ᠳᠣᠯᠣᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠵᠦᠢᠯᠡᠰ ᠢ ᠨᠡᠶᠢᠲᠡᠯᠡᠪᠡ ᠮᠠᠨ ᠤ ᠬᠤᠲᠠ ᠶᠢᠨ 7 ᠵᠦᠢᠯᠡᠰ ᠨᠡᠷᠡᠰ ᠤᠨ ᠵᠢᠭᠰᠠᠭᠠᠯᠲᠠ ᠳᠤ ᠣᠷᠣᠪᠠ
ᠨᠡᠶᠢᠲᠡᠯᠡᠭᠰᠡᠨ ᠴᠠᠭ᠄
2022/9/23
      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠣᠯᠣᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠵᠦᠢᠯᠡᠰ ᠢ ᠨᠡᠶᠢᠲᠡᠯᠡᠬᠦ ᠲᠤᠬᠠᠢ ᠮᠡᠳᠡᠭᠳᠡᠯ ᠨᠡᠶᠢᠲᠡᠯᠡᠵᠦ᠂ 58 ᠵᠦᠢᠯᠡᠰ ᠢ ᠳᠣᠯᠣᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠵᠦᠢᠯᠡᠰ ᠢᠶᠠᠷ ᠨᠡᠷᠡᠶᠢᠳᠴᠦ᠂ 28 ᠵᠦᠢᠯᠡᠰ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠵᠦᠢᠯᠡᠰ ᠤᠨ ᠨᠡᠷᠡᠰ ᠤᠨ ᠵᠢᠭᠰᠠᠭᠠᠯᠲᠠ ᠶᠢ ᠥᠷᠭᠡᠳᠬᠡᠬᠦ ᠵᠦᠢᠯᠡᠰ ᠢᠶᠠᠷ ᠨᠡᠷᠡᠶᠢᠳᠬᠦ ᠪᠠᠷ ᠲᠣᠭᠲᠠᠪᠠ᠃ ᠮᠠᠨ ᠤ ᠬᠤᠲᠠ ᠶᠢᠨ 7 ᠲᠥᠷᠥᠯ ᠵᠦᠢᠯ ᠨᠡᠷᠡᠰ ᠤᠨ ᠵᠢᠭᠰᠠᠭᠠᠯᠲᠠ ᠳᠤ ᠣᠷᠣᠵᠤ᠂ ᠦᠶᠤᠸᠠᠨ ᠰᠢᠶᠠᠨ ᠤ ᠪᠣᠷᠣᠳᠣᠬᠤᠢ ᠶᠢᠨ ᠬᠤᠯᠪᠣᠭ᠎ᠠ᠂  ᠭᠤᠣᠯ ᠤᠨ ᠳ᠋ᠧᠩ ᠤᠨ ᠪᠠᠶᠠᠷ ᠪᠣᠯᠣᠨ  ᠳ᠋ᠧᠩᠺᠧᠦ ᠰᠢᠶᠠᠨ ᠤ ᠼᠤᠤ ᠨᠡᠷᠡᠬᠦ ᠮᠡᠷᠭᠡᠵᠢᠯ ᠨᠢ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠦᠷᠦᠯ ᠵᠦᠢᠯ ᠳᠤ ᠰᠣᠩᠭᠤᠭᠳᠠᠵᠠᠢ᠃  ᠤᠷᠠᠳ ᠤᠨ ᠬᠤᠶᠢᠲᠤ ᠬᠤᠰᠢᠭᠤᠨ ᠤ ᠤᠷᠠᠳ ᠠᠷᠠᠳ ᠤᠨ ᠳᠠᠭᠤᠤ᠂  ᠤᠷᠠᠳ ᠤᠨ ᠡᠮᠦᠨᠡᠲᠦ ᠬᠤᠰᠢᠭᠤᠨ ᠤ ᠡᠪᠡᠰᠦᠨ ᠭᠦᠷᠦᠮᠡᠯ᠂  ᠤᠷᠠᠳ ᠤᠨ ᠳᠤᠮᠳᠠᠳᠤ ᠬᠤᠰᠢᠭᠤᠨ ᠤ ᠴᠢᠯᠠᠭᠤᠨ ᠰᠡᠶᠢᠯᠦᠮᠡᠯ᠂ ᠪᠠᠶᠠᠨᠨᠠᠭᠤᠷ ᠬᠤᠲᠠ ᠶᠢᠨ ᠰᠢ ᠪᠧᠢ ᠶᠢᠨ ᠠᠮᠲᠠᠲᠤ ᠢᠳᠡᠭᠡᠨ ᠤ ᠤᠷᠠᠯᠢᠭ ᠤᠨ ᠰᠤᠷᠭᠠᠭᠤᠯᠢ ᠶᠢᠨ ᠭᠤᠯᠢᠷ ᠬᠤᠭᠤᠯᠠ ᠬᠢᠬᠦ ᠤᠷ᠎ᠠ ᠮᠡᠷᠭᠡᠵᠢᠯ ᠨᠢ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠦᠷᠦᠯ ᠵᠦᠢᠯ ᠤᠨ ᠨᠡᠷᠡᠰ ᠤᠨ ᠵᠢᠭᠰᠠᠭᠠᠯᠲᠠ ᠶᠢ ᠥᠷᠭᠡᠳᠬᠡᠬᠦ ᠲᠦᠷᠦᠯ ᠵᠦᠢᠯ ᠳᠤ ᠰᠣᠩᠭᠤᠭᠳᠠᠵᠠᠢ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ