ᠬᠡᠰᠡᠭ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ  ᠬᠦᠴᠦᠨ ᠦᠭᠡᠢ ᠪᠣᠯᠭᠠᠬᠤ ᠲᠤᠬᠠᠢ ᠪᠠᠶᠠᠨᠨᠠᠭᠤᠷ ᠬᠤᠳᠠ ᠶᠢᠨ ᠠᠷᠠᠳ ᠤᠨ ᠵᠠᠰᠠᠭ ᠤᠨ ᠣᠷᠳᠣᠨ  ᠤ ᠮᠡᠳᠡᠭᠳᠡᠯ
ᠨᠡᠶᠢᠲᠡᠯᠡᠭᠰᠡᠨ ᠴᠠᠭ᠄
2022/6/10
ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠭᠠᠭᠮᠤᠳᠤ ᠬᠢᠯᠢ ᠶᠢᠨ  ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠲᠠ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠮᠢᠶᠠᠷᠤᠯᠲᠠ  ᠶᠢ ᠴᠢᠩᠭᠠᠳᠬᠠᠬᠤ ᠶᠢᠨ ᠬᠠᠤᠯᠢ ᠳᠦᠷᠢᠮ ᠤᠨ ᠨᠢᠭᠡᠳᠦᠯᠲᠡᠢ ᠪᠠᠶᠢᠬᠤ ᠶᠢ ᠬᠠᠮᠠᠭᠠᠯᠠᠵᠤ᠂ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠦᠷᠭᠦᠯᠵᠢᠯᠡᠨ ᠬᠦᠴᠦᠨ ᠲᠠᠢ ᠪᠠᠶᠢᠬᠤ᠂ ᠬᠦᠴᠦᠨ ᠦᠭᠡᠢ ᠪᠣᠯᠭᠠᠬᠤ ᠪᠠ ᠬᠦᠴᠦᠨ ᠦᠭᠡᠢ ᠪᠣᠯᠭᠠᠬᠤ ᠶᠢ ᠨᠡᠶᠢᠲᠡᠯᠡᠬᠦ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠭᠠᠷᠴᠠᠭ ᠢ ᠨᠡᠶᠢᠲᠡᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠷᠭ᠎ᠠ ﹇2021﹈ 89 ᠳ᠋ᠦᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ 2022 ᠣᠨ ᠤ 5 ᠳ᠋ᠤᠭᠠᠷ ᠰᠠᠷ᠎ᠠ ᠶᠢᠨ 12 ᠤᠨ ᠡᠳᠦᠷ ᠤᠨ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ  ᠶᠢᠰᠦᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠶᠠᠷᠢᠯᠴᠠᠨ ᠪᠠᠲᠤᠯᠠᠭᠠᠳ᠂ 8 ᠬᠤᠪᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠦᠴᠦᠨ ᠦᠭᠡᠢ ᠪᠣᠯᠭᠠᠬᠤ ᠪᠠᠷ ᠲᠣᠭᠲᠠᠪᠠ᠃ ᠬᠦᠴᠦᠨ ᠦᠭᠡᠢ ᠪᠣᠯᠭᠠᠭᠰᠠᠨ ᠪᠢᠴᠢᠭ ᠮᠠᠲ᠋ᠧᠷᠢᠶᠠᠯ ᠨᠢ ᠳᠣᠣᠷᠠᠬᠢ ᠮᠡᠲᠦ᠄1᠂ ︽ᠪᠠᠶᠠᠨᠨᠠᠭᠤᠷ ᠬᠤᠳᠠ ᠶᠢᠨ 2013 ᠣᠨ ᠤ ᠤᠢ ᠰᠢᠭᠤᠢ ᠶᠢᠨ ᠳᠠᠭᠠᠳᠬᠠᠯ ᠤᠨ ᠵᠠᠷᠤᠳᠠᠯ ᠳᠤ ᠨᠥᠬᠦᠪᠦᠷᠢ ᠥᠭᠬᠦ ᠶᠢ ᠬᠡᠷᠡᠭᠵᠢᠭᠦᠯᠬᠦ ᠲᠥᠰᠥᠯ︾ ︵ᠪᠠᠶᠠᠨᠨᠠᠭᠤᠷ ᠠᠯᠪᠠᠨ ᠲᠠᠷᠬᠠᠭᠠᠭᠰᠠᠨ 〔2013〕 83  ᠳ᠋ᠤᠭᠠᠷ ᠲᠣᠭᠠᠲᠤ︶2᠂ ︽ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠲᠦᠷᠭᠡᠪᠴᠢᠯᠡᠨ ᠬᠥᠭᠵᠢᠭᠦᠯᠬᠦ ᠲᠤᠬᠠᠢ ᠬᠡᠷᠡᠭᠵᠢᠭᠦᠯᠬᠦ ᠰᠠᠨᠠᠯ︾ ︵ᠪᠠᠶᠠᠨᠨᠠᠭᠤᠷ ᠵᠠᠰᠠᠭ ᠠᠯᠪᠠᠨ ᠲᠠᠷᠬᠠᠭᠠᠭᠰᠠᠨ 〔2016〕 74 ᠳ᠋ᠦᠭᠡᠷ ᠲᠣᠭᠠᠲᠤ︶3᠂ ︽ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ︾ ︵ᠪᠠᠶᠠᠨᠨᠠᠭᠤᠷ ᠵᠠᠰᠠᠭ ᠠᠯᠪᠠᠨ ᠲᠠᠷᠬᠠᠭᠠᠭᠰᠠᠨ ﹇2016﹈ 96 ᠳ᠋ᠤᠭᠠᠷ ᠲᠣᠭᠠᠲᠤ︶4᠂ ︽ᠪᠠᠶᠠᠨᠨᠠᠭᠤᠷ ᠬᠤᠳᠠ ᠶᠢᠨ ᠤᠯᠠᠨ ᠨᠡᠶᠢᠲᠡ ᠶᠢᠨ ᠡᠬᠢ ᠪᠠᠶᠠᠯᠢᠭ ᠢ  ᠠᠷᠠᠯᠵᠢᠶᠠᠯᠠᠬᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠷᠭ᠎ᠠ︾ ︵ᠪᠠᠶᠠᠨᠨᠠᠭᠤᠷ ᠠᠯᠪᠠᠨ ᠲᠠᠷᠬᠠᠭᠠᠭᠰᠠᠨ 〔2016〕117  ᠳ᠋ᠤᠭᠠᠷ ᠲᠣᠭᠠᠲᠤ︶5᠂ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︿ᠣᠯᠠᠨ ᠲᠠᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠪᠡᠯᠡ ᠲᠣᠬᠢᠷᠠᠭᠤᠯᠭ᠎ᠠ ᠶᠢ ᠤᠯᠠᠮ ᠨᠢᠭᠡ ᠠᠯᠬᠤᠮ ᠠᠬᠢᠭᠤᠯᠬᠤ ᠲᠤᠬᠠᠢ ᠰᠠᠨᠠᠯ ᠤᠳ﹀ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾ ︵ᠪᠠᠶᠠᠨᠨᠠᠭᠤᠷ ᠵᠠᠰᠠᠭ ᠠᠯᠪᠠᠨ ᠲᠠᠷᠬᠠᠭᠠᠭᠰᠠᠨ ﹇2017﹈ 47 ᠳ᠋ᠤᠭᠠᠷ ᠲᠣᠭᠠᠲᠤ︶6᠂ ︽ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠪᠠᠶᠠᠨᠨᠠᠭᠤᠷ ᠬᠤᠳᠠ ᠶᠢᠨ ᠰᠠᠨᠠᠯ︾ ︵ᠪᠠᠶᠠᠨᠨᠠᠭᠤᠷ  ᠠᠯᠪᠠᠨ ᠲᠠᠷᠬᠠᠭᠠᠭᠰᠠᠨ 〔2018〕 50 ᠳ᠋ᠤᠭᠠᠷ ᠲᠣᠭᠠᠲᠤ︶ 7᠂ ︽ᠪᠠᠶᠠᠨᠨᠠᠭᠤᠷ ᠬᠤᠲᠠ ᠶᠢᠨ ᠮᠤᠨᠢ ᠠᠭᠤᠯᠠ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠰᠥᠯ︾ ︵ᠪᠠᠶᠠᠨᠨᠠᠭᠤᠷ ᠠᠯᠪᠠᠨ ᠲᠠᠷᠬᠠᠭᠠᠭᠰᠠᠨ ﹇2018﹈ 76 ᠳ᠋ᠤᠭᠠᠷ ᠲᠣᠭᠠᠲᠤ︶8᠂ ︽ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ︵ᠪᠠᠶᠠᠨᠨᠠᠭᠤᠷ ᠵᠠᠰᠠᠭ ᠠᠯᠪᠠᠨ ᠲᠠᠷᠬᠠᠭᠠᠭᠰᠠᠨ 〔2018〕 97 ᠳ᠋ᠤᠭᠠᠷ ᠲᠣᠭᠠᠲᠤ︶ᠲᠤᠰ ᠮᠡᠳᠡᠭᠳᠡᠯ ᠢ ᠪᠠᠭᠤᠯᠭᠠᠭᠰᠠᠨ ᠡᠳᠦᠷ ᠠᠴᠠ ᠡᠬᠢᠯᠡᠨ ᠳᠡᠭᠡᠷᠡᠬᠢ ᠪᠢᠴᠢᠭ ᠮᠠᠲ᠋ᠧᠷᠢᠶᠠᠯ ᠢ ᠴᠥᠮ ᠬᠡᠷᠡᠭᠵᠢᠭᠦᠯᠬᠦ ᠶᠢ ᠵᠣᠭᠰᠤᠭᠠᠬᠤ ᠬᠡᠷᠡᠭᠲᠡᠢ᠂ ᠲᠡᠭᠦᠨ ᠢᠶᠠᠷ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠨᠳᠦᠰᠦ ᠪᠠᠷᠢᠮᠲᠠ ᠪᠣᠯᠭᠠᠵᠤ ᠪᠣᠯᠬᠤ ᠦᠭᠡᠢ᠃                                ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ                                        2022 ᠣᠨ ᠤ 5 ᠰᠠᠷ᠎ᠠ ᠶᠢᠨ 19                                   ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ