︽ᠲᠡᠭᠷᠢ ᠶᠢᠨ ᠬᠡᠰᠢᠭᠲᠦ ᠪᠣᠷᠣᠲᠣᠬᠤᠢ︾ ᠶᠢ ᠬᠤᠷᠢᠨ ᠲᠦᠷᠪᠡᠨ ᠴᠠᠭ ᠤᠯᠠᠷᠢᠯ ᠲᠠᠢ ᠨᠢᠭᠲᠠ ᠬᠤᠯᠪᠣᠭᠰᠠᠨ ᠪᠠᠶᠢᠨ᠎ᠠ
ᠨᠡᠶᠢᠲᠡᠯᠡᠭᠰᠡᠨ ᠴᠠᠭ᠄
2022/9/23
                      ᠥᠪᠥᠷ ᠮᠣᠩᠭᠤᠯ ᠤᠨ ᠸᠠᠩ ᠶᠧ ᠳ᠋ᠢ ᠴᠠᠭᠠᠨ ᠭᠤᠶᠣᠣ ᠠᠮᠢᠳᠤ ᠪᠣᠳᠠᠰ ᠤᠨ ᠬᠢᠵᠠᠭᠠᠷᠲᠤ ᠺᠣᠮᠫᠠᠨᠢ ᠶᠢᠨ                                    ᠡᠭᠦᠳᠦᠭᠴᠢ᠂ ᠬᠡᠷᠡᠭ ᠮᠡᠳᠡᠭᠴᠢᠳ ᠤᠨ ᠳᠠᠷᠤᠭ᠎ᠠ                                                   ᠸᠧᠢ ᠵᠢᠶᠦ᠋ᠨ       ︽ᠲᠡᠭᠷᠢ ᠶᠢᠨ ᠬᠡᠰᠢᠭᠲᠦ ᠪᠣᠷᠣᠲᠣᠬᠤᠢ · ᠬᠤᠷᠢᠨ ᠲᠦᠷᠪᠡᠨ ᠴᠠᠭ ᠤᠯᠠᠷᠢᠯ︾ ᠭᠡᠬᠦ ᠰᠢᠷᠢᠰ ᠪᠠᠷᠢᠮᠲᠠᠲᠤ ᠺᠢᠨᠣ᠋ ᠳᠤ ︽ᠲᠡᠭᠷᠢ ᠶᠢᠨ ᠬᠡᠰᠢᠭᠲᠦ ᠪᠣᠷᠣᠲᠣᠬᠤᠢ︾ ᠶᠢ ᠬᠤᠷᠢᠨ ᠲᠦᠷᠪᠡᠨ ᠴᠠᠭ ᠤᠯᠠᠷᠢᠯ ᠲᠠᠢ ᠨᠢᠭᠲᠠ ᠬᠤᠯᠪᠣᠭᠰᠠᠨ ᠨᠢ ᠮᠠᠰᠢ ᠤᠷᠠᠨ ᠰᠠᠶᠢᠬᠠᠨ ᠨᠡᠶᠢᠯᠡᠯ ᠪᠣᠯᠣᠨ᠎ᠠ᠃ ᠶᠠᠭ ᠰᠠᠶᠢᠬᠠᠨ ᠬᠤᠷᠢᠨ ᠳᠥᠷᠪᠡᠨ ᠴᠠᠭ ᠤᠯᠠᠷᠢᠯ ᠨᠢ ᠴᠠᠭᠠᠨ ᠭᠤᠶᠣᠣ  ᠲᠠᠢ ᠨᠢᠭᠲᠠ ᠬᠤᠯᠪᠣᠯᠳᠤᠵᠤ ᠪᠠᠶᠢᠳᠠᠭ᠂ ᠨᠠᠷᠢᠮᠤ  ᠶᠢᠨ ᠪᠣᠷᠣᠭᠠᠨ ᠤ ᠤᠯᠠᠷᠢᠯ ᠪᠣᠯ ᠴᠠᠭᠠᠨ ᠭᠤᠶᠣᠣ ᠤᠯᠠᠭᠠᠨᠪᠤᠬ᠎ᠠ ᠶᠢᠨ  ᠡᠯᠡᠰᠦᠨ ᠴᠥᠯ ᠤᠨ ᠡᠯᠪᠡᠭ ᠬᠤᠷᠢᠶᠠᠯᠲᠠ  ᠶᠢᠨ ᠤᠯᠠᠷᠢᠯ ᠮᠥᠨ᠂ ᠵᠤᠨ ᠤ ᠠᠭᠤᠷ ᠪᠣᠯᠬᠤ ᠳᠤ ᠴᠠᠭᠠᠨ ᠭᠤᠶᠣᠣ ᠴᠡᠴᠡᠭᠯᠡᠬᠦ ᠬᠤᠭᠤᠴᠠᠭ᠎ᠠ ᠪᠠᠨ ᠤᠭᠲᠤᠨ ᠠᠪᠴᠢᠷᠠᠵᠤ᠂ ᠦᠷ᠎ᠡ ᠦᠷᠡᠵᠢᠭᠦᠯᠦᠨ ᠪᠣᠶᠢᠵᠢᠭᠤᠯᠬᠤ ᠶᠠᠪᠤᠴᠠ ᠪᠠᠨ ᠡᠬᠢᠯᠡᠭᠦᠯᠳᠡᠭ ᠶᠤᠮ᠃ ᠥᠪᠥᠷ ᠮᠣᠩᠭᠤᠯ ᠤᠨ ᠸᠠᠩ ᠶᠧ ᠳ᠋ᠢ ᠴᠠᠭᠠᠨ ᠭᠤᠶᠣᠣ ᠠᠮᠢᠳᠤ ᠪᠣᠳᠠᠰ ᠤᠨ ᠬᠢᠵᠠᠭᠠᠷᠲᠤ ᠺᠣᠮᠫᠠᠨᠢ ᠤᠯᠠᠭᠠᠨᠪᠤᠬ᠎ᠠ ᠶᠢᠨ ᠡᠯᠡᠰᠦ ᠶᠢ ᠬᠤᠷᠢᠭᠠᠳ ᠵᠢᠯ ᠵᠠᠰᠠᠵᠤ᠂ 3 ᠲᠦᠮᠡᠨ ᠮᠦ ᠣᠷᠭᠠᠨᠢᠭ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠭᠰᠠᠨ ᠪᠠᠶᠢᠨ᠎ᠠ᠃ ᠣᠲᠣ ᠪᠠᠶᠠᠨᠨᠠᠭᠤᠷ ᠤᠨ ᠡᠳᠦᠷ ᠤᠨ ᠰᠣᠨᠢᠨ ᠤ ᠬᠤᠷᠢᠶ᠎ᠠ ᠶᠢᠨ ᠤᠬᠠᠭᠤᠯᠭ᠎ᠠ ᠪᠠ ᠳᠡᠮᠵᠢᠯᠭᠡ ᠶᠢ ᠣᠯᠵᠤ᠂ ︽ᠲᠡᠭᠷᠢ ᠶᠢᠨ ᠬᠡᠰᠢᠭᠲᠦ ᠪᠣᠷᠣᠲᠣᠬᠤᠢ︾ ᠶᠢᠨ ᠲᠤᠷᠤᠨ᠎ᠠ ᠶᠢᠨ ᠰᠠᠯᠬᠢᠨ ᠤ ᠡᠷᠴᠢᠨ ᠳᠡᠭᠡᠷ᠎ᠡ᠂ ᠴᠠᠭᠠᠨ ᠭᠤᠶᠣᠣ ᠶᠢᠨ ᠠᠵᠤ ᠦᠢᠯᠡᠰ ᠴᠦ ᠰᠢᠨ᠎ᠡ ᠠᠵᠠ ᠲᠣᠬᠢᠶᠠᠯ ᠢ ᠤᠭᠲᠤᠨ ᠠᠪᠴᠢᠷᠠᠵᠤ᠂ ᠸᠠᠩ ᠶᠧ ᠳ᠋ᠢ ᠴᠠᠭᠠᠨ ᠭᠤᠶᠣᠣ ᠶᠢᠨ ᠦᠢᠯᠡᠳᠬᠦᠨ ᠨᠠᠩ ᠥᠷᠭᠡᠨ ᠠᠭᠤᠳᠠᠮ ᠵᠠᠬ᠎ᠠ ᠳᠡᠯᠭᠡᠭᠦᠷ ᠲᠤ ᠣᠷᠣᠬᠤ ᠨᠢ ᠯᠠᠪᠲᠠᠢ ᠶᠤᠮ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ