ᠤᠬᠠᠭᠤᠯᠭ᠎ᠠ ᠶᠢᠨ ᠰᠢᠨ᠎ᠡ ᠶᠢ ᠡᠭᠦᠳᠴᠦ᠂ ︽ᠲᠡᠭᠷᠢ ᠶᠢᠨ  ᠬᠡᠰᠢᠭᠲᠦ ᠪᠣᠷᠣᠲᠣᠬᠤᠢ︾ ᠳᠡᠯᠡᠬᠡᠢ ᠶᠢᠨ ᠠᠩᠬᠠᠷᠤᠯ ᠢ ᠲᠠᠲᠠᠭᠰᠠᠨ ᠪᠠᠶᠢᠨ᠎ᠠ
ᠨᠡᠶᠢᠲᠡᠯᠡᠭᠰᠡᠨ ᠴᠠᠭ᠄
2022/9/23
                                            ᠯᠢ ᠶᠢᠨ ᠧ      ᠪᠠᠶᠠᠨᠨᠠᠭᠤᠷ ᠤᠨ ᠡᠳᠦᠷ ᠤᠨ ᠰᠣᠨᠢᠨ ᠤ ᠬᠤᠷᠢᠶ᠎ᠠ ᠶᠢᠨ ᠬᠢᠨ ᠣᠶᠢᠯᠠᠭᠠᠭᠳᠠᠬᠤᠨ ᠤ ᠰᠢᠨ᠎ᠡ ᠶᠢ ᠡᠭᠦᠳᠬᠦ᠂ ᠠᠭᠤᠯᠭ᠎ᠠ ᠶᠢᠨ ᠰᠢᠨ᠎ᠡ ᠶᠢ ᠡᠭᠦᠳᠬᠦ᠂ ᠠᠷᠭ᠎ᠠ ᠪᠠᠷᠢᠯ ᠤᠨ ᠰᠢᠨ᠎ᠡ ᠶᠢ ᠡᠭᠦᠳᠬᠦ ᠶᠢ ᠪᠠᠷᠢᠮᠲᠠᠯᠠᠭᠰᠠᠭᠠᠷ ᠢᠷᠡᠵᠠᠢ᠂ ᠲᠤᠰ ᠤᠳᠠᠭ᠎ᠠ ᠶᠢᠨ ︽ᠪᠣᠷᠣᠳᠣᠬᠤᠢ ᠪᠣᠯ ᠤᠤᠯ ᠠᠴᠠ ᠪᠠᠨ ᠪᠤᠶᠠᠨᠲᠤ ᠣᠷᠣᠨ᠂ ᠲᠡᠭᠷᠢ ᠶᠢᠨ  ᠬᠡᠰᠢᠭᠲᠦ ᠪᠣᠷᠣᠲᠣᠬᠤᠢ · ᠬᠤᠷᠢᠨ ᠲᠦᠷᠪᠡᠨ ᠴᠠᠭ ᠤᠯᠠᠷᠢᠯ︾ ᠭᠡᠬᠦ ᠰᠢᠷᠢᠰ ᠪᠠᠷᠢᠮᠲᠠᠲᠤ ᠺᠢᠨᠣ᠋ ᠨᠢ ᠪᠠᠰᠠ ᠤᠯᠠᠨ ᠠᠴᠠ ᠴᠣᠯᠭᠤᠷᠠᠭᠰᠠᠨ ᠪᠠᠶᠢᠨ᠎ᠠ᠃ ᠬᠤᠷᠢᠨ ᠳᠥᠷᠪᠡᠨ ᠴᠠᠭ ᠤᠯᠠᠷᠢᠯ ᠤᠨ ᠳᠠᠭᠤᠤ   ᠶᠢ ᠬᠥᠮᠥᠨ ᠪᠣᠯᠭᠠᠨ ᠮᠡᠳᠡᠳᠡᠭ ᠪᠥᠭᠡᠳ ᠬᠥᠮᠥᠨ ᠪᠣᠯᠭᠠᠨ ᠤᠩᠰᠢᠳᠠᠭ᠃ ᠡᠶᠢᠮᠦᠷᠬᠦ ᠭᠥᠯᠢᠶᠡᠨ ᠠᠪᠤᠭᠴᠢᠳ ᠲᠤ ᠲᠣᠬᠢᠷᠠᠬᠤ ᠦᠵᠡᠵᠦ ᠰᠣᠨᠣᠰᠬᠤ ᠳᠠᠳᠬᠠᠯ᠂ ᠰᠢᠨ᠎ᠡ ᠰᠡᠪᠡᠭᠦᠨ ᠥᠪᠡᠷᠮᠢᠴᠡ ᠢᠯᠡᠳᠬᠡᠬᠦ ᠬᠡᠯᠪᠡᠷᠢ ᠪᠠᠷ ᠪᠣᠷᠣᠳᠣᠬᠤᠢ ᠶᠢᠨ ᠡᠯᠪᠡᠭ ᠪᠠᠶᠠᠯᠢᠭ ᠪᠠᠶᠢᠭᠠᠯᠢ ᠶᠢᠨ ᠡᠬᠢ ᠪᠠᠶᠠᠯᠢᠭ᠂ ᠥᠪᠡᠷᠮᠢᠴᠡ ᠣᠨᠴᠠᠯᠢᠭ ᠲᠠᠢ ᠰᠣᠶᠣᠯ ᠢᠷᠭᠡᠨᠰᠢᠯ ᠤᠨ ᠦᠵᠡᠮᠵᠢ᠂ ᠥᠩ ᠰᠢᠮᠡᠯᠢᠭ ᠰᠠᠶᠢᠨ ᠲᠠᠷᠢᠶᠠᠨ ᠭᠠᠵᠠᠷ᠂ ᠡᠯᠪᠡᠭ ᠪᠠᠶᠠᠯᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠂ ᠪᠣᠬᠢᠷᠳᠤᠯ ᠦᠭᠡᠢ ᠠᠮᠲᠠᠲᠤ ᠢᠳᠡᠭᠡᠨ ᠢ ᠤᠬᠠᠭᠤᠯᠵᠤ᠂ ᠤᠬᠠᠭᠤᠯᠭ᠎ᠠ ᠶᠢᠨ ᠲᠠᠲᠠᠬᠤ ᠬᠦᠴᠦᠨ᠂ ᠤᠷᠢᠶᠠᠯᠠᠬᠤ ᠬᠦᠴᠦᠨ᠂ ᠤᠯᠠᠨ ᠢ ᠢᠲᠡᠭᠡᠭᠦᠯᠬᠦ ᠬᠦᠴᠦᠨ ᠢ ᠨᠡᠮᠡᠭᠳᠡᠭᠦᠯᠦᠭᠰᠡᠨ ᠠᠴᠠ ︽ᠲᠡᠭᠷᠢ ᠶᠢᠨ  ᠬᠡᠰᠢᠭᠲᠦ ᠪᠣᠷᠣᠲᠣᠬᠤᠢ︾ ᠳᠡᠯᠡᠬᠡᠢ ᠶᠢᠨ ᠠᠩᠬᠠᠷᠤᠯ ᠢ ᠲᠠᠲᠠᠬᠤ ᠨᠢ ᠯᠠᠪᠲᠠᠢ ᠶᠤᠮ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ