︽ᠲᠡᠭᠷᠢ  ᠶᠢᠨ ᠬᠡᠰᠢᠭᠲᠦ ᠪᠣᠷᠣᠳᠣᠬᠤᠢ︾ ᠶᠢᠨ ᠨᠠᠷᠠᠲᠤ ᠲᠡᠮᠳᠡᠭ ᠤᠨ ᠠᠭᠤᠯᠤᠭᠳᠠᠬᠤᠨ ᠢ ᠳᠠᠮᠵᠢᠭᠤᠯᠪᠠ
ᠨᠡᠶᠢᠲᠡᠯᠡᠭᠰᠡᠨ ᠴᠠᠭ᠄
2022/9/23
                    ᠵᠣᠣ ᠹᠧᠩ ᠪᠣᠷᠣᠳᠣᠬᠤᠢ ᠶᠢᠨ ᠭᠤᠯᠢᠷ ᠤᠨ ᠦᠢᠯᠡᠰ ᠤᠨ ᠶᠡᠷᠦᠩᠬᠡᠢ ᠵᠠᠬᠢᠷᠤᠭᠴᠢ                                           ᠪᠠᠢ ᠪᠦᠦ ᠯᠢᠨ      ︽ᠪᠣᠷᠣᠳᠣᠬᠤᠢ ᠪᠣᠯ ᠶᠡᠷᠦ ᠠᠴᠠ ᠪᠤᠶᠠᠨᠲᠤ ᠣᠷᠣᠨ ᠂  ᠲᠡᠭᠷᠢ  ᠶᠢᠨ ᠬᠡᠰᠢᠭᠲᠦ ᠪᠣᠷᠣᠳᠣᠬᠤᠢ · ᠬᠤᠷᠢᠨ ᠳᠥᠷᠪᠡᠨ ᠴᠠᠭ ᠤᠯᠠᠷᠢᠯ︾ ᠭᠡᠬᠦ ᠰᠢᠷᠢᠰ ᠪᠠᠷᠢᠮᠲᠠᠲᠤ ᠺᠢᠨᠣ᠋ ᠶᠢᠨ ᠠᠩᠬᠠᠨ ᠤ  ᠪᠦᠯᠦᠭ ︽ᠵᠣᠨ ᠤ ᠠᠭᠤᠷ ᠣᠷᠣᠬᠤ︾ ᠨᠢ ᠡᠬᠡ ᠪᠠᠶᠢᠭᠠᠯᠢ ᠶᠢᠨ ᠲᠣᠭᠤᠷᠢᠨ ᠳᠤ ᠪᠣᠷᠣᠳᠣᠬᠤᠢ ᠳᠤ ᠬᠠᠷᠠᠮ ᠦᠭᠡᠢ ᠣᠯᠭᠤᠭᠰᠠᠨ ᠳᠠᠪᠠᠭᠤᠯᠢᠭ ᠬᠡᠰᠢᠭ ᠢ ᠳᠠᠮᠵᠢᠭᠤᠯᠵᠠᠢ᠃ ᠤᠯᠠᠮᠵᠢᠯᠠᠯᠲᠤ ᠰᠣᠶᠣᠯ ᠤᠨ ᠰᠤᠳᠠᠰᠤ ᠪᠠᠷ ᠵᠤᠨ ᠤ ᠠᠭᠤᠷ ᠠᠮᠢᠰᠬᠤᠯ ᠤᠨ ᠴᠡᠪᠡᠷ ᠪᠣᠷᠣᠭᠵᠢᠭᠤᠨ ᠪᠣᠷᠣᠳᠣᠬᠤᠢ ᠶᠢᠨ ᠭᠤᠸ᠎ᠠ ᠰᠠᠶᠢᠬᠠᠨ᠂ ᠪᠣᠷᠣᠳᠣᠬᠤᠢ ᠶᠢᠨ ᠦᠨᠦᠷ ᠠᠮᠲᠠ ᠵᠢᠴᠢ ᠪᠣᠷᠣᠳᠣᠬᠤᠢ ᠶᠢᠨ ᠥᠨᠢ ᠤᠳᠠᠭᠠᠨ ᠭᠡᠷᠡᠯ ᠰᠠᠴᠤᠷᠠᠩᠭᠤᠢ ᠲᠠᠷᠢᠶᠠᠯᠠᠬᠤ ᠰᠣᠶᠣᠯ ᠢ ᠠᠭᠤᠰᠤᠯᠴᠠᠭᠤᠯᠵᠤ᠂ ᠰᠢᠨ᠎ᠡ ᠰᠣᠷᠭᠤᠭ ᠳᠦᠷᠰᠦ ᠰᠢᠩᠭᠡᠭᠡᠯᠲᠡ ᠶᠢᠨ ᠦᠭᠡ ᠬᠡᠯᠡ ᠪᠠᠷ ᠢᠯᠡᠷᠡᠭᠦᠯᠵᠦ᠂ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠥᠪᠡᠷᠮᠢᠴᠡ ᠷᠢᠳᠢ ᠰᠢᠳᠢ ᠶᠢ ᠦᠨᠡᠨ ᠪᠣᠳᠠᠲᠠᠢ ᠪᠠᠷ ᠢᠯᠡᠷᠡᠭᠦᠯᠵᠦ᠂ ︽  ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠲᠦᠷᠦᠯ ᠲᠡᠮᠳᠡᠭ ᠤᠨ ᠠᠭᠤᠯᠤᠭᠳᠠᠬᠤᠨ ᠢ ᠳᠠᠮᠵᠢᠭᠤᠯᠤᠭᠰᠠᠨ ᠪᠠᠶᠢᠨ᠎ᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ