ᠨᠡᠩ ᠤᠯᠠᠨ  ᠬᠥᠮᠦᠰ ᠲᠤ ᠪᠣᠷᠣᠳᠣᠬᠤᠢ ᠶᠢᠨ ᠰᠣᠶᠣᠯ ᠢ ᠨᠡᠩ ᠰᠢᠭᠤᠳ ᠣᠶᠢᠯᠠᠭᠠᠭᠤᠯᠤᠨ᠎ᠠ
ᠨᠡᠶᠢᠲᠡᠯᠡᠭᠰᠡᠨ ᠴᠠᠭ᠄
2022/9/23
               ᠥᠪᠥᠷ ᠮᠣᠩᠭᠤᠯ ᠤᠨ ᠰᠢᠦᠢ ᠢ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ                                                 ᠵᠠᠩ ᠵᠢᠢ ᠰᠢᠨ       ᠵᠣᠨ ᠤ ᠠᠭᠤᠷ ᠣᠷᠣᠬᠤ ᠪᠣᠯ ᠲᠦᠮᠡᠨ ᠪᠣᠳᠠᠰ ᠤᠨ ᠥᠰᠦᠯᠲᠡ ᠶᠢᠨ ᠬᠥᠭᠵᠢᠯᠲᠡᠢ ᠤᠯᠠᠷᠢᠯ ᠳᠤ ᠣᠷᠣᠭᠰᠠᠨ ᠢ ᠬᠠᠷᠠᠭᠤᠯᠤᠭᠰᠠᠨ ᠴᠢᠬᠤᠯᠠ ᠴᠠᠭ ᠤᠯᠠᠷᠢᠯ ᠪᠣᠯᠬᠤ ᠶᠢ ᠨᠡᠩ ᠤᠯᠠᠨ ᠬᠥᠮᠥᠰ ᠲᠤ ᠣᠶᠢᠯᠠᠭᠠᠭᠤᠯᠬᠤ ᠪᠣᠯᠣᠨ᠎ᠠ᠃ ︽ᠪᠣᠷᠣᠳᠣᠬᠤᠢ ᠪᠣᠯ ᠤᠤᠯ ᠠᠴᠠ ᠪᠠᠨ ᠪᠤᠶᠠᠨᠲᠤ ᠣᠷᠣᠨ ᠂ ᠲᠡᠭᠷᠢ  ᠶᠢᠨ ᠬᠡᠰᠢᠭᠲᠦ ᠪᠣᠷᠣᠳᠣᠬᠤᠢ · ᠬᠤᠷᠢᠨ ᠲᠦᠷᠪᠡᠨ ᠴᠠᠭ ᠤᠯᠠᠷᠢᠯ︾ ᠭᠡᠬᠦ ᠰᠢᠷᠢᠰ ᠪᠠᠷᠢᠮᠲᠠᠲᠤ  ᠺᠢᠨᠣ᠋ ᠶᠢ ᠨᠠᠷᠢᠯᠢᠭ ᠰᠡᠭᠦᠳᠡᠷᠯᠡᠵᠦ᠂ ᠵᠢᠷᠤᠭ ᠳᠦᠷᠰᠦ ᠨᠢ ᠮᠠᠰᠢ ᠴᠢᠩᠭ᠎ᠠ ᠬᠠᠷᠠᠭᠠᠨ ᠤ ᠰᠡᠷᠡᠯ ᠤᠨ ᠳᠠᠭᠠᠷᠢᠯᠲᠠ ᠶᠢᠨ ᠬᠦᠴᠦᠨ ᠲᠠᠢ ᠪᠠᠶᠢᠵᠤ᠂ ᠵᠠᠳᠠᠭᠠᠢ ᠰᠣᠶᠣᠯ ᠤᠨ ᠪᠦᠲᠦᠴᠡ ᠶᠢᠨ ᠬᠡᠯᠪᠡᠷᠢ ᠲᠠᠢ ᠤᠶᠠᠯᠳᠤᠭᠤᠯᠵᠤ᠂ ᠣᠬᠤᠷᠬᠠᠨ ᠬᠤᠭᠤᠴᠠᠭᠠᠨ ᠳᠤ ᠬᠠᠨᠤᠮᠠᠯ ᠮᠡᠳᠡᠭᠡ ᠵᠠᠩᠭᠢ ᠶᠢ ᠳᠠᠮᠵᠢᠭᠤᠯᠵᠤ᠂ ᠬᠥᠮᠥᠰ ᠲᠤ ᠮᠠᠰᠢ ᠴᠢᠩᠭ᠎ᠠ ᠭᠤᠸ᠎ᠠ ᠲᠠᠭᠠᠰᠢᠶᠠᠯ ᠤᠨ ᠲᠥᠷᠥᠭᠳᠡᠯ ᠣᠯᠭᠤᠨ᠎ᠠ᠃ ᠭᠤᠸ᠎ᠠ ᠰᠠᠶᠢᠬᠠᠨ ᠤ ᠲᠥᠷᠥᠭᠳᠡᠯ ᠪᠠ ᠤᠷᠠᠯᠢᠭᠴᠢ ᠴᠢᠨᠠᠷ ᠨᠢ ᠨᠡᠩ ᠤᠯᠠᠨ ᠬᠥᠮᠥᠰ ᠤᠨ ᠠᠩᠬᠠᠷᠤᠯ ᠢ ᠲᠠᠲᠠᠵᠤ᠂ ᠨᠡᠩ ᠤᠯᠠᠨ  ᠬᠥᠮᠦᠰ ᠲᠤ ᠪᠣᠷᠣᠳᠣᠬᠤᠢ ᠶᠢᠨ ᠰᠣᠶᠣᠯ ᠢ ᠨᠡᠩ ᠰᠢᠭᠤᠳ ᠣᠶᠢᠯᠠᠭᠠᠭᠤᠯᠤᠨ᠎ᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ