ᠥᠪᠥᠷ ᠮᠣᠩᠭᠤᠯ ᠤᠨ ᠴᠠᠩ ᠰᠢᠩ ᠳ᠋ᠡ ᠠᠵᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ | ᠸᠠᠩ ᠶᠦᠩ ᠱᠧᠩ | ︽ᠪᠣᠷᠣᠳᠣᠬᠤᠢ ᠪᠣᠯ ᠶᠡᠷᠦ ᠠᠴᠠ ᠪᠤᠶᠠᠨᠲᠤ ᠣᠷᠣᠨ᠂ ᠲᠡᠭᠷᠢ ᠶᠢᠨ ᠬᠡᠰᠢᠭᠲᠦ ᠪᠣᠷᠣᠳᠣᠬᠤᠢ · ᠬᠤᠷᠢᠨ ᠲᠦᠷᠪᠡᠨ ᠴᠠᠭ ᠤᠯᠠᠷᠢᠯ︾ ᠭᠡᠬᠦ ᠰᠢᠷᠢᠰ ᠪᠠᠷᠢᠮᠲᠠᠲᠤ ᠺᠢᠨᠣ᠋ ᠶᠢ | ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠲᠦᠷᠦᠯ ᠲᠡᠮᠳᠡᠭ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠭᠰᠡᠨ ᠰᠣᠳᠣᠨ ᠪᠦᠲᠦᠭᠡᠯ ᠪᠣᠯᠣᠨ᠎ᠠ᠃ ᠬᠠᠮ | ᠵᠠᠭᠤᠴᠢᠯᠠᠭᠤᠷ ᠤᠨ ᠳᠠᠪᠠᠭᠤᠯᠢᠭ ᠢ ᠪᠠᠳᠠᠷᠠᠭᠤᠯᠵᠤ᠂ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠲᠦᠷᠦᠯ ᠲᠡᠮᠳᠡᠭ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠭᠰᠡᠨ | ᠰᠣᠳᠣᠨ ᠪᠦᠲᠦᠭᠡᠯ ᠪᠠᠶᠢᠵᠤ᠂ ᠪᠠᠶᠠᠨᠨᠠᠭᠤᠷ ᠤᠨ ᠤᠯᠠᠨ ᠠᠴᠠ ᠣᠨᠴᠠᠭᠠᠢ ᠡᠬᠢ ᠪᠠᠶᠠᠯᠢᠭ ᠪᠠ ᠡᠯᠪᠡᠭ ᠪᠠᠶᠠᠯᠢᠭ ᠡᠳ᠋ ᠭᠠᠷᠤᠯᠲᠠ ᠶᠢᠨ ᠡᠬᠢ ᠪᠠᠶᠠᠯᠢᠭ ᠢ ᠦᠨᠡᠨ ᠪᠣᠳᠠᠲᠠᠢ ᠪᠠᠷ | ᠳᠡᠯᠭᠡᠨ ᠦᠵᠡᠭᠦᠯᠵᠡᠢ᠃ ᠵᠤᠨ ᠤ ᠠᠭᠤᠷ ᠣᠷᠣᠭᠰᠠᠨ ᠤ ᠳᠠᠷᠠᠭ᠎ᠠ᠂ ᠴᠢᠨ᠋ᠸ᠎ᠠ ᠶᠢᠨ ᠬᠠᠷᠮᠠᠭ ᠰᠣᠶᠣᠭᠠᠯᠠᠵᠤ ᠨᠠᠪᠴᠢ ᠪᠠᠨ ᠪᠥᠭᠡᠯᠵᠢᠬᠦ ᠴᠠᠭ ᠪᠣᠯᠵᠠᠢ᠃ ᠪᠣᠷᠣᠲᠣᠬᠤᠢ ᠶᠢᠨ | ᠴᠢᠨ᠋ᠸ᠎ᠠ ᠶᠢᠨ ᠬᠠᠷᠮᠠᠭ ᠤᠨ ᠨᠡᠷᠡᠨ ᠤ ᠲᠤᠰᠤᠯᠲᠠ ᠣᠷᠳᠣ᠂ ᠰᠢᠬᠢᠷ ᠤᠨ ᠠᠭᠤᠯᠤᠭᠳᠠᠴᠠ ᠥᠨᠳᠥᠷ ᠪᠠᠶᠢᠳᠠᠭ ᠪᠣᠯᠬᠤᠷ ᠴᠠᠩ ᠰᠢᠩ ᠳ᠋ᠡ ᠺᠣᠮᠫᠠᠨᠢ ᠡᠸᠦ᠋ᠷᠦᠫᠡ ᠶᠢᠨ | ᠬᠤᠯᠪᠣᠭᠠᠨ ᠤ ᠣᠷᠭᠠᠨᠢᠭ ᠪᠠᠷᠢᠮᠵᠢᠶ᠎ᠠ ᠪᠠᠷ ᠴᠢᠨ᠋ᠸ᠎ᠠ ᠶᠢᠨ ᠬᠠᠷᠮᠠᠭ ᠳᠠᠷᠢᠵᠤ᠂ ᠣᠨᠴᠠᠭᠠᠶ ᠤᠷ᠎ᠠ ᠮᠡᠷᠭᠡᠵᠢᠯ ᠢᠶᠠᠷ ᠪᠣᠷᠣᠲᠣᠬᠤᠢ ᠶᠢᠨ ᠬᠡᠦᠷᠡᠭᠯᠢᠭ ᠭᠤᠣᠯ ᠲᠠᠢ ᠲᠥᠪᠡᠳ ᠬᠠᠰᠢ | ᠪᠠ ᠣᠷᠭᠠᠨᠢᠭ ᠴᠢᠨ᠋ᠸ᠎ᠠ ᠶᠢᠨ ᠬᠠᠷᠮᠠᠭ ᠢ ᠪᠦᠷᠢᠨ ᠲᠡᠭᠦᠯᠳᠡᠷ ᠤᠶᠠᠯᠳᠤᠭᠤᠯᠤᠭᠰᠠᠨ ︽ᠲᠥᠪᠡᠳ ᠬᠠᠰᠢ ᠴᠢᠨ᠋ᠸ᠎ᠠ ᠶᠢᠨ ᠬᠠᠷᠮᠠᠭ ᠤᠨ ᠡᠭᠡᠳᠡᠩ︾ ᠨᠢ ᠮᠠᠰᠢ ᠣᠯᠠᠨ | ᠬᠡᠷᠡᠭᠯᠡᠭᠴᠢᠳ ᠤᠨ ᠮᠠᠭᠲᠠᠭᠠᠯ ᠢ ᠣᠯᠣᠭᠰᠠᠨ ᠪᠠᠶᠢᠨ᠎ᠠ᠃ ᠦᠨᠡᠨ ᠳᠡᠭᠡᠨ ᠭᠤᠣᠯ ᠨᠢ ᠲᠦᠭᠦᠬᠡᠢ ᠮᠠᠲ᠋ᠧᠷᠢᠶᠠᠯ ᠪᠣᠯᠣᠨ᠎ᠠ᠂ ᠪᠣᠷᠣᠳᠣᠬᠤᠢ ᠶᠢᠨ ᠡᠬᠡ ᠭᠠᠵᠠᠷ ᠲᠤ | ᠪᠣᠶᠢᠵᠢᠭᠤᠯᠤᠭᠰᠠᠨ ᠲᠠᠷᠢᠮᠠᠯ ᠯᠠ ᠰᠠᠶ᠋ᠢ ᠡᠶᠢᠮᠦ ᠰᠠᠶᠢᠬᠠᠨ ᠠᠮᠲᠠ ᠶᠢ ᠪᠦᠲᠦᠭᠡᠵᠦ ᠴᠢᠳᠠᠨ᠎ᠠ᠂ ᠡᠨᠡ ᠪᠣᠯ ᠮᠠᠷᠭᠤᠰᠢ ᠦᠭᠡᠢ ᠪᠣᠳᠠᠲᠤ ᠬᠡᠷᠡᠭ ᠶᠤᠮ᠃ | |