ᠳ᠋ᠧᠩᠺᠧᠦ ᠰᠢᠶᠠᠨ ︽ᠰᠣᠶᠣᠯ ᠤᠨ ᠪᠠ ᠪᠠᠶᠢᠭᠠᠯᠢ ᠶᠢᠨ ᠥᠪ ᠤᠨ ᠡᠳᠦᠷ︾ ᠤᠨ ᠪᠣᠳᠠᠰ ᠤᠨ ᠪᠤᠰᠤ ᠰᠣᠶᠣᠯ ᠤᠨ ᠥᠪ ᠤᠨ ᠤᠬᠠᠭᠤᠯᠭ᠎ᠠ ᠦᠵᠡᠭᠦᠯᠦᠯᠭᠡ ᠶᠢᠨ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2022/9/23
      ᠣᠶᠢᠷ᠎ᠠ ᠳᠤ᠂ ᠳ᠋ᠧᠩᠺᠸᠤ ᠰᠢᠶᠠᠨ ᠤ 2022 ᠣᠨ ᠤ ︽ᠰᠣᠶᠣᠯ ᠤᠨ ᠪᠠ ᠪᠠᠶᠢᠭᠠᠯᠢ ᠶᠢᠨ ᠥᠪ ᠤᠨ ᠡᠳᠦᠷ︾ ᠤᠨ ᠪᠣᠳᠠᠰ ᠤᠨ ᠪᠤᠰᠤ ᠰᠣᠶᠣᠯ ᠤᠨ ᠥᠪ ᠤᠨ ᠤᠬᠠᠭᠤᠯᠭ᠎ᠠ ᠦᠵᠡᠭᠦᠯᠦᠯᠭᠡ ᠶᠢᠨ ᠭᠤᠣᠯ ᠰᠡᠳᠦᠪᠲᠦ ᠠᠵᠢᠯᠯᠠᠭ᠎ᠠ ᠵᠢᠴᠢ ᠰᠣᠶᠣᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠡᠬᠢᠯᠡᠯᠲᠡ ᠶᠢᠨ ᠶᠣᠰᠣᠯᠠᠯ ᠹᠦ᠋ ᠶᠤᠸᠠᠨ ᠲᠠᠯᠠᠪᠠᠶ ᠳᠤ ᠶᠠᠪᠤᠭᠳᠠᠪᠠ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠤᠯᠤᠰ ᠤᠨ ᠭᠤᠷᠪᠠᠳᠤᠭᠠᠷ ᠳᠡᠰ ᠤᠨ ᠰᠣᠶᠣᠯ ᠤᠨ ᠣᠷᠳᠣᠨ᠂ ᠪᠦᠬᠦ ᠣᠷᠣᠨ ᠤ ᠣᠨᠴᠠᠯᠢᠭᠲᠤ ᠰᠣᠶᠣᠯ ᠤᠨ ᠠᠭᠤᠳᠠᠮ ᠲᠠᠯᠠᠪᠠᠢ᠂ ᠪᠦᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠰᠣᠶᠣᠯ ᠤᠨ ᠵᠢᠱᠢᠶ᠎ᠡ ᠦᠵᠡᠭᠦᠯᠬᠦ ᠡᠷᠦᠬᠡ ᠳᠤ ᠫᠠᠶᠢᠰᠠ ᠢᠯᠡᠷᠬᠡᠶᠢᠯᠡᠯ ᠣᠯᠭᠤᠵᠤ᠂  ᠳ᠋ᠧᠩᠺᠧᠦ ᠰᠢᠶᠠᠨ ᠤ ᠰᠣᠶᠣᠯ ᠵᠤᠭᠠᠴᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠳᠤ ᠦᠢᠯᠡᠴᠢᠯᠡᠭᠡᠨ ᠤ ᠠᠩᠭᠢ ᠶᠢᠨ ᠲᠤᠭ ᠣᠯᠭᠤᠵᠠᠢ᠃ ᠠᠵᠢᠯᠯᠠᠭ᠎ᠠ ᠳᠤ᠂ 15 ᠰᠢᠯᠢᠳᠡᠭ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠳᠤ ᠲᠤᠬᠠᠢ ᠶᠢᠨ ᠲᠠᠯᠠᠪᠠᠢ ᠶᠢᠨ ᠤᠷ᠎ᠠ ᠮᠡᠷᠭᠡᠵᠢᠯ ᠤᠨ ᠦᠵᠡᠭᠦᠯᠦᠯᠭᠡ ᠥᠷᠨᠢᠭᠦᠯᠵᠦ᠂  ᠳ᠋ᠧᠩᠺᠧᠦ ᠰᠢᠶᠠᠨ ᠤ ᠣᠶᠢᠷ᠎ᠠ ᠶᠢᠨ ᠵᠢᠯ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠦᠷ᠎ᠡ ᠪᠦᠲᠦᠭᠡᠯ ᠢ ᠤᠬᠠᠭᠤᠯᠤᠨ ᠳᠡᠯᠭᠡᠨ ᠦᠵᠡᠭᠦᠯᠵᠡᠢ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ