ᠥᠪᠥᠷ ᠮᠣᠩᠭᠤᠯ ᠤᠨ ᠾᠧᠩ ᠹᠧᠩ ᠪᠦᠯᠦᠭᠯᠡᠯ ᠤᠨ ᠶᠢᠨ ᠯᠢᠶᠠᠩ ᠭᠤᠯᠢᠷ ᠤᠨ ᠦᠢᠯᠡᠰ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ | ᠸᠧᠢ ᠪᠥᠸᠧ | ᠪᠠᠶᠠᠨᠨᠠᠭᠤᠷ ᠤᠨ ᠡᠳᠦᠷ ᠤᠨ ᠰᠣᠨᠢᠨ ᠤ ᠬᠤᠷᠢᠶ᠎ᠠ ᠠᠴᠠ ︽ᠲᠡᠭᠷᠢ ᠶᠢᠨ ᠬᠡᠰᠢᠭᠲᠦ ᠪᠣᠷᠣᠳᠣᠬᠤᠢ︾ ᠪᠣᠯᠣᠨ ᠬᠤᠷᠢᠨ ᠳᠥᠷᠪᠡᠨ ᠴᠠᠭ ᠤᠯᠠᠷᠢᠯ ᠭᠡᠬᠦ ᠬᠤᠶᠠᠷ | ᠰᠣᠶᠣᠯ ᠤᠨ ᠲᠡᠮᠳᠡᠭ ᠢ ᠨᠢᠭᠡᠳᠬᠡᠵᠦ᠂ ︽ᠪᠣᠷᠣᠳᠣᠬᠤᠢ ᠪᠣᠯ ᠤᠤᠯ ᠠᠴᠠ ᠪᠠᠨ ᠪᠤᠶᠠᠨᠲᠤ ᠣᠷᠣᠨ ᠂ ᠲᠡᠭᠷᠢ ᠶᠢᠨ ᠬᠡᠰᠢᠭᠲᠦ ᠪᠣᠷᠣᠳᠣᠬᠤᠢ · ᠬᠤᠷᠢᠨ ᠲᠦᠷᠪᠡᠨ ᠴᠠᠭ | ᠤᠯᠠᠷᠢᠯ︾ ᠭᠡᠬᠦ ᠰᠢᠷᠢᠰ ᠪᠠᠷᠢᠮᠲᠠᠲᠤ ᠺᠢᠨᠣ᠋ ᠭᠠᠷᠭᠠᠬᠤ ᠨᠢ ᠪᠠᠶᠠᠨᠨᠠᠭᠤᠷ ᠤᠨ ᠳᠦᠷᠢ ᠲᠥᠷᠬᠦ᠂ ᠵᠣᠷᠢᠭ ᠰᠠᠨᠠᠭ᠎ᠠ᠂ ᠲᠡᠮᠳᠡᠭ ᠪᠣᠯᠣᠨ ᠴᠤᠭ ᠰᠦᠯᠳᠡ ᠶᠢ ᠤᠬᠠᠭᠤᠯᠬᠤ | ᠴᠢᠬᠤᠯᠠ ᠠᠴᠢᠶᠠᠯᠠᠪᠤᠷᠢ ᠪᠣᠯᠬᠤ ᠨᠢ ᠯᠠᠪᠲᠠᠢ ᠶᠤᠮ ᠭᠡᠵᠦ ᠵᠢᠭᠠᠵᠤ ᠭᠠᠷᠭᠠᠪᠠ᠃ ᠵᠤᠨ ᠤ ᠰᠡᠭᠦᠯᠴᠢ ᠪᠣᠯᠬᠤ ᠳᠤ᠂ ᠪᠣᠷᠣᠳᠣᠬᠤᠢ ᠶᠢᠨ ᠡᠬᠡ ᠭᠠᠵᠠᠷ ᠲᠤ ᠠᠮᠢᠵᠢᠷᠠᠯ ᠤᠨ | ᠬᠦᠴᠦᠨ ᠢᠶᠠᠷ ᠪᠢᠯᠬᠠᠵᠤ᠂ ᠨᠣᠮᠢᠨ ᠨᠣᠭᠤᠭᠠᠨ ᠪᠤᠭᠤᠳᠠᠢ ᠶᠢᠨ ᠲᠠᠷᠢᠶᠠᠨ ᠳᠤ ᠬᠦᠰᠡᠯ ᠡᠷᠡᠮᠡᠯᠵᠡᠯ ᠤᠨ ᠵᠢᠷᠤᠭ ᠳᠡᠯᠭᠡᠭᠳᠡᠭᠰᠡᠨ ᠮᠡᠲᠦ ᠬᠠᠷᠠᠭᠳᠠᠨ᠎ᠠ᠃ ᠾᠧᠩ ᠹᠧᠩ ᠺᠣᠮᠫᠠᠨᠢ | ᠴᠢᠨᠠᠷ ᠰᠠᠶᠢᠲᠠᠢ ᠪᠤᠭᠤᠳᠠᠢ ᠡᠯᠪᠡᠭ ᠭᠠᠷᠳᠠᠭ ᠪᠣᠷᠣᠳᠣᠬᠤᠢ ᠶᠢᠨ ᠲᠠᠯ᠎ᠠ ᠭᠠᠵᠠᠷ ᠲᠤ ᠲᠦᠰᠢᠭᠯᠡᠨ᠂ ᠪᠣᠷᠣᠳᠣᠬᠤᠢ ᠶᠢᠨ ᠭᠠᠵᠠᠷ ᠣᠷᠣᠨ ᠤ ᠳᠠᠪᠠᠭᠤᠯᠢᠭ᠂ ᠲᠦᠷᠦᠯ | ᠲᠡᠮᠳᠡᠭ ᠤᠨ ᠳᠠᠪᠠᠭᠤᠯᠢᠭ᠂ ᠪᠦᠲᠦᠭᠡᠭᠳᠡᠬᠦᠨ ᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ ᠢᠳᠡᠭᠡᠨ ᠤ ᠠᠵᠢᠯ ᠲᠦᠷᠦᠯ ᠤᠨ ᠡᠷᠡᠭᠦᠯ ᠢᠶᠠᠷ ᠬᠥᠭᠵᠢᠬᠦ ᠶᠢ ᠬᠥᠲᠥᠯᠥᠨ | ᠳᠠᠭᠠᠭᠤᠯᠵᠤ᠂ ᠳᠤᠮᠳᠠᠳᠤ ᠤᠯᠤᠰ ᠤᠨ ᠦᠨᠳᠦᠰᠦᠲᠡᠨ ᠤ ᠠᠵᠤ ᠦᠢᠯᠡᠳᠪᠦᠷᠢ ᠶᠢ ᠬᠥᠭᠵᠢᠭᠦᠯᠦᠨ ᠮᠠᠨᠳᠤᠭᠤᠯᠬᠤ ᠳᠤ ᠭᠡᠷᠡᠯ ᠰᠠᠴᠤᠷᠠᠩᠭᠤᠢ ᠬᠠᠭᠤᠳᠠᠰᠤ ᠶᠢ ᠪᠢᠴᠢᠭᠯᠡᠭᠰᠡᠨ | ᠪᠠᠶᠢᠨ᠎ᠠ᠃ | |