ᠮᠣᠩᠭᠤᠯ ᠬᠢᠲᠠᠳ ᠡᠮ ᠤᠨ ᠮᠠᠲ᠋ᠧᠷᠢᠶᠠᠯ
ᠨᠡᠶᠢᠲᠡᠯᠡᠭᠰᠡᠨ ᠴᠠᠭ᠄
2022/9/23
      ᠪᠠᠶᠠᠨᠨᠠᠭᠤᠷ ᠤᠨ ᠮᠣᠩᠭᠤᠯ ᠬᠢᠲᠠᠳ ᠡᠮ ᠤᠨ ᠮᠠᠲ᠋ᠧᠷᠢᠶᠠᠯ ᠤᠨ ᠳᠠᠷᠢᠬᠤ ᠲᠠᠯᠠᠪᠠᠶ ᠨᠢ 50 ᠲᠦᠮᠡᠨ ᠮᠦ ᠣᠷᠴᠢᠮ ᠪᠠᠶᠢᠵᠤ᠂ ᠴᠠᠭᠠᠨ ᠭᠤᠶᠣᠣ᠂  ᠤᠯᠠᠭᠠᠨ ᠭᠤᠶᠣᠣ ᠂ ᠭᠦᠷᠭᠦᠮ᠂ ᠴᠢᠨ᠋ᠸ᠎ᠠ ᠶᠢᠨ ᠬᠠᠷᠮᠠᠭ᠂ ᠬᠤᠨᠴᠢᠷ᠂ ᠰᠢᠬᠢᠷ ᠡᠪᠡᠰᠦ ᠵᠡᠷᠭᠡ ᠪᠠᠷ ᠭᠤᠣᠯᠯᠠᠵᠤ᠂ ᠡᠭᠦᠨ ᠳᠤ ︽ᠡᠯᠡᠰᠦᠨ ᠣᠷᠬᠤᠳᠠᠢ︾ ᠴᠠᠭᠠᠨ ᠭᠤᠶᠣᠣ ᠨᠢ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠲᠥᠷᠥᠯ ᠵᠦᠢᠯ ᠳᠤ ᠵᠢᠭᠰᠠᠭᠠᠭᠳᠠᠵᠤ᠂ ᠪᠣᠷᠣᠳᠣᠬᠤᠢ ᠶᠢᠨ ᠴᠢᠨ᠋ᠸ᠎ᠠ ᠶᠢᠨ ᠬᠠᠷᠮᠠᠭ᠂ ᠰᠢᠬᠢᠷ ᠡᠪᠡᠰᠦᠨ ᠤ ᠶᠠᠰᠤ ᠴᠢᠨᠠᠷ ᠨᠢ ᠴᠥᠮ ᠪᠥᠬᠦ ᠤᠯᠤᠰ ᠤᠨ ᠲᠡᠷᠢᠭᠦᠨ ᠳᠤ ᠣᠷᠣᠪᠠ︔ ᠪᠠᠶᠠᠨᠨᠠᠭᠤᠷ ᠬᠤᠳᠠ ︽ᠠᠮᠢ ᠠᠬᠤᠢ ᠪᠠᠷ ᠡᠯᠡᠰᠦ ᠶᠢ ᠲᠣᠭᠲᠠᠪᠤᠷᠢᠵᠢᠭᠤᠯᠬᠤ᠂ ᠠᠵᠤ ᠠᠬᠤᠢ ᠪᠠᠷ ᠡᠯᠡᠰᠦ ᠶᠢ ᠪᠣᠶᠢᠵᠢᠭᠤᠯᠬᠤ᠂ ᠤᠢ ᠰᠢᠭᠤᠢ ᠪᠠᠷ ᠡᠯᠡᠰᠦ ᠶᠢ ᠵᠠᠰᠠᠬᠤ︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠬᠤ ᠶᠠᠪᠤᠴᠠ ᠳᠤ᠂ ᠠᠵᠤ ᠠᠬᠤᠢ ᠶᠢᠨ ᠤᠢ ᠰᠢᠭᠤᠢ ᠶᠢᠨ ᠠᠵᠤ ᠦᠢᠯᠡᠰ ᠢ ᠠᠯᠬᠤᠮ ᠠᠯᠬᠤᠮ ᠢᠶᠠᠷ ᠪᠤᠵᠠᠭᠠᠶᠢᠷᠠᠭᠤᠯᠤᠨ ᠬᠦᠴᠦᠷᠬᠡᠭᠵᠢᠭᠦᠯᠪᠡ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ