ᠤᠷᠠᠳ ᠤᠨ ᠳᠤᠮᠳᠠᠳᠤ ᠬᠤᠰᠢᠭᠤᠨ ᠳᠤ ᠮᠥᠩᠭᠦᠨ ᠬᠦᠢᠯᠡᠰᠦ᠂ ᠰᠠᠯᠠᠭ᠎ᠠ ᠰᠤᠳᠠᠰᠤᠲᠤ ᠣᠶᠢᠮ᠎ᠠ ᠶᠢᠨ ᠴᠢᠯᠠᠭᠤᠵᠢᠮᠠᠯ ᠢ ᠢᠯᠡᠷᠡᠭᠦᠯᠪᠡ
ᠨᠡᠶᠢᠲᠡᠯᠡᠭᠰᠡᠨ ᠴᠠᠭ᠄
2022/9/23
      7 ᠰᠠᠷ᠎ᠠ ᠶᠢᠨ 27᠎ ᠤ ᠡᠳᠦᠷ᠂ ᠪᠠᠶᠠᠨᠨᠠᠭᠤᠷ ᠤᠨ ᠪᠠᠶᠢᠭᠠᠯᠢ ᠶᠢᠨ ᠮᠦᠽᠧᠢ ᠶᠢᠨ ᠡᠷᠲᠡᠨ ᠤ ᠠᠮᠢᠳᠤ ᠪᠣᠳᠠᠰ ᠤᠨ ᠪᠠᠶᠢᠴᠠᠭᠠᠯᠲᠠ ᠶᠢᠨ ᠳᠤᠭᠤᠶᠢᠯᠠᠩ ᠤᠨ ᠬᠢᠨ ᠤᠷᠠᠳ ᠤᠨ ᠳᠤᠮᠳᠠᠳᠤ ᠬᠤᠰᠢᠭᠤᠨ ᠤ ᠣᠩᠭᠤᠨ ᠪᠠᠯᠭᠠᠰᠤᠨ ᠤ  ᠸᠧᠨ ᠮᠢᠩ ᠨᠡᠭᠦᠷᠡᠰᠦᠨ ᠠᠭᠤᠷᠬᠠᠢ ᠶᠢᠨ ᠡᠷᠲᠡᠨ ᠤ ᠠᠮᠢᠳᠤ ᠪᠣᠳᠠᠰ ᠢ ᠰᠢᠯᠭᠠᠨ ᠪᠠᠶᠢᠴᠠᠭᠠᠬᠤ ᠳᠠᠭᠠᠨ᠂ ᠳᠣᠣᠷᠠᠳᠤ ᠶᠦᠷ ᠤᠨ ᠨᠢᠭᠡᠳᠦᠮᠡᠯ ᠭᠠᠵᠠᠷ ᠤᠨ ᠳᠠᠪᠬᠤᠷᠭ᠎ᠠ ᠠᠴᠠ ᠤᠷᠭᠤᠮᠠᠯ ᠤᠨ ᠴᠢᠯᠠᠭᠤᠵᠢᠮᠠᠯ ᠢ ᠢᠯᠡᠷᠡᠭᠦᠯᠵᠡᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠠᠨᠵᠢᠩ ᠤᠨ ᠡᠷᠲᠡᠨ ᠤ ᠠᠮᠢᠳᠤ ᠪᠣᠳᠠᠰ ᠤᠨ ᠰᠤᠳᠤᠯᠭᠠᠨ ᠤ ᠭᠠᠵᠠᠷ ᠠᠴᠠ ᠮᠥᠩᠭᠦᠨ ᠬᠦᠢᠯᠡᠰᠦ ᠪᠠ ᠰᠠᠯᠠᠭ᠎ᠠ ᠰᠤᠳᠠᠰᠤᠲᠤ ᠣᠶᠢᠮ᠎ᠠ ᠶᠢᠨ ᠴᠢᠯᠠᠭᠤᠵᠢᠮᠠᠯ ᠢᠶᠠᠷ ᠮᠠᠭᠠᠳᠯᠠᠨ ᠲᠣᠭᠲᠠᠭᠠᠭᠰᠠᠨ ᠨᠢ ᠡᠷᠲᠡᠨ ᠤ ᠶᠦᠷ ᠤᠨ ᠦᠶ᠎ᠡ ᠪᠣᠯᠣᠨ᠎ᠠ᠃
 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ