ᠳᠤᠮᠳᠠᠳᠤ ᠬᠤᠰᠢᠭᠤ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠶᠢᠨ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2022/9/23
      ᠪᠥᠬᠦ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭᠠᠮᠵᠢᠯᠠᠭᠴᠢ ᠶᠢᠨ ᠴᠢᠳᠠᠪᠤᠷᠢ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂  ᠤᠷᠠᠳ ᠤᠨ ᠳᠤᠮᠳᠠᠳᠤ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠰᠣᠶᠣᠯ ᠤᠨ ᠣᠷᠳᠣᠨ ᠤ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠥᠪ ᠠᠴᠠ ︽ᠣᠲᠣ ᠦᠶ᠎ᠡ ᠶᠢᠨ ᠠᠮᠢᠳᠤᠷᠠᠯ ᠢ ᠬᠤᠯᠪᠣᠵᠤ ᠬᠡᠷᠡᠯ ᠭᠢᠯᠪᠠᠭ᠎ᠠ ᠪᠠᠨ ᠰᠠᠴᠤᠷᠠᠭᠤᠯᠬᠤ︾ ᠪᠥᠬᠦ ᠬᠤᠰᠢᠭᠤ᠂ ᠬᠤᠲᠠ᠂ ᠲᠣᠭᠤᠷᠢᠭ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠨ ᠵᠠᠯᠭᠠᠮᠵᠢᠯᠠᠭᠴᠢ ᠶᠢᠨ ᠪᠣᠯᠪᠠᠰᠤᠷᠠᠯ ᠤᠨ ᠠᠩᠭᠢ ᠶᠢ ᠡᠷᠭᠢᠯᠡᠪᠡ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ