ᠪᠠᠶᠠᠨᠨᠠᠭᠤᠷ ᠤᠨ ᠵᠢᠯ ᠤᠨ ᠳᠤᠮᠳᠠᠴᠢ ᠮᠠᠯ ᠤᠨ ᠠᠷᠠᠴᠢᠯᠠᠭ᠎ᠠ ᠶᠢᠨ ᠬᠡᠮᠵᠢᠶ᠎ᠡ 2300 ᠲᠦᠮᠡ ᠳᠤ ᠬᠦᠷᠴᠦ᠂ ᠪᠠᠷᠢᠮᠵᠢᠶᠠᠵᠢᠭᠤᠯᠤᠭᠰᠠᠨ ᠬᠡᠪᠴᠢᠶᠡᠲᠦ ᠲᠡᠵᠢᠭᠡᠨ | ᠦᠷᠡᠵᠢᠭᠦᠯᠬᠦ ᠲᠠᠯᠠᠪᠠᠶ 4543 ᠪᠠᠶᠢᠵᠤ᠂ ᠬᠡᠪᠴᠢᠶ᠎ᠡ ᠶᠢᠨ ᠡᠵᠡᠯᠡᠬᠦ ᠬᠠᠷᠢᠴᠠᠯ ᠨᠢ 70% ᠠᠴᠠ ᠳᠡᠭᠡᠭᠰᠢᠬᠢ ᠳᠤ ᠬᠦᠷᠴᠡᠢ︔ ᠪᠠᠶᠠᠨᠨᠠᠭᠤᠷ ᠪᠣᠯ ᠪᠥᠬᠦ ᠤᠯᠤᠰ ᠤᠨ | ᠲᠤᠰᠬᠠᠢ ᠣᠷᠣᠨ ᠤ ᠲᠠᠰ ᠤᠨ ᠬᠤᠲᠠ ᠶᠢᠨ ᠳᠣᠲᠣᠷᠠᠬᠢ ᠳᠥᠷᠪᠡᠨ ᠤᠯᠠᠷᠢᠯ ᠳᠤ ᠲᠡᠩᠴᠡᠭᠦᠷᠢᠲᠡᠢ ᠪᠣᠷᠣᠯᠠᠭᠤᠯᠵᠤ ᠳᠡᠶᠢᠯᠬᠦ ᠴᠣᠷ ᠤᠨ ᠭᠠᠭᠴᠠ ᠠᠯᠠᠰᠢᠨ ᠬᠤᠨᠢ ᠲᠡᠵᠢᠭᠡᠨ | ᠡᠳ᠋ᠰᠢᠭᠦᠯᠬᠦ ᠰᠠᠭᠤᠷᠢᠨ ᠭᠠᠵᠠᠷ ᠮᠥᠨ᠂ ᠪᠥᠬᠦ ᠤᠯᠤᠰ ᠤᠨ ᠬᠠᠮᠤᠭ ᠤᠨ ᠲᠣᠮᠣ ᠣᠷᠭᠠᠨᠢᠭ ᠲᠦᠭᠦᠬᠡᠢ ᠰᠦ ᠦᠢᠯᠡᠳᠪᠦᠷᠢᠯᠡᠨ ᠡᠳ᠋ᠰᠢᠭᠦᠯᠬᠦ ᠰᠠᠭᠤᠷᠢᠨ ᠭᠠᠵᠠᠷ ᠮᠥᠨ᠂ ᠪᠥᠬᠦ | ᠤᠯᠤᠰ ᠤᠨ ᠭᠤᠷᠪᠠᠨ ᠲᠣᠮᠣ ᠢᠮᠠᠭᠠᠨ ᠨᠣᠯᠤᠥᠷ ᠤᠨ ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠭᠠᠵᠠᠷ ᠤᠨ ᠨᠢᠭᠡ ᠮᠥᠨ︔ ᠪᠠᠶᠠᠨᠨᠠᠭᠤᠷ ᠤᠨ ᠵᠢᠯ ᠳᠤᠮᠳᠠᠴᠢ ᠶᠢᠨ | ᠬᠤᠨᠢᠨ ᠮᠢᠬᠠᠨ ᠤ ᠭᠠᠷᠤᠯᠲᠠ 19.1 ᠲᠦᠮᠡᠨ ᠲᠣᠨ ᠳᠤ ᠬᠦᠷᠴᠦ᠂ ᠵᠢᠯ ᠤᠨ ᠬᠡᠰᠡᠭᠯᠡᠨ ᠵᠠᠬ᠎ᠠ ᠳᠡᠯᠭᠡᠭᠦᠷ ᠲᠤ ᠭᠠᠷᠭᠠᠭᠰᠠᠨ ᠬᠡᠮᠵᠢᠶ᠎ᠡ ᠨᠢ ᠪᠥᠬᠦ ᠤᠯᠤᠰ ᠲᠤ ᠲᠡᠷᠢᠭᠦᠯᠡᠵᠦ᠂ | ᠡᠪᠦᠯ ᠤᠨ ᠣᠯᠧᠮᠫᠢᠺ ᠤᠨ ᠴᠤᠭᠯᠠᠭᠠᠨ᠂ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠳᠡᠯᠡᠬᠡᠢ ᠶᠢᠨ ᠦᠵᠡᠰᠬᠦᠯᠡᠩ ᠤᠨ ᠴᠤᠭᠯᠠᠭᠠᠨ ᠵᠡᠷᠭᠡ ᠴᠢᠬᠤᠯᠠ | ᠠᠵᠢᠯᠯᠠᠭ᠎ᠠ ᠶᠢᠨ 50% ᠠᠴᠠ ᠳᠡᠭᠡᠭᠰᠢᠬᠢ ᠬᠤᠨᠢᠨ ᠮᠢᠬ᠎ᠠ ᠨᠢ ᠠᠳᠡ ᠠᠴᠠ ᠢᠷᠡᠯᠲᠡ ᠲᠠᠢ ᠶᠤᠮ᠃ | |