ ᠪᠠ ᠲᠠᠰ ᠳᠠᠷᠠᠭᠠᠯᠠᠯ ᠨᠢ᠄ ﹇ᠨᠠᠮ ᠤᠨ ᠬᠤᠷᠢᠶ᠎ᠠ﹈᠂ ﹇ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ﹈᠂ ﹇ᠵᠠᠰᠠᠭ ᠤᠨ ᠣᠷᠳᠣᠨ﹈᠂ ﹇ᠤᠯᠤᠰ ᠲᠦᠷᠦ ᠶᠢᠨ ᠵᠥᠪᠯᠡᠯᠭᠡᠨ﹈᠂ ﹇ᠪᠠᠶᠢᠭᠠᠯᠢ ᠶᠢᠨ ᠡᠬᠢ ᠪᠠᠶᠠᠯᠢᠭ﹈᠂ ﹇ᠲᠠᠷᠢᠶᠠᠯᠠᠩ ᠮᠠᠯ ᠠᠵᠤ ᠠᠬᠤᠢ﹈᠂ ﹇ᠤᠢ ᠰᠢᠭᠤᠢ﹈᠂ ﹇ᠤᠰᠤᠨ ᠠᠰᠢᠭᠯᠠᠯᠲᠠ﹈᠂ ﹇ᠠᠵᠤ ᠦᠢᠯᠡᠳᠪᠦᠷᠢ﹈᠂ ﹇ᠬᠤᠳᠠ ᠪᠠᠯᠭᠠᠰᠤᠨ ᠤ ᠪᠦᠲᠦᠭᠡᠨ ᠪᠠᠶᠢᠭᠤᠯᠤᠯᠲᠠ﹈᠂ ﹇ᠣᠷᠴᠢᠨ ᠠᠬᠤᠢ ᠶᠢᠨ ᠬᠠᠮᠠᠭᠠᠯᠠᠯᠲᠠ﹈᠂ ﹇ᠵᠠᠮ ᠬᠠᠷᠢᠯᠴᠠᠭ᠎ᠠ ᠴᠠᠬᠢᠯᠭᠠᠨ ᠬᠤᠯᠪᠣᠭ᠎ᠠ﹈᠂ ﹇ᠠᠷᠠᠯᠵᠢᠶᠠᠨ ᠤ ᠪᠣᠭᠤᠮᠲᠠ﹈᠂ ﹇ᠵᠢᠭᠤᠯᠴᠢᠯᠠᠯ ᠤᠨ ᠦᠢᠯᠡᠰ﹈᠂ ﹇ᠦᠢᠯᠡᠴᠢᠯᠡᠭᠡᠨ ᠤ ᠦᠢᠯᠡᠰ﹈᠂ ﹇ᠮᠥᠩᠭᠦᠨ ᠭᠦᠢᠯᠭᠡᠭᠡ ᠳᠠᠭᠠᠳᠬᠠᠯ﹈᠂ ﹇ᠰᠤᠷᠭᠠᠨ ᠬᠥᠮᠦᠵᠢᠯ﹈᠂ ﹇ᠰᠢᠨᠵᠢᠯᠡᠬᠦ ᠤᠬᠠᠭᠠᠨ ᠮᠡᠷᠭᠡᠵᠢᠯ﹈᠂ ﹇ᠰᠣᠶᠣᠯ﹈᠂ ﹇ᠡᠷᠡᠭᠦᠯ ᠬᠠᠮᠠᠭᠠᠯᠠᠯ﹈᠂ ﹇ᠪᠡᠶ᠎ᠡ ᠶᠢᠨ ᠲᠠᠮᠢᠷ﹈᠂ ﹇ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ﹈᠂ ﹇ᠤᠯᠠᠨ ᠨᠡᠶᠢᠲᠡ ᠶᠢᠨ ᠠᠮᠤᠷ ᠲᠦᠪᠰᠢᠨ﹈᠂ ﹇ᠬᠥᠮᠥᠨ ᠠᠮᠠ ᠪᠠ ᠠᠷᠠᠳ ᠤᠨ ᠠᠮᠢᠳᠤᠷᠠᠯ﹈      5᠂  ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ ᠰᠠᠯᠠᠭ᠎ᠠ ᠮᠥᠴᠢᠷ ︵ᠰᠢᠰᠲ᠋ᠧᠮ ᠤᠨ ᠠᠵᠢᠯ ᠲᠥᠷᠥᠯ ᠪᠠᠭᠲᠠᠨ᠎ᠠ︶᠂ ᠡᠯ᠎ᠡ ᠨᠢᠭᠡᠴᠡ ᠶᠢᠨ ᠲᠤᠰ ᠵᠢᠯ  ᠳᠤ ᠭᠠᠷᠤᠭᠰᠠᠨ ᠴᠢᠬᠤᠯᠠ ᠶᠡᠭᠡ ᠠᠵᠢᠯᠯᠠᠭ᠎ᠠ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠴᠢᠬᠤᠯᠠ ᠠᠮᠵᠢᠯᠲᠠ ᠪᠦᠲᠦᠮᠵᠢ᠂ ᠴᠢᠬᠤᠯᠠ ᠶᠡᠭᠡ ᠰᠢᠨ᠎ᠡ ᠰᠣᠷᠭᠤᠭ ᠬᠡᠷᠡᠭ᠂ ᠴᠢᠬᠤᠯᠠ ᠪᠦᠬᠦᠢ ᠳᠠᠭᠠᠯᠲᠠ ᠵᠢᠷᠤᠭ᠂ ᠭᠡᠷᠡᠯ ᠵᠢᠷᠤᠭ᠃      ︵ᠳᠥᠷᠪᠡ︶ ᠶᠡᠭᠡ ᠬᠡᠷᠡᠭ ᠤᠨ ᠲᠡᠮᠳᠡᠭᠯᠡᠯ      ᠨᠠᠮ ᠪᠠ ᠤᠯᠤᠰ᠂ ᠥᠪᠡᠷᠲᠡᠭᠡᠨ ᠵᠠᠰᠠᠬᠤ ᠣᠷᠣᠨ ᠤ ᠤᠳᠤᠷᠢᠳᠬᠤ ᠬᠥᠮᠥᠰ ᠮᠠᠨ ᠤ ᠬᠤᠲᠠ ᠳᠤ ᠢᠷᠡᠵᠦ ᠠᠵᠢᠯ ᠪᠠᠶᠢᠴᠠᠭᠠᠵᠤ᠂ ᠠᠵᠢᠯᠯᠠᠭ᠎ᠠ ᠶᠢᠨ ᠪᠠᠶᠢᠳᠠᠯ ᠢ ᠰᠢᠨᠵᠢᠯᠡᠨ ᠪᠠᠶᠢᠴᠠᠭᠠᠭᠰᠠᠨ︔ ᠬᠤᠲᠠ ᠶᠢᠨ ᠭᠤᠣᠯ ᠤᠳᠤᠷᠢᠳᠤᠯᠭ᠎ᠠ ᠶᠢᠨ ᠴᠢᠬᠤᠯᠠ ᠠᠵᠢᠯᠯᠠᠭ᠎ᠠ︔ ᠡᠯ᠎ᠡ ᠬᠤᠰᠢᠭᠤ ᠰᠢᠶᠠᠨ᠂ ᠡᠯ᠎ᠡ ᠰᠠᠯᠠᠭ᠎ᠠ ᠮᠥᠴᠢᠷ ᠪᠣᠯᠣᠨ ᠡᠯ᠎ᠡ ᠠᠵᠢᠯ ᠲᠥᠷᠥᠯ ᠳᠤ ᠡᠭᠦᠰᠦᠭᠰᠡᠨ ᠴᠢᠬᠤᠯᠠ ᠨᠥᠯᠥᠭᠡ ᠲᠠᠢ ᠶᠡᠭᠡ ᠶᠠᠪᠤᠳᠠᠯ᠂ ᠴᠢᠬᠤᠯᠠ ᠶᠠᠪᠤᠳᠠᠯ᠂ ᠰᠢᠨ᠎ᠡ ᠶᠠᠪᠤᠳᠠᠯ᠂ ᠣᠨᠴᠠᠭᠠᠶ ᠶᠠᠪᠤᠳᠠᠯ᠃ ᠡᠭᠦᠨ ᠤ ᠬᠠᠮᠲᠤ ᠭᠡᠷᠡᠯ ᠵᠢᠷᠤᠭ ᠢ ᠳᠠᠭᠠᠯᠳᠤᠭᠤᠯᠤᠨ᠎ᠠ᠃      ︵ᠲᠠᠪᠤ︶ ᠢᠷᠠᠭᠤ ᠠᠯᠳᠠᠷ      ᠤᠯᠤᠰ ᠤᠨ ᠳᠡᠰ ᠤᠨ᠂ ᠥᠪᠡᠷᠲᠡᠭᠡᠨ ᠵᠠᠰᠠᠬᠤ ᠣᠷᠣᠨ ᠤ ᠳᠡᠰ ᠤᠨ ︵ᠮᠤᠵᠢ ᠶᠠᠮᠤᠨ ᠤ ᠳᠡᠰ ᠤᠨ︶ ᠤᠨ ᠱᠠᠩᠨᠠᠯ ᠭᠥᠷᠳᠡᠭᠰᠡᠨ ᠬᠠᠮᠲᠤ ᠨᠡᠶᠢᠲᠡ ᠪᠠ ᠬᠤᠪᠢ ᠬᠥᠮᠥᠨ᠂ ᠪᠦᠬᠦ ᠲᠠᠯ᠎ᠠ ᠶᠢᠨ ᠴᠢᠨᠠᠷᠲᠠᠢ ᠪᠤᠶᠤ ᠣᠨᠴᠠᠭᠠᠶ ᠬᠦᠷᠢᠶᠡᠨ ᠳᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠥᠬᠢᠭᠦᠯᠦᠯ ᠢ ᠭᠥᠷᠳᠡᠭᠰᠡᠨ ᠲᠡᠷᠢᠭᠦᠨ ᠤ ᠬᠠᠮᠲᠤ᠂ ᠲᠡᠷᠢᠭᠦᠨ ᠤ ᠬᠤᠪᠢ ᠬᠥᠮᠥᠨ᠂ ᠬᠥᠳᠡᠯᠮᠦᠷᠢ ᠶᠢᠨ ᠵᠢᠱᠢᠶᠡᠴᠢ ︵ᠭᠤᠣᠯᠳᠠᠭᠤ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠠᠩᠭᠠᠨ᠎ᠠ᠃ ᠪᠦᠬᠦ ᠤᠯᠤᠰ ᠤᠨ ᠪᠠ ᠮᠤᠵᠢ ᠶᠠᠮᠤᠨ ᠤ ᠳᠡᠰ ᠤᠨ ᠬᠥᠳᠡᠯᠮᠦᠷᠢ ᠶᠢᠨ ᠵᠢᠱᠢᠶᠡᠴᠢ ᠳᠤ ᠲᠣᠪᠴᠢ ᠲᠠᠨᠢᠯᠴᠠᠭᠤᠯᠭ᠎ᠠ ᠶᠢᠨ ᠬᠡᠯᠪᠡᠷᠢ ᠪᠠᠷ ᠱᠠᠩᠨᠠᠯ ᠣᠯᠣᠭᠰᠠᠨ ᠨᠡᠷᠡᠶᠢᠳᠦᠯ᠂ ᠱᠠᠩᠨᠠᠯ ᠣᠯᠣᠭᠰᠠᠨ ᠴᠠᠭ᠂ ᠱᠠᠩᠨᠠᠯ ᠣᠯᠭᠤᠭᠰᠠᠨ ᠪᠠᠶᠢᠭᠤᠯᠭ᠎ᠠ ᠵᠡᠷᠭᠡ ᠶᠢ ᠲᠣᠳᠣᠷᠬᠠᠢ ᠪᠢᠴᠢᠵᠦ᠂ ᠬᠤᠪᠢ ᠬᠥᠮᠥᠨ ᠤ ᠱᠠᠩᠨᠠᠯ ᠣᠯᠣᠭᠰᠠᠨ ᠬᠥᠮᠥᠨ ᠤ ᠣᠪᠣᠭ ᠨᠡᠷ᠎ᠡ᠂ ᠬᠦᠢᠰᠦ᠂ ᠦᠨᠳᠦᠰᠦᠲᠡᠨ᠂ ᠠᠵᠢᠯᠯᠠᠵᠤ ᠪᠠᠶᠢᠭ᠎ᠠ ᠨᠢᠭᠡᠴᠢ ᠶᠢ ᠲᠣᠳᠣᠷᠬᠠᠶᠢᠯᠠᠬᠤ ᠶᠢᠨ ᠬᠠᠮᠲᠤ ᠭᠡᠷᠡᠯ ᠵᠢᠷᠤᠭ᠂ ᠪᠤᠰᠤᠳ ᠵᠢᠱᠢᠶᠡᠴᠢ ᠶᠢᠨ ᠬᠡᠷᠡᠭᠯᠡᠬᠦ ᠬᠦᠰᠦᠨᠦᠭᠲᠦ ᠶᠢᠨ ᠬᠡᠯᠪᠡᠷᠢ ᠶᠢ ᠳᠠᠭᠠᠯᠳᠤᠭᠤᠯᠤᠨ᠎ᠠ︶᠃      ︵ᠵᠢᠷᠭᠤᠭ᠎ᠠ︶ ᠵᠢᠷᠤᠭ      ᠵᠢᠷᠤᠭ᠂ ᠬᠡᠷᠡᠯ ᠵᠢᠷᠤᠭ ᠢ ᠠᠯᠢ ᠴᠢᠳᠠᠬᠤ ᠪᠠᠷ ᠥᠨᠳᠥᠷ ᠳᠦᠷᠰᠦ ᠶᠢᠨ ᠡᠯᠧᠮᠧᠨ᠋ᠲ᠂ ᠥᠨᠳᠥᠷ ᠲᠣᠳᠣᠴᠠ ᠶᠢᠨ ᠬᠡᠮᠵᠢᠶ᠎ᠡ ᠪᠠᠷ ᠬᠡᠪᠯᠡᠬᠦ ᠱᠠᠭᠠᠷᠳᠠᠯᠭ᠎ᠠ ᠳᠤ ᠨᠡᠶᠢᠴᠡᠬᠦ ᠶᠢ ᠰᠣᠩᠭᠤᠵᠤ᠂ ᠠᠭᠤᠯᠭ᠎ᠠ ᠶᠢᠨ ᠲᠠᠯ᠎ᠠ ᠪᠠᠷ ᠶᠠᠮᠤᠨ ᠤ ᠲᠠᠰ  ᠠᠴᠠ ᠳᠡᠭᠡᠭᠰᠢᠬᠢ ᠱᠠᠩᠨᠠᠯ ᠤᠨ ᠵᠦᠢᠯ ᠤᠨ ᠬᠤᠪᠢ ᠬᠥᠮᠥᠨ ᠤ ᠬᠡᠷᠡᠯ ᠵᠢᠷᠤᠭ  ᠠᠴᠠ ᠭᠠᠳᠠᠨ᠎ᠠ᠂ ᠴᠥᠮ ᠠᠵᠢᠯ ᠤᠨ ᠬᠡᠷᠡᠯ ᠵᠢᠷᠤᠭ᠂ ᠠᠬᠤᠢ ᠲᠠᠯᠠᠪᠠᠶ ᠶᠢᠨ ᠬᠡᠷᠡᠯ ᠵᠢᠷᠤᠭ᠂ ᠪᠣᠳᠠᠲᠤ ᠪᠣᠳᠠᠰ ᠤᠨ ᠬᠡᠷᠡᠯ ᠵᠢᠷᠤᠭ ᠵᠡᠷᠭᠡ ᠶᠢ ᠰᠣᠩᠭᠤᠨ᠎ᠠ᠃      ᠳᠥᠷᠪᠡ᠂ ᠠᠩᠬᠠᠷᠬᠤ ᠵᠦᠢᠯ      ︵ᠨᠢᠭᠡ︶ ᠣᠷᠣᠨ ᠲᠣᠭᠠᠨ ᠳᠤ ᠣᠷᠣᠭᠤᠯᠤᠭᠰᠠᠨ ᠨᠢᠭᠡᠴᠡ ᠨᠦᠭᠦᠳ ᠲᠤᠰᠬᠠᠢ ᠬᠥᠮᠥᠨ ᠲᠣᠭᠲᠠᠭᠠᠨ ᠡᠬᠡ ᠪᠢᠴᠢᠭ ᠨᠠᠶᠢᠷᠠᠭᠤᠯᠤᠨ ᠪᠢᠴᠢᠬᠦ᠂ ᠮᠡᠳᠡᠭᠦᠯᠦᠨ ᠬᠦᠷᠭᠡᠬᠦ ᠶᠢ ᠬᠠᠷᠢᠭᠤᠴᠠᠭᠤᠯᠵᠤ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠠᠴᠠ ᠴᠢᠩᠭ᠎ᠠ ᠬᠢᠨᠠᠨ ᠬᠠᠷᠭᠤᠭᠤᠯᠬᠤ ᠶᠢᠨ ᠬᠠᠮᠲᠤ ᠭᠠᠷ  ᠤᠨ ᠥᠰᠥᠭ ᠵᠢᠷᠤᠭᠰᠠᠨ ᠤ ᠲᠠᠷᠠᠭ᠎ᠠ ᠰᠠᠶ᠋ᠢ ᠮᠡᠳᠡᠭᠦᠯᠦᠨ ᠬᠦᠷᠭᠡᠵᠦ ᠪᠣᠯᠣᠨ᠎ᠠ᠃      ︵ᠬᠤᠶᠠᠷ︶ ᠣᠷᠣᠨ ᠲᠤᠭ᠎ᠠ ᠳᠤ ᠣᠷᠣᠭᠰᠠᠨ ᠨᠢᠭᠡᠴᠢ ᠡᠬᠡ ᠪᠢᠴᠢᠭ ᠢᠶᠠᠨ ᠮᠡᠳᠡᠭᠦᠯᠬᠦ ᠳᠡᠭᠡᠨ ᠵᠠᠪᠠᠯ ᠨᠢᠭᠤᠴᠠ ᠶᠢ ᠬᠠᠮᠠᠭᠠᠯᠠᠬᠤ ᠰᠠᠯᠠᠭ᠎ᠠ ᠮᠥᠴᠢᠷ ᠵᠢᠴᠢ ᠨᠢᠭᠤᠴᠠ ᠶᠢ ᠬᠠᠮᠠᠭᠠᠯᠠᠬᠤ ᠠᠵᠢᠯ ᠢ ᠬᠠᠷᠢᠭᠤᠴᠠᠵᠤ ᠪᠠᠶᠢᠭ᠎ᠠ ᠤᠳᠤᠷᠢᠳᠤᠯᠭ᠎ᠠ ᠪᠠᠷ ᠬᠢᠨᠠᠭᠤᠯᠤᠨ ᠬᠠᠷᠢᠭᠤᠴᠠᠭᠤᠯᠵᠤ᠂ ᠨᠢᠭᠤᠴᠠ ᠶᠢ ᠵᠠᠳᠠᠷᠠᠭᠤᠯᠬᠤ ᠦᠵᠡᠭᠳᠡᠯ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ︔ ᠦᠨᠳᠦᠰᠦᠲᠡᠨ᠂ ᠱᠠᠰᠢᠨ ᠰᠤᠷᠲᠠᠬᠤᠨ᠂ ᠭᠠᠳᠠᠭᠠᠳᠤ ᠳᠤ ᠬᠤᠯᠪᠣᠭᠳᠠᠬᠤ ᠵᠡᠷᠭᠡ ᠳᠤ ᠬᠤᠯᠪᠣᠭᠳᠠᠭᠰᠠᠨ ᠰᠡᠷᠭᠡᠭ ᠠᠰᠠᠭᠤᠳᠠᠯ ᠳᠤ᠂ ᠡᠬᠡ ᠪᠢᠴᠢᠭ ᠬᠠᠩᠭᠠᠬᠤ ᠨᠢᠭᠡᠴᠡ ᠨᠦᠭᠦᠳ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠨᠢᠭᠡᠳᠦᠯᠲᠡᠢ ᠪᠣᠯᠭᠠᠬᠤ ᠬᠡᠷᠡᠭᠲᠡᠢ᠃      ︵ᠭᠤᠷᠪᠠ︶ ︽ᠣᠨ ᠤ ᠲᠣᠯᠢ︾ 2022 ᠪᠣᠳᠢ ᠶᠢ ᠡᠷᠬᠡᠪᠰᠢ ᠢᠯᠡ ᠪᠠᠷ ᠬᠡᠪᠯᠡᠭᠦᠯᠬᠦ ᠬᠡᠷᠡᠭᠲᠡᠢ᠂ ᠡᠯ᠎ᠡ ᠱᠠᠲᠤ᠂ ᠡᠯ᠎ᠡ ᠨᠢᠭᠡᠴᠡ ᠨᠦᠭᠦᠳ ᠨᠠᠶᠢᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠰ ᠠᠵᠢᠯ ᠢ ᠴᠠᠭ ᠲᠤᠬᠠᠢ ᠳᠤᠨᠢ᠂ ᠨᠠᠶᠢᠷᠠᠭᠤᠯᠬᠤ ᠱᠠᠭᠠᠷᠳᠠᠯᠭ᠎ᠠ ᠶᠣᠰᠣᠭᠠᠷ᠂ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃      ᠲᠠᠪᠤ᠂ ᠴᠠᠭ ᠤᠨ ᠬᠢᠵᠠᠭᠠᠷ ᠪᠠ ᠮᠡᠳᠡᠭᠦᠯᠦᠨ ᠬᠦᠷᠭᠡᠬᠦ ᠠᠷᠭ᠎ᠠ ᠮᠠᠶ᠋ᠢᠭ      ᠣᠷᠣᠨ ᠲᠤᠭ᠎ᠠ ᠳᠤ ᠣᠷᠣᠭᠰᠠᠨ ᠨᠢᠭᠡᠴᠡ 2022 ᠣᠨ ᠤ 4 ᠰᠠᠷ᠎ᠠ ᠶᠢᠨ 15 ᠤ ᠡᠳᠦᠷ ᠠᠴᠠ ᠡᠮᠦᠨ᠎ᠡ᠂ ᠡᠯᠧᠺᠲᠷᠣᠨ ᠡᠬᠡ ᠪᠢᠴᠢᠭ ᠢᠶᠠᠨ ᠰᠢᠤᠳᠠᠨ ᠢᠶᠠᠷ bynesdfzbgs@163.com ᠢᠯᠡᠭᠡᠭᠡᠷᠡᠢ᠂ ᠴᠠᠭ ᠲᠤᠬᠠᠢ ᠳᠤᠨᠢ ᠮᠡᠳᠡᠭᠦᠯᠦᠨ ᠬᠦᠷᠭᠡᠭᠰᠡᠨ ᠦᠭᠡᠢ ᠨᠢᠭᠡᠴᠡ ᠳᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠶᠢᠨ ᠤᠲᠠᠰᠤ ᠪᠠᠷ ᠰᠢᠯᠲᠠᠭᠠᠨ ᠢ ᠨᠢ ᠲᠣᠳᠣᠷᠬᠠᠶᠢᠯᠠᠬᠤ ᠬᠡᠷᠡᠭᠲᠡᠢ᠂ ᠡᠰᠡ ᠲᠡᠭᠡᠪᠡᠯ ᠬᠤᠲᠠ ᠶᠢᠨ ᠵᠠᠰᠠᠭ ᠤᠨ ᠣᠷᠳᠣᠨ ᠪᠥᠬᠦ ᠬᠤᠲᠠ ᠳᠤ ᠵᠠᠷᠯᠠᠨ ᠰᠢᠭᠦᠮᠵᠢᠯᠡᠨ᠎ᠡ᠃      ᠬᠠᠷᠢᠯᠴᠠᠬᠤ ᠬᠥᠮᠥᠨ᠄ ᠴᠢᠨ ᠳ᠋ᠦᠩ  ᠸᠠᠩ ᠵᠢᠶᠠ ᠯᠢᠶᠠᠩ   ᠰᠠᠷᠠᠨ᠎ᠠ      ᠬᠠᠷᠢᠯᠴᠠᠬᠤ ᠤᠲᠠᠰᠤ᠄ 8655557 8655559      ᠬᠠᠷᠢᠯᠴᠠᠬᠤ ᠬᠠᠶ᠋ᠢᠭ᠄  ᠰᠢᠨᠬᠤᠸᠠ ᠪᠠᠷᠠᠭᠤᠨ ᠵᠡᠭᠡᠯᠢ ᠶᠢᠨ 1 ᠳ᠋ᠦᠭᠡᠷ ᠨᠣᠮᠧᠷᠲᠤ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ 5057 5096 ᠳ᠋ᠤᠭᠠᠷ ᠥᠷᠥᠭᠡ                                      ᠪᠠᠶᠠᠨᠨᠠᠭᠤᠷ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ                                           2022 ᠣᠨ ᠤ 3 ᠰᠠᠷ᠎ᠠ ᠶᠢᠨ 16 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ