ᠪᠣᠷᠣᠳᠣᠬᠤᠢ ᠶᠢᠨ ᠣᠷᠣᠨ ᠨᠤᠲᠤᠭ ᠤᠨ ᠵᠠᠩ ᠠᠭᠠᠯᠢ
ᠨᠡᠶᠢᠲᠡᠯᠡᠭᠰᠡᠨ ᠴᠠᠭ᠄
2022/9/23
            ᠥᠪᠥᠷ ᠮᠣᠩᠭᠤᠯ ᠤᠨ ᠺᠢᠮᠪᠧᠷᠯᠢ ᠲᠠᠷᠢᠶᠠᠯᠠᠩ ᠤᠨ ᠲᠠᠯᠠᠪᠠᠢ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ                                            ᠬᠤᠤ ᠮᠢᠨ       ︽ᠪᠣᠷᠣᠳᠣᠬᠤᠢ ᠪᠣᠯ ᠤᠤᠯ ᠠᠴᠠ ᠪᠠᠨ ᠪᠤᠶᠠᠨᠲᠤ ᠣᠷᠣᠨ᠂ ᠲᠡᠭᠷᠢ ᠶᠢᠨ ᠬᠡᠰᠢᠭᠲᠦ ᠪᠣᠷᠣᠳᠣᠬᠤᠢ · ᠬᠤᠷᠢᠨ ᠲᠦᠷᠪᠡᠨ ᠴᠠᠭ ᠤᠯᠠᠷᠢᠯ︾ ᠭᠡᠬᠦ ᠰᠢᠷᠢᠰ ᠪᠠᠷᠢᠮᠲᠠᠲᠤ ᠺᠢᠨᠣ᠋ ᠠᠮᠢᠳᠤᠷᠠᠯ ᠳᠤ ᠣᠶᠢᠷᠠᠲᠤᠭᠰᠠᠨ ᠢ ᠮᠠᠰᠢ ᠰᠠᠶᠢᠨ ᠬᠠᠷᠠᠭᠤᠯᠵᠤ᠂ ᠪᠣᠷᠣᠳᠣᠬᠤᠢ ᠶᠢᠨ ᠣᠷᠣᠨ ᠨᠤᠲᠤᠭ ᠤᠨ ᠵᠠᠩ ᠠᠭᠠᠯᠢ ᠶᠢ ᠮᠠᠰᠢ ᠰᠠᠶᠢᠨ ᠬᠠᠷᠠᠭᠤᠯᠵᠠᠢ᠃ ᠤᠮᠠᠷᠠᠲᠤ ᠥᠷᠭᠡᠷᠢᠭ ᠤᠨ 40 ᠭᠷᠡᠳᠦ᠋ᠰ ᠤᠨ ᠰᠢᠵᠢᠷ ᠠᠯᠲᠠᠨ ᠲᠠᠷᠢᠮᠠᠯ ᠤᠨ ᠪᠦᠰᠡ ᠶᠢᠨ ᠨᠡᠷᠡᠨ ᠤ ᠲᠤᠰᠤᠯᠲᠠ ᠶᠢᠨ ᠴᠠᠭ ᠨᠢ ᠣᠷᠳᠣ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ  ᠨᠢ ᠶᠡᠭᠡ᠂ ᠪᠠᠶᠠᠨᠨᠠᠭᠤᠷ ᠤᠨ ᠥᠪᠡᠷᠮᠢᠴᠡ ᠣᠨᠴᠠᠯᠢᠭ ᠲᠠᠢ ᠲᠠᠷᠢᠮᠠᠯ ᠤᠨ ᠨᠥᠬᠦᠴᠡᠯ ᠨᠢ ᠺᠢᠮᠪᠧᠷᠯᠢ ᠺᠣᠮᠫᠠᠨᠢ ᠶᠢᠨ ᠳᠠᠷᠢᠭᠰᠠᠨ ᠪᠠᠯᠲᠤ ᠬᠡᠮᠬᠡ ᠶᠢᠨ ᠭᠠᠳᠠᠷ ᠪᠠᠶᠢᠳᠠᠯ ᠨᠢ ᠭᠤᠶᠣ ᠰᠠᠶᠢᠬᠠᠨ᠂ ᠠᠮᠲᠠ ᠨᠢ ᠲᠣᠬᠢᠷᠠᠮᠵᠢᠲᠠᠢ᠂ ᠠᠮᠲᠠ ᠨᠢ ᠬᠡᠦᠷᠡᠭ ᠪᠠᠶᠢᠵᠤ᠂ ᠪᠥᠬᠦ ᠤᠯᠤᠰ ᠤᠨ ᠨᠢᠭᠡᠳᠦᠭᠡᠷ ᠳᠡᠰ ᠤᠨ ᠬᠤᠲᠠ ᠳᠤ ᠮᠠᠰᠢ ᠥᠨᠳᠥᠷ ᠠᠯᠳᠠᠷᠰᠢᠯ ᠲᠠᠢ ᠪᠥᠭᠡᠳ ᠥᠷᠢᠰᠦᠯᠳᠦᠬᠦ ᠬᠦᠴᠦᠨ ᠲᠠᠢ ᠪᠠᠶᠢᠵᠤ᠂ ᠭᠠᠭᠴᠠ ᠪᠠᠯᠲᠤ ᠬᠡᠮᠬᠡ ᠶᠢᠨ ᠬᠤᠳᠠᠯᠳᠤᠬᠤ ᠦᠨ᠎ᠡ ᠨᠢ 200 ᠲᠥᠭᠦᠷᠢᠭ ᠲᠤ ᠭᠦᠷᠦᠭᠰᠡᠨ ᠪᠠᠶᠢᠨ᠎ᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ