︽ᠲᠡᠭᠷᠢ  ᠶᠢᠨ ᠬᠡᠰᠢᠭᠲᠦ ᠪᠣᠷᠣᠳᠣᠬᠤᠢ · ᠬᠤᠷᠢᠨ ᠳᠥᠷᠪᠡᠨ ᠴᠠᠭ ᠤᠯᠠᠷᠢᠯ︾ ᠭᠡᠬᠦ ᠰᠢᠷᠢᠰ ᠪᠠᠷᠢᠮᠲᠠᠲᠤ ᠺᠢᠨᠣ᠋ ᠶᠢᠨ ᠠᠩᠬᠠᠨ ᠤ  ᠪᠦᠯᠦᠭ ᠢ ᠨᠡᠶᠢᠲᠡᠯᠡᠭᠰᠡᠨ ᠤ ᠳᠠᠷᠠᠭ᠎ᠠ᠂ ᠣᠯᠠᠨ ᠢᠶᠠᠷ ᠢᠶᠠᠨ ᠢᠩᠭᠢᠵᠦ ᠬᠡᠯᠡᠪᠡ
ᠨᠡᠶᠢᠲᠡᠯᠡᠭᠰᠡᠨ ᠴᠠᠭ᠄
2022/9/23
      ᠳᠤᠮᠳᠠᠳᠤ ᠤᠯᠤᠰ ᠤᠨ ᠵᠢᠷᠭᠤᠭᠠᠳᠠᠭᠢ ᠲᠦᠷᠦᠯ ᠲᠡᠮᠳᠡᠭ ᠤᠨ ᠡᠳᠦᠷ᠂ ᠪᠠᠶᠠᠨᠨᠠᠭᠤᠷ ᠤᠨ ᠡᠳᠦᠷ ᠤᠨ ᠰᠣᠨᠢᠨ ᠤ ᠬᠤᠷᠢᠶᠠᠨ ᠤ ᠬᠠᠮ ᠵᠠᠭᠤᠴᠢᠯᠠᠭᠤᠷ ᠤᠨ ᠪᠦᠯᠬᠦᠮ ᠤᠨ ᠬᠢᠨ ᠤ ᠨᠠᠷᠢᠨ ᠨᠢᠮᠪᠠᠢ ᠵᠣᠬᠢᠶᠠᠨ ᠪᠦᠲᠦᠭᠡᠭᠰᠡᠨ ︽ᠪᠣᠷᠣᠳᠣᠬᠤᠢ ᠪᠣᠯ ᠶᠡᠷᠦ ᠠᠴᠠ ᠪᠠᠨ ᠪᠤᠶᠠᠨᠲᠤ ᠣᠷᠣᠨ ︱ ᠲᠡᠭᠷᠢ ᠶᠢᠨ ᠬᠡᠰᠢᠭᠲᠦ ᠪᠣᠷᠣᠳᠣᠬᠤᠢ · ᠬᠤᠷᠢᠨ ᠲᠦᠷᠪᠡᠨ ᠴᠠᠭ ᠤᠯᠠᠷᠢᠯ︾ ᠭᠡᠬᠦ ᠰᠢᠷᠢᠰ ᠪᠠᠷᠢᠮᠲᠠᠲᠤ ᠺᠢᠨᠣ᠋ ᠶᠢᠨ ᠠᠩᠬᠠᠨ ᠤ ᠪᠦᠯᠦᠭ ︽ᠵᠤᠨ ᠤ ᠠᠭᠤᠷ ᠣᠷᠣᠬᠤ︾ ᠵᠢᠩᠬᠢᠨᠢ ᠪᠠᠷ ᠨᠡᠶᠢᠲᠡᠯᠡᠭᠳᠡᠵᠡᠢ᠃      ᠲᠠᠰᠤᠷᠠᠰᠢ ᠦᠭᠡᠢ ᠤᠷᠤᠰᠴᠤ ᠪᠠᠶᠢᠭ᠎ᠠ ᠬᠠᠲᠤᠨ ᠭᠤᠣᠯ ᠤᠨ ᠤᠰᠤ᠂ ᠬᠥᠪᠡᠭᠡ ᠬᠢᠵᠠᠭᠠᠷ ᠨᠢ ᠬᠠᠷᠠᠭᠳᠠᠬᠤ ᠦᠭᠡᠢ ᠶᠡᠭᠡ ᠲᠠᠯ᠎ᠠ ᠭᠠᠵᠠᠷ᠂ ᠨᠣᠪ ᠨᠣᠭᠤᠭᠠᠨ ᠪᠤᠭᠤᠳᠠᠢ ᠶᠢᠨ ᠴᠢᠬᠢ᠂ ᠠᠩᠬᠢᠯᠤᠮ᠎ᠠ ᠰᠠᠶᠢᠬᠠᠨ ᠠᠮᠲᠠᠲᠤ ᠬᠡᠮᠬᠡ᠂ ᠰᠡᠷᠢᠭᠦᠨ ᠭᠤᠯᠢᠷ ᠤᠨ ᠶᠠᠯᠴᠢᠩ ᠁ ᠬᠥᠮᠥᠰ ᠪᠠᠷᠢᠮᠲᠠᠲᠤ ᠺᠢᠨᠣ᠋ ᠶᠢᠨ ᠭᠤᠶᠢᠳᠠ  ᠰᠠᠶᠢᠬᠠᠨ ᠳᠠᠭᠤᠤ ᠵᠢᠷᠤᠭ ᠢ ᠠᠮᠲᠠᠷᠬᠠᠨ ᠰᠣᠨᠢᠷᠬᠠᠵᠤ᠂ ︽ᠲᠡᠭᠷᠢ ᠶᠢᠨ ᠬᠡᠰᠢᠭᠲᠦ  ᠪᠣᠷᠣᠲᠣᠬᠤᠢ︾ ᠪᠣᠯᠣᠨ ᠬᠤᠷᠢᠨ ᠳᠥᠷᠪᠡᠨ ᠴᠠᠭ ᠤᠯᠠᠷᠢᠯ ᠤᠨ ᠲᠤᠬᠠᠢ ᠶᠠᠷᠢᠯᠴᠠᠬᠤ ᠶᠢᠨ ᠬᠠᠮᠲᠤ᠂ ᠨᠡᠩ ᠰᠠᠶᠢᠬᠠᠨ ᠢᠷᠡᠭᠡᠳᠦᠢ ᠶᠢ ᠬᠦᠰᠡᠨ ᠡᠷᠡᠮᠡᠯᠵᠡᠵᠦ᠂ ᠲᠥᠯᠥᠪᠯᠡᠵᠦ ᠪᠠᠶᠢᠯ᠎ᠠ ᠁      ᠳᠣᠣᠷ᠎ᠠ ᠪᠢᠳᠡ ᠬᠠᠮᠲᠤ ᠪᠠᠷ ᠢᠶᠠᠨ ︽ᠲᠡᠭᠷᠢ ᠶᠢᠨ ᠬᠡᠰᠢᠭᠲᠦ  ᠪᠣᠷᠣᠳᠣᠬᠤᠢ︾ ᠶᠢᠨ ᠡᠷᠬᠡ ᠣᠯᠭᠤᠭᠰᠠᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠣᠯᠣᠨ ᠮᠠᠨ ᠤ ᠬᠤᠳᠠ ᠶᠢᠨ ᠬᠡᠰᠡᠭ ᠰᠣᠶᠣᠯ ᠤᠨ  ᠬᠥᠮᠦᠰ ᠶᠠᠭᠠᠬᠢᠵᠤ ᠬᠡᠯᠡᠬᠦ ᠶᠢ ᠰᠣᠨᠣᠰᠤᠶ᠎ᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ