ᠦᠵᠡᠰᠬᠦᠯᠡᠩᠲᠦ ᠰᠠᠶᠢᠬᠠᠨ ᠪᠠᠶᠠᠨ ᠲᠠᠩᠰᠤᠭ ᠪᠠᠶᠠᠨᠨᠠᠭᠤᠷ ᠢ ᠤᠯᠠᠨ ᠲᠠᠯ᠎ᠠ ᠠᠴᠠ ᠤᠬᠠᠭᠤᠯᠪᠠ
ᠨᠡᠶᠢᠲᠡᠯᠡᠭᠰᠡᠨ ᠴᠠᠭ᠄
2022/9/23
                                ᠯᠢᠦᠢ ᠴᠧᠩ ᠢᠦᠢ       ᠬᠠᠲᠤᠨ ᠭᠤᠣᠯ ᠤᠨ ᠤᠰᠤ ᠲᠡᠭᠷᠢ ᠠᠴᠠ ᠢᠷᠡᠵᠦ᠂ ᠪᠣᠷᠣᠳᠣᠬᠤᠢ ᠶᠢᠨ ᠠᠮᠤ ᠪᠤᠳᠠᠭᠠᠨ ᠤ  ᠰᠠᠩ ᠢ ᠪᠣᠶᠢᠵᠢᠭᠤᠯᠬᠤ ᠶᠢ ᠣᠯᠠᠨ ᠬᠠᠷᠠᠭᠠᠰᠤ ᠣᠯᠠᠨ ᠳᠠᠪᠬᠤᠷᠭ᠎ᠠ   ᠠᠴᠠ ᠤᠬᠠᠭᠤᠯᠪᠠ᠃ ᠳᠣᠯᠭᠢᠶᠠᠯᠠᠨ ᠳᠠᠪᠠᠯᠭᠠᠯᠠᠭᠰᠠᠨ ᠬᠠᠲᠤᠨ ᠭᠤᠣᠯ ᠤᠨ ᠤᠰᠤ᠂ ᠨᠣᠮᠢᠨ ᠨᠣᠭᠤᠭᠠᠨ ᠪᠤᠭᠤᠳᠠᠢ ᠶᠢᠨ ᠴᠢᠬᠢ᠂ ᠠᠯᠲᠠᠨ ᠰᠢᠷᠭᠠᠯ ᠨᠡᠷᠡᠨ ᠬᠤᠸᠠᠷ ᠨᠢ ᠭᠡᠷᠡᠯ ᠵᠢᠷᠤᠭᠴᠢᠳ ᠤᠨ ᠭᠡᠷᠡᠯ ᠵᠢᠷᠤᠭ ᠤᠨ ᠮᠠᠰᠢᠨ ᠳᠤ ᠥᠷᠭᠡᠨ ᠣᠯᠠᠨ ᠦᠵᠡᠭᠴᠢᠳ ᠤᠨ ᠡᠮᠦᠨ᠎ᠡ ᠠᠮᠢᠳᠤᠯᠢᠭ ᠢᠶᠠᠷ ᠳᠡᠯᠭᠡᠭᠳᠡᠪᠡ᠃ ᠪᠠᠶᠠᠨᠨᠠᠭᠤᠷ ᠤᠨ ᠡᠳᠦᠷ ᠤᠨ ᠰᠣᠨᠢᠨ ᠤ ᠬᠤᠷᠢᠶ᠎ᠠ ᠶᠢᠨ ᠰᠡᠭᠦᠳᠡᠷᠯᠡᠨ ᠦᠢᠯᠡᠳᠦᠭᠰᠡᠨ ︽ᠪᠣᠷᠣᠳᠣᠬᠤᠢ ᠪᠣᠯ ᠤᠤᠯ ᠠᠴᠠ ᠪᠠᠨ  ᠪᠤᠶᠠᠨᠲᠤ ᠣᠷᠣᠨ᠂  ᠲᠡᠭᠷᠢ ᠶᠢᠨ ᠬᠡᠰᠢᠭᠲᠦ ᠪᠣᠷᠣᠲᠣᠬᠤᠢ ᠂ ᠬᠤᠷᠢᠨ ᠳᠥᠷᠪᠡᠨ ᠴᠠᠭ ᠤᠯᠠᠷᠢᠯ︾ ᠭᠡᠬᠦ ᠰᠢᠷᠢᠰ ᠪᠠᠷᠢᠮᠲᠠᠲᠤ ᠺᠢᠨᠣ᠋ ᠶᠢᠨ ᠠᠩᠬᠠᠨ ᠤ ᠪᠦᠯᠦᠭ ︽ᠵᠤᠨ ᠤ ᠠᠭᠤᠷ ᠣᠷᠣᠬᠤ︾᠃ ᠡᠵᠢ ᠭᠤᠣᠯ ᠢᠶᠠᠷ ᠭᠤᠣᠯ ᠱᠤᠭᠤᠮ ᠪᠣᠯᠭᠠᠵᠤ᠂ ᠪᠣᠷᠣᠳᠣᠬᠤᠢ ᠶᠢᠨ ᠠᠷᠠᠳ ᠤᠨ ᠵᠦᠢᠷ ᠦᠭᠡ ᠪᠠᠷ ᠭᠠᠷᠳᠠᠴᠠ ᠪᠣᠯᠭᠠᠵᠤ᠂ ᠪᠣᠷᠣᠳᠣᠬᠤᠢ ᠶᠢᠨ ᠣᠨᠴᠠ ᠭᠠᠷᠤᠯᠲᠠ ᠲᠠᠢ ᠳ᠋ᠧᠩᠯᠦ ᠶᠢᠨ ᠤᠯᠠᠭᠠᠨ ᠠᠮᠲᠠᠲᠤ ᠬᠡᠮᠬᠡ᠂ ᠭᠤᠯᠢᠷ ᠤᠨ ᠶᠠᠯᠴᠢᠩ ᠵᠡᠷᠭᠡ ᠪᠠᠷ ᠬᠠᠷᠠᠭᠠᠰᠤ ᠪᠣᠯᠭᠠᠵᠤ᠂ ᠡᠯᠪᠡᠭ ᠳᠡᠯᠪᠡᠭ ᠤᠰᠤᠨ ᠰᠢᠰᠲ᠋ᠧᠮ᠂ ᠥᠷᠭᠡᠨ ᠠᠭᠤᠳᠠᠮ ᠬᠡᠭᠡᠷ᠎ᠡ ᠲᠠᠯ᠎ᠠ᠂ ᠠᠵᠢᠯᠴᠢ ᠬᠥᠳᠡᠯᠮᠦᠷᠢᠴᠢ ᠠᠷᠠᠳ ᠲᠦᠮᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠷᠣᠳᠣᠬᠤᠢ ᠪᠣᠯ ︽  ᠪᠤᠶᠠᠨᠲᠤ︾ ᠭᠠᠵᠠᠷ᠂ ᠪᠣᠷᠣᠳᠣᠬᠤᠢ ᠶᠢᠨ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠤᠨ ᠭᠤᠣᠯ ᠰᠡᠳᠦᠪ ᠪᠣᠯᠬᠤ ᠶᠢ ᠪᠦᠬᠦ ᠲᠠᠯ᠎ᠠ ᠪᠠᠷ ᠲᠤᠪᠤᠶᠢᠯᠭᠠᠵᠦ᠂ ᠦᠵᠡᠰᠬᠦᠯᠡᠩᠲᠦ ᠰᠠᠶᠢᠬᠠᠨ ᠪᠠᠶᠠᠨ ᠲᠠᠩᠰᠤᠭ ᠪᠠᠶᠠᠨᠨᠠᠭᠤᠷ ᠢ ᠤᠯᠠᠨ ᠲᠠᠯ᠎ᠠ ᠠᠴᠠ ᠤᠬᠠᠭᠤᠯᠪᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ