ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠭᠠᠭᠴᠠᠮᠣᠳᠣ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ | ᠮᠡᠷᠭᠡᠵᠢᠯ ᠤᠨ ᠵᠢᠱᠢᠶ᠎ᠡ ᠦᠵᠡᠭᠦᠯᠬᠦ ᠲᠣᠭᠤᠷᠢᠭ ᠤᠨ ᠬᠠᠮᠢᠶᠠᠷᠤᠯᠲᠠ ︵ᠪᠡᠯᠡᠳᠬᠡᠭᠰᠡᠨ︶ ᠺᠣᠮᠢᠰ ᠤᠨ ᠠᠯᠪᠠᠨ ᠭᠡᠷ᠂ ᠬᠤᠳᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ | ᠮᠥᠴᠢᠷ᠂ ᠬᠤᠳᠠ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠪᠠᠶᠠᠨᠨᠠᠭᠤᠷ ᠬᠤᠲᠠ ᠶᠢᠨ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯ ᠤᠨ ᠲᠥᠰᠥᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ | ᠰᠠᠶᠢᠲᠤᠷ ᠠᠳᠬᠤᠲᠤᠭᠠᠢ᠃ | ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2023 ᠣᠨ ᠤ 8 ᠰᠠᠷ᠎ᠠ ᠶᠢᠨ 7 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠪᠡ︶ | ᠪᠠᠶᠠᠨᠨᠠᠭᠤᠷ ᠬᠤᠲᠠ ᠶᠢᠨ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯ ᠤᠨ ᠲᠥᠰᠥᠯ | ︽ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯᠯᠠᠭ᠎ᠠ ᠶᠢᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ | ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2022﹈ 15 ᠳ᠋ᠤᠭᠠᠷ ᠲᠣᠭᠠᠲᠤ︶ ᠪᠠ ︽ᠥᠪᠡᠷᠲᠡᠭᠡᠨ ᠵᠠᠰᠠᠬᠤ ᠣᠷᠣᠨ ᠤ ᠰᠢᠨ᠎ᠡ ᠪᠣᠬᠢᠷᠲᠤᠯ | ᠪᠣᠳᠠᠰ ᠢ ᠵᠠᠰᠠᠬᠤ ᠠᠵᠢᠯ ᠤᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2023﹈ 22 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠪᠥᠬᠦ ᠬᠤᠲᠠ ᠶᠢᠨ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯ ᠢ ᠨᠢᠭᠡᠳᠦᠯᠲᠡᠢ | ᠲᠥᠯᠥᠪᠯᠡᠨ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠠᠮᠤᠷ ᠲᠦᠪᠰᠢᠨ ᠪᠠ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠨ᠂ ᠨᠠᠩ ᠥᠨᠳᠥᠷ | ᠪᠠᠷᠢᠮᠵᠢᠶ᠎ᠠ ᠪᠠᠷ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠪᠠᠶᠠᠨᠨᠠᠭᠤᠷ ᠬᠤᠲᠠ ᠶᠢᠨ ᠪᠣᠳᠠᠲᠠᠢ ᠲᠠᠢ | ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃ | ᠨᠢᠭᠡ᠂ ᠭᠤᠣᠯ ᠬᠠᠷᠠᠯᠲᠠ | 2023 ᠣᠨ ᠪᠣᠯᠬᠤ ᠳᠤ᠂ ᠪᠥᠬᠦ ᠬᠤᠲᠠ ᠶᠢᠨ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠮᠡᠳᠡᠭᠡ ᠵᠠᠩᠭᠢ ᠶᠢᠨ ᠪᠠᠶᠢᠴᠠᠭᠠᠯᠲᠠ ᠶᠢ ᠪᠡᠶᠡᠯᠡᠭᠦᠯᠵᠦ᠂ | ᠰᠢᠨ᠎ᠡ ᠪᠣᠬᠢᠷᠲᠤᠯ ᠪᠣᠳᠠᠰ ᠤᠨ ᠦᠢᠯᠡᠳᠪᠦᠷᠢᠯᠡᠯ᠂ ᠬᠡᠷᠡᠭᠯᠡᠯᠲᠡ᠂ ᠭᠠᠳᠠᠭᠰᠢᠯᠠᠭᠤᠯᠤᠯᠲᠠ ᠶᠢ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠵᠦ ᠪᠠᠶᠢᠭ᠎ᠠ ᠪᠠᠶᠢᠳᠠᠯ ᠢ | ᠦᠨᠳᠦᠰᠦᠨ ᠳᠡᠭᠡᠨ ᠲᠣᠳᠣᠷᠬᠠᠢ ᠣᠶᠢᠯᠠᠭᠠᠵᠤ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠠᠵᠤ ᠠᠬᠤᠶᠢᠯᠠᠯ ᠢ | ᠬᠠᠮᠢᠶᠠᠷᠤᠨ ᠡᠵᠡᠮᠳᠡᠬᠦ ᠶᠢ ᠲᠣᠳᠣᠷᠬᠠᠢ ᠪᠣᠯᠭᠠᠨ᠎ᠠ᠃ 2025 ᠣᠨ ᠪᠣᠯᠬᠤ ᠳᠤ᠂ ᠠᠩᠬᠠᠷᠤᠯ ᠶᠡᠬᠡᠲᠡᠢ᠂ ᠥᠨᠳᠥᠷ ᠤᠨᠠᠯᠲᠠ ᠲᠠᠢ ︵ᠬᠡᠷᠡᠭᠯᠡᠬᠦ︶ ᠬᠢᠮᠢ ᠶᠢᠨ | ᠪᠣᠳᠠᠰ ᠤᠨ ᠣᠷᠴᠢᠨ ᠠᠬᠤᠢ ᠶᠢᠨ ᠲᠦᠭᠰᠢᠭᠦᠷᠢ ᠶᠢ ᠰᠢᠭᠰᠢᠨ ᠪᠠᠶᠢᠴᠠᠭᠠᠬᠤ ᠵᠢᠴᠢ ᠨᠢᠭᠡ ᠪᠦᠯᠦᠭ ᠬᠢᠮᠢ ᠶᠢᠨ ᠪᠣᠳᠠᠰ ᠤᠨ ᠣᠷᠴᠢᠨ ᠠᠬᠤᠢ ᠶᠢᠨ ᠲᠦᠭᠰᠢᠭᠦᠷᠢ ᠶᠢ | ᠦᠨᠡᠯᠡᠨ ᠵᠢᠱᠢᠬᠦ ᠶᠢ ᠪᠡᠶᠡᠯᠡᠭᠦᠯᠵᠦ᠂ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ ᠲᠤ ᠴᠠᠭᠠᠵᠠᠯᠠᠬᠤ᠂ ᠬᠢᠵᠠᠭᠠᠷᠯᠠᠬᠤ᠂ | ᠭᠠᠳᠠᠭᠰᠢᠯᠠᠭᠤᠯᠬᠤ ᠶᠢ ᠬᠢᠵᠠᠭᠠᠷᠯᠠᠬᠤ ᠵᠡᠷᠭᠡ ᠣᠷᠴᠢᠨ ᠠᠬᠤᠢ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ︔ ᠬᠤᠣᠷ | ᠬᠥᠨᠥᠭᠡᠯ ᠲᠠᠢ ᠬᠢᠮᠢ ᠶᠢᠨ ᠪᠣᠳᠠᠰ ᠤᠨ ᠣᠷᠴᠢᠨ ᠠᠬᠤᠢ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮ ᠢ ᠠᠯᠬᠤᠮ ᠠᠯᠬᠤᠮ ᠢᠶᠠᠷ | ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ᠂ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠨᠢᠭᠡ | ᠠᠯᠬᠤᠮ ᠴᠢᠩᠭᠠᠳᠬᠠᠵᠤ᠂ ᠰᠢᠨ᠎ᠡ ᠪᠣᠬᠢᠷᠲᠤᠯ ᠪᠣᠳᠠᠰ ᠢ ᠪᠠᠶᠢᠴᠠᠭᠠᠬᠤ᠂ ᠬᠢᠨᠠᠨ ᠬᠡᠮᠵᠢᠬᠦ᠂ ᠰᠢᠭᠰᠢᠨ ᠪᠠᠶᠢᠴᠠᠭᠠᠬᠤ᠂ ᠦᠨᠡᠯᠡᠨ ᠵᠢᠱᠢᠬᠦ᠂ ᠬᠠᠮᠢᠶᠠᠷᠤᠨ ᠡᠵᠡᠮᠳᠡᠬᠦ᠂ | ᠵᠠᠰᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ | ᠬᠤᠶᠠᠷ᠂ ᠠᠵᠢᠯ ᠤᠨ ᠠᠷᠭ᠎ᠠ ᠬᠡᠮᠵᠢᠶ᠎ᠡ | ︵ᠨᠢᠭᠡ︶ ᠰᠢᠨ᠎ᠡ ᠪᠣᠬᠢᠷᠲᠤᠯ ᠪᠣᠳᠠᠰ ᠢ ᠪᠠᠶᠢᠴᠠᠭᠠᠵᠤ ᠬᠢᠨᠠᠨ ᠬᠡᠮᠵᠢᠬᠦ ᠪᠠ ᠣᠷᠴᠢᠨ ᠲᠣᠭᠤᠷᠢᠨ ᠤ ᠲᠦᠭᠰᠢᠭᠦᠷᠢ ᠶᠢ ᠦᠨᠡᠯᠡᠨ ᠵᠢᠱᠢᠬᠦ ᠶᠢ ᠥᠷᠨᠢᠭᠦᠯᠦᠨ᠎ᠡ᠃ | 1. ᠤᠯᠤᠰ ᠤᠨ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ ᠮᠡᠳᠡᠭᠡ ᠵᠠᠩᠭᠢ ᠶᠢᠨ ᠪᠠᠶᠢᠴᠠᠭᠠᠯᠲᠠ ᠶᠢ | ᠥᠷᠨᠢᠭᠦᠯᠦᠨ᠎ᠡ᠃ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠦᠨᠳᠦᠰᠦᠨ ᠮᠡᠳᠡᠭᠡ ᠵᠠᠩᠭᠢ ᠶᠢᠨ | ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠭᠤᠣᠯᠳᠠᠯᠭ᠎ᠠ ᠲᠠᠢ ᠠᠵᠢᠯ ᠲᠥᠷᠥᠯ ᠤᠨ ᠭᠤᠣᠯᠳᠠᠯᠭ᠎ᠠ ᠲᠠᠢ ᠬᠢᠮᠢ ᠶᠢᠨ ᠪᠣᠳᠠᠰ ᠤᠨ ᠦᠢᠯᠡᠳᠪᠦᠷᠢᠯᠡᠯ ᠳᠤ | ᠬᠡᠷᠡᠭᠯᠡᠬᠦ ᠲᠥᠷᠥᠯ ᠵᠦᠢᠯ᠂ ᠲᠤᠭ᠎ᠠ ᠬᠡᠮᠵᠢᠶ᠎ᠡ᠂ ᠬᠡᠷᠡᠭᠴᠡᠭᠡ ᠵᠡᠷᠭᠡ ᠮᠡᠳᠡᠭᠡ ᠵᠠᠩᠭᠢ ᠶᠢᠨ ᠪᠠᠶᠢᠴᠠᠭᠠᠯᠲᠠ ᠶᠢ ᠱᠠᠲᠤ ᠬᠤᠪᠢᠶᠠᠨ ᠥᠷᠨᠢᠭᠦᠯᠦᠨ᠎ᠡ᠃ ᠪᠠᠶᠢᠴᠠᠭᠠᠯᠲᠠ ᠶᠢᠨ | ᠦᠷ᠎ᠡ ᠳ᠋ᠦᠩ ᠢ ᠦᠨᠳᠦᠰᠦᠯᠡᠨ᠂ ᠤᠯᠤᠰ ᠤᠨ ᠣᠷᠴᠢᠨ ᠲᠣᠭᠤᠷᠢᠨ ᠤ ᠲᠦᠭᠰᠢᠭᠦᠷᠢ ᠶᠢ ᠤᠷᠢᠳᠠᠪᠠᠷ ᠦᠨᠡᠯᠡᠨ ᠵᠢᠱᠢᠬᠦ ᠲᠥᠯᠥᠪᠯᠡᠭᠡ ᠳᠤ ᠵᠢᠭᠰᠠᠭᠠᠨ | ᠣᠷᠣᠭᠤᠯᠤᠭᠰᠠᠨ ᠬᠢᠮᠢ ᠶᠢᠨ ᠪᠣᠳᠠᠰ ᠲᠤ᠂ ᠬᠤᠯᠪᠣᠭᠳᠠᠯ ᠪᠦᠬᠦᠢ ᠦᠢᠯᠡᠳᠪᠦᠷᠢᠯᠡᠬᠦ᠂ ᠡᠳ᠋ᠰᠢᠭᠦᠯᠦᠨ ᠬᠡᠷᠡᠭᠯᠡᠬᠦ᠂ ᠣᠷᠴᠢᠨ ᠲᠣᠭᠤᠷᠢᠨ ᠤ ᠭᠠᠳᠠᠭᠰᠢᠯᠠᠭᠤᠯᠤᠯᠲᠠ ᠶᠢᠨ | ᠲᠤᠭ᠎ᠠ ᠬᠡᠮᠵᠢᠶ᠎ᠡ ᠵᠢᠴᠢ ᠠᠷᠭ᠎ᠠ ᠵᠠᠮ᠂ ᠬᠤᠣᠷ ᠬᠥᠨᠥᠭᠡᠯ ᠤᠨ ᠣᠨᠴᠠᠯᠢᠭ ᠰᠢᠨᠵᠢ᠂ ᠪᠣᠬᠢᠷᠲᠤᠯ ᠪᠣᠳᠠᠰ ᠭᠠᠳᠠᠭᠰᠢᠯᠠᠭᠤᠯᠬᠤ ᠠᠵᠤ ᠠᠬᠤᠶᠢᠯᠠᠯ ᠤᠨ ᠲᠠᠷᠬᠠᠯᠲᠠ ᠶᠢᠨ | ᠪᠠᠶᠢᠳᠠᠯ ᠵᠡᠷᠭᠡ ᠨᠠᠷᠢᠨ ᠲᠣᠳᠣᠷᠬᠠᠢ ᠮᠡᠳᠡᠭᠡ ᠵᠠᠩᠭᠢ ᠶᠢᠨ ᠪᠠᠶᠢᠴᠠᠭᠠᠯᠲᠠ ᠶᠢ ᠤᠯᠠᠮ ᠨᠢᠭᠡ ᠠᠯᠬᠤᠮ ᠥᠷᠨᠢᠭᠦᠯᠦᠨ᠎ᠡ᠃ 2023 ᠣᠨ ᠤ ᠵᠢᠯ ᠤᠨ ᠰᠡᠭᠦᠯᠴᠢ ᠠᠴᠠ | ᠡᠮᠦᠨ᠎ᠡ᠂ ᠠᠩᠬᠠᠨ ᠤ ᠡᠭᠡᠯᠵᠢ ᠶᠢᠨ ᠬᠢᠮᠢ ᠶᠢᠨ ᠪᠣᠳᠠᠰ ᠤᠨ ᠦᠨᠳᠦᠰᠦᠨ ᠮᠡᠳᠡᠭᠡ ᠵᠠᠩᠭᠢ ᠶᠢᠨ ᠪᠠᠶᠢᠴᠠᠭᠠᠯᠲᠠ ᠶᠢ ᠳᠠᠭᠤᠰᠬᠠᠨ᠎ᠠ︔ ᠠᠮᠢ ᠠᠬᠤᠢ ᠶᠢᠨ ᠣᠷᠴᠢᠨ | ᠨᠥᠬᠦᠴᠡᠯ ᠤᠨ ᠶᠠᠮᠤᠨ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠪᠴᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠠᠩᠬᠠᠨ ᠤ ᠪᠦᠯᠦᠭ | ᠬᠢᠮᠢ ᠶᠢᠨ ᠪᠣᠳᠠᠰ ᠤᠨ ᠣᠷᠴᠢᠨ ᠠᠬᠤᠢ ᠶᠢᠨ ᠠᠶᠤᠯ ᠲᠦᠭᠰᠢᠭᠦᠷᠢ ᠶᠢ ᠤᠷᠢᠳ ᠢᠶᠠᠷ ᠦᠨᠡᠯᠡᠨ ᠵᠢᠱᠢᠬᠦ ᠲᠥᠯᠥᠪᠯᠡᠭᠡ︾ ᠳᠤ ᠵᠢᠭᠰᠠᠭᠠᠭᠳᠠᠭᠰᠠᠨ 20 ᠵᠦᠢᠯ ᠤᠨ | ᠬᠢᠮᠢ ᠶᠢᠨ ᠪᠣᠳᠠᠰ ᠲᠤ ᠤᠯᠤᠰ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠨᠠᠷᠢᠨ ᠲᠣᠳᠣᠷᠬᠠᠢ ᠮᠡᠳᠡᠭᠡ ᠵᠠᠩᠭᠢ ᠶᠢᠨ ᠪᠠᠶᠢᠴᠠᠭᠠᠯᠲᠠ ᠶᠢ ᠪᠡᠶᠡᠯᠡᠭᠦᠯᠵᠦ᠂ | ᠪᠥᠬᠦ ᠬᠤᠲᠠ ᠶᠢᠨ ᠭᠤᠣᠯᠳᠠᠯᠭ᠎ᠠ ᠲᠠᠢ ᠠᠵᠢᠯ ᠲᠥᠷᠥᠯ ᠤᠨ ᠬᠤᠣᠷᠲᠠᠢ ᠬᠥᠨᠥᠭᠡᠯ ᠲᠠᠢ ᠬᠢᠮᠢ ᠶᠢᠨ ᠪᠣᠳᠠᠰ ᠤᠨ ᠦᠨᠳᠦᠰᠦᠨ ᠮᠡᠳᠡᠭᠡ ᠵᠠᠩᠭᠢ ᠶᠢᠨ ᠳ᠋ᠠᠶᠢᠲ᠋ᠠ | ᠬᠥᠮᠥᠷᠭᠡ ᠶᠢ ᠪᠠᠶᠢᠭᠤᠯᠤᠨ᠎ᠠ᠃ ︵ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠬᠠᠷᠢᠭᠤᠴᠠᠵᠤ᠂ ᠡᠯ᠎ᠡ ᠬᠤᠰᠢᠭᠤ ᠰᠢᠶᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠬᠠᠷᠢᠭᠤᠴᠠᠨ ᠨᠠᠶᠢᠳᠠᠪᠤᠷᠢᠵᠢᠭᠤᠯᠤᠨ᠎ᠠ᠃ ᠳᠣᠷᠣᠭᠰᠢ ᠪᠥᠬᠦᠨ ᠢ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠠᠴᠠ ᠬᠠᠷᠢᠭᠤᠴᠠᠨ ᠨᠠᠶᠢᠳᠠᠪᠤᠷᠢᠵᠢᠭᠤᠯᠬᠤ ᠬᠡᠷᠡᠭᠲᠡᠢ᠂ ᠳᠠᠭᠢᠵᠤ ᠵᠢᠭᠰᠠᠭᠠᠬᠤ ᠦᠭᠡᠢ︶ | 2. ᠣᠷᠴᠢᠨ ᠲᠣᠭᠤᠷᠢᠨ ᠤ ᠬᠢᠨᠠᠨ ᠬᠡᠮᠵᠢᠬᠦ ᠰᠢᠰᠲ᠋ᠧᠮᠵᠢ ᠶᠢ ᠪᠦᠷᠢᠨᠰᠢᠭᠦᠯᠵᠦ᠂ ᠣᠷᠴᠢᠨ ᠲᠣᠭᠤᠷᠢᠨ ᠤ ᠪᠠᠶᠢᠴᠠᠭᠠᠯᠲᠠ ᠬᠢᠨᠠᠨ ᠬᠡᠮᠵᠢᠯᠲᠡ | ᠶᠢ ᠥᠷᠨᠢᠭᠦᠯᠦᠨ᠎ᠡ᠃ ᠪᠦᠬᠦ ᠬᠤᠲᠠ ᠶᠢᠨ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠢ ᠪᠠᠶᠢᠴᠠᠭᠠᠵᠤ ᠬᠢᠨᠠᠨ ᠬᠡᠮᠵᠢᠬᠦ ᠲᠥᠰᠥᠯ ᠢ ᠨᠠᠶᠢᠷᠠᠭᠤᠯᠤᠨ | ᠵᠣᠬᠢᠶᠠᠵᠤ᠂ ᠣᠳᠣ ᠪᠠᠶᠢᠭ᠎ᠠ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠰᠦᠯᠵᠢᠶ᠎ᠡ ᠶᠢ ᠬᠠᠲᠤᠨ ᠭᠤᠣᠯ ᠤᠨ ᠰᠠᠪᠠ ᠭᠠᠵᠠᠷ᠂ | ᠤᠯᠠᠭᠠᠨᠰᠤᠬᠠᠢ᠂ ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ᠂ ᠨᠡᠶᠢᠲᠡᠯᠢᠭ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠵᠡᠷᠭᠡ ᠭᠤᠣᠯᠳᠠᠯᠭ᠎ᠠ ᠲᠠᠢ ᠣᠷᠣᠨ ᠪᠦᠰᠡ᠂ ᠬᠢᠮᠢ ᠶᠢᠨ ᠠᠵᠤ ᠦᠢᠯᠡᠳᠪᠦᠷᠢ᠂ ᠡᠮ ᠡᠮᠨᠡᠯᠭᠡ ᠵᠡᠷᠭᠡ ᠭᠤᠣᠯᠳᠠᠯᠭ᠎ᠠ ᠲᠠᠢ ᠠᠵᠢᠯ ᠲᠥᠷᠥᠯ᠂ ᠪᠣᠬᠢᠷ | ᠤᠰᠤ ᠶᠢ ᠰᠢᠢᠳᠪᠦᠷᠢᠯᠡᠬᠦ᠂ ᠬᠤᠭ ᠨᠣᠪᠰᠢ ᠶᠢ ᠰᠢᠲᠠᠭᠠᠬᠤ᠂ ᠠᠶᠤᠯᠲᠠᠢ ᠬᠠᠶᠠᠭᠳᠠᠮᠠᠯ ᠪᠣᠳᠠᠰ ᠢ ᠰᠢᠢᠳᠪᠦᠷᠢᠯᠡᠵᠦ ᠠᠰᠢᠭᠯᠠᠬᠤ ᠵᠡᠷᠭᠡ ᠭᠤᠣᠯᠳᠠᠯᠭ᠎ᠠ ᠲᠠᠢ ᠠᠵᠤ | ᠠᠬᠤᠶᠢᠯᠠᠯ ᠳᠤ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠢ ᠪᠠᠶᠢᠴᠠᠭᠠᠵᠤ ᠬᠢᠨᠠᠨ ᠬᠡᠮᠵᠢᠬᠦ ᠲᠤᠷᠰᠢᠯᠲᠠ ᠶᠢᠨ ᠴᠢᠭ᠋ ᠢ ᠥᠷᠨᠢᠭᠦᠯᠵᠦ᠂ ᠰᠢᠨ᠎ᠡ ᠪᠣᠬᠢᠷᠲᠤᠯ | ᠪᠣᠳᠠᠰ ᠤᠨ ᠣᠷᠴᠢᠨ ᠲᠣᠭᠤᠷᠢᠨ ᠢ ᠪᠠᠶᠢᠴᠠᠭᠠᠵᠤ ᠬᠢᠨᠠᠨ ᠬᠡᠮᠵᠢᠬᠦ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ︵ᠬᠤᠲᠠ ᠶᠢᠨ ᠠᠮᠢ ᠠᠬᠤᠢ ᠶᠢᠨ | ᠣᠷᠴᠢᠨ ᠲᠣᠭᠤᠷᠢᠨ ᠤ ᠲᠣᠪᠴᠢᠶ᠎ᠠ ᠬᠠᠷᠢᠭᠤᠴᠠᠨ᠎ᠠ︶ | 3. ᠭᠤᠣᠯᠳᠠᠯᠭ᠎ᠠ ᠲᠠᠢ ᠬᠢᠮᠢ ᠶᠢᠨ ᠪᠣᠳᠠᠰ ᠲᠤ ᠴᠢᠭᠯᠡᠭᠦᠯᠦᠨ᠂ ᠣᠷᠴᠢᠨ ᠲᠣᠭᠤᠷᠢᠨ ᠤ ᠲᠦᠭᠰᠢᠭᠦᠷᠢ ᠶᠢᠨ ᠦᠨᠡᠯᠡᠨ ᠵᠢᠱᠢᠯᠲᠡ ᠶᠢ ᠬᠡᠷᠡᠭᠵᠢᠭᠦᠯᠦᠨ᠎ᠡ᠃ | ᠤᠯᠤᠰ ᠤᠨ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠤᠷᠢᠳᠠᠪᠠᠷ ᠦᠨᠡᠯᠡᠨ ᠵᠢᠱᠢᠬᠦ ᠲᠥᠯᠥᠪᠯᠡᠭᠡ ᠶᠣᠰᠣᠭᠠᠷ᠂ ᠪᠥᠬᠦ ᠬᠤᠲᠠ ᠶᠢᠨ | ᠠᠵᠤ ᠦᠢᠯᠡᠰ ᠤᠨ ᠪᠦᠲᠦᠴᠡ ᠶᠢᠨ ᠣᠨᠴᠠᠯᠢᠭ ᠲᠠᠢ ᠤᠶᠠᠯᠳᠤᠭᠤᠯᠤᠨ᠂ ᠥᠨᠳᠥᠷ ᠠᠩᠬᠠᠷᠤᠯ ᠲᠠᠢ᠂ ᠥᠨᠳᠥᠷ ᠤᠨᠠᠯᠲᠠ ᠲᠠᠢ ︵ᠬᠡᠷᠡᠭᠯᠡᠬᠦ︶ ᠬᠡᠮᠵᠢᠶ᠎ᠡ᠂ ᠥᠨᠳᠥᠷ | ᠣᠷᠴᠢᠨ ᠲᠣᠭᠤᠷᠢᠨ ᠢ ᠪᠠᠶᠢᠴᠠᠭᠠᠨ ᠭᠠᠷᠭᠠᠬᠤ ᠨᠣᠷᠮ᠎ᠠ᠂ ᠲᠠᠷᠠᠬᠠᠢ ᠬᠡᠯᠪᠡᠷᠢ ᠶᠢᠨ ᠬᠡᠷᠡᠭᠴᠡᠭᠡ ᠲᠠᠢ ᠬᠢᠮᠢ ᠶᠢᠨ ᠪᠣᠳᠠᠰ ᠢᠶᠠᠷ ᠭᠤᠣᠯᠳᠠᠯᠭ᠎ᠠ ᠪᠣᠯᠭᠠᠵᠤ᠂ ᠣᠷᠴᠢᠨ | ᠲᠣᠭᠤᠷᠢᠨ ᠬᠢᠭᠡᠳ ᠡᠷᠡᠭᠦᠯ ᠮᠡᠨᠳᠦ ᠶᠢᠨ ᠬᠤᠣᠷ ᠬᠥᠨᠥᠭᠡᠯ ᠢ ᠰᠢᠯᠭᠠᠨ ᠪᠠᠶᠢᠴᠠᠭᠠᠬᠤ ᠪᠠ ᠠᠶᠤᠯ ᠲᠦᠭᠰᠢᠭᠦᠷᠢ ᠶᠢ ᠰᠢᠭᠰᠢᠨ ᠪᠠᠶᠢᠴᠠᠭᠠᠬᠤ ᠶᠢ ᠥᠷᠨᠢᠭᠦᠯᠵᠦ᠂ ᠪᠥᠬᠦ | ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠪᠠ ᠠᠷᠠᠳ ᠣᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠳᠤ ᠬᠤᠣᠷ ᠬᠥᠨᠥᠭᠡᠯ ᠲᠠᠢ᠂ ᠨᠡᠯᠢᠶᠡᠳ ᠥᠨᠳᠥᠷ | ᠣᠷᠴᠢᠨ ᠲᠣᠭᠤᠷᠢᠨ ᠤ ᠠᠶᠤᠯ ᠲᠦᠭᠰᠢᠭᠦᠷᠢ ᠲᠠᠢ ᠬᠤᠣᠷᠲᠠᠢ ᠬᠥᠨᠥᠭᠡᠯ ᠲᠠᠢ ᠬᠢᠮᠢ ᠶᠢᠨ ᠪᠣᠳᠠᠰ ᠢ ᠦᠨᠡᠯᠡᠨ ᠵᠢᠱᠢᠵᠦ ᠢᠯᠭᠠᠨ ᠲᠠᠨᠢᠨ᠎ᠠ᠃ ︵ᠬᠤᠲᠠ ᠶᠢᠨ ᠠᠮᠢ | ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠨᠢᠭᠡᠴᠡ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 4. ᠰᠢᠨ᠎ᠡ ᠪᠣᠬᠢᠷᠲᠤᠯ ᠪᠣᠳᠠᠰ ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠵᠦ | ᠨᠥᠬᠦᠪᠦᠷᠢᠯᠡᠬᠦ ᠨᠠᠷᠢᠨ ᠬᠠᠭᠤᠳᠠᠰᠤ ᠶᠢ ᠲᠣᠭᠲᠠᠭᠠᠨ᠎ᠠ᠃ ᠬᠢᠮᠢ ᠶᠢᠨ ᠪᠣᠳᠠᠰ ᠵᠢᠴᠢ ᠨᠢᠶᠠᠨ ᠳᠠᠷᠤᠭᠴᠢ᠂ ᠪᠢᠴᠢᠯ ᠰᠦᠯᠢᠶᠥᠦ ᠵᠡᠷᠭᠡ ᠭᠤᠣᠯᠳᠠᠯᠭ᠎ᠠ ᠲᠠᠢ ᠰᠢᠨ᠎ᠡ | ᠪᠣᠬᠢᠷᠲᠤᠯ ᠪᠣᠳᠠᠰ ᠢ ᠤᠷᠢᠳᠠᠪᠠᠷ ᠡᠵᠡᠮᠳᠡᠬᠦ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠨᠢᠭᠡ ᠵᠦᠢᠯ ᠤᠨ ᠦᠢᠯᠡᠳᠬᠦᠨ ᠳᠤ ᠨᠢᠭᠡ | ᠲᠥᠷᠥ ᠶᠢᠨ ᠪᠣᠳᠣᠯᠭ᠎ᠠ︾ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠤᠯᠤᠰ ᠠᠴᠠ ᠨᠡᠶᠢᠲᠡᠯᠡᠭᠰᠡᠨ ︽ᠭᠤᠣᠯᠳᠠᠯᠭ᠎ᠠ ᠲᠠᠢ | ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ ᠤᠨ ᠨᠠᠷᠢᠨ ᠲᠠᠩᠰᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠠᠷᠢᠨ | ᠲᠠᠩᠰᠠᠨ ᠳᠤ ᠵᠢᠭᠰᠠᠭᠠᠨ ᠣᠷᠣᠭᠤᠯᠤᠭᠰᠠᠨ ᠰᠢᠨ᠎ᠡ ᠪᠣᠬᠢᠷᠲᠤᠯ ᠪᠣᠳᠠᠰ ᠲᠤ ᠴᠠᠭᠠᠵᠠᠯᠠᠬᠤ᠂ ᠬᠢᠵᠠᠭᠠᠷᠯᠠᠬᠤ᠂ ᠭᠠᠳᠠᠭᠰᠢᠯᠠᠭᠤᠯᠬᠤ ᠶᠢ ᠬᠢᠵᠠᠭᠠᠷᠯᠠᠬᠤ ᠵᠡᠷᠭᠡ ᠣᠷᠴᠢᠨ | ᠲᠣᠭᠤᠷᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠮᠡᠳᠡᠭᠡ ᠵᠠᠩᠭᠢ ᠶᠢᠨ | ᠪᠠᠶᠢᠴᠠᠭᠠᠯᠲᠠ ᠶᠢᠨ ᠪᠠᠶᠢᠳᠠᠯ ᠢ ᠦᠨᠳᠦᠰᠦᠯᠡᠨ᠂ ᠪᠥᠬᠦ ᠬᠤᠲᠠ ᠶᠢᠨ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ ᠤᠨ ᠨᠥᠬᠦᠪᠦᠷᠢ | ᠲᠣᠳᠣᠷᠬᠠᠢ ᠬᠠᠭᠤᠳᠠᠰᠤ ᠪᠠ ᠬᠠᠮᠢᠶᠠᠷᠤᠨ ᠡᠵᠡᠮᠳᠡᠬᠦ ᠲᠥᠰᠥᠯ ᠢ ᠬᠥᠳᠡᠯᠦᠩᠭᠦᠢ ᠪᠠᠷ ᠲᠣᠭᠲᠠᠭᠠᠨ᠎ᠠ᠃ ︵ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ | ᠲᠣᠪᠴᠢᠶ᠎ᠠ ᠲᠦᠷᠦᠭᠦᠯᠡᠵᠦ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠤᠷᠠᠳ ᠪᠣᠭᠤᠮᠲᠠ ᠵᠡᠷᠭᠡ ᠰᠠᠯᠠᠭ᠎ᠠ ᠮᠥᠴᠢᠷ | ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠶᠠᠷ︶ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠳᠠᠯᠠᠵᠤ᠂ ᠰᠢᠨ᠎ᠡ ᠪᠣᠬᠢᠷᠲᠤᠯ ᠪᠣᠳᠠᠰ ᠡᠭᠦᠰᠬᠦ ᠶᠢ ᠰᠡᠷᠭᠡᠶᠢᠯᠡᠨ᠎ᠡ᠃ | 1. ᠰᠢᠨ᠎ᠡ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠳᠡᠩᠰᠡᠯᠡᠨ ᠲᠡᠮᠳᠡᠭᠯᠡᠬᠦ ᠳᠦᠷᠢᠮ ᠢ ᠨᠠᠶᠢᠳᠠᠪᠤᠷᠢᠵᠢᠭᠤᠯᠤᠨ᠎ᠠ᠃ ︽ᠰᠢᠨ᠎ᠡ | ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠳᠡᠩᠰᠡᠯᠡᠨ ᠲᠡᠮᠳᠡᠭᠯᠡᠬᠦ ᠠᠷᠭ᠎ᠠ︾ ᠶᠢ ᠴᠢᠩᠭ᠎ᠠ ᠬᠡᠷᠡᠭᠵᠢᠭᠦᠯᠵᠦ᠂ ᠰᠢᠨ᠎ᠡ ᠬᠢᠮᠢ ᠶᠢᠨ ᠪᠣᠳᠠᠰ ᠢ | ᠰᠤᠳᠤᠯᠬᠤ᠂ ᠦᠢᠯᠡᠳᠪᠦᠷᠢᠯᠡᠬᠦ᠂ ᠭᠠᠳᠠᠭᠠᠳᠤ ᠠᠴᠠ ᠣᠷᠣᠭᠤᠯᠬᠤ ᠪᠠ ᠡᠳ᠋ᠰᠢᠭᠦᠯᠦᠨ ᠬᠡᠷᠡᠭᠯᠡᠬᠦ ᠶᠢ ᠡᠷᠭᠢᠯᠡᠵᠦ ᠪᠠᠶᠢᠭ᠎ᠠ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ ᠶᠢ ᠰᠢᠮᠳᠠᠭᠤᠯᠵᠤ ᠪᠠᠶᠢᠭᠠᠳ ᠰᠢᠨ᠎ᠡ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠳᠡᠩᠰᠡᠯᠡᠨ ᠲᠡᠮᠳᠡᠭᠯᠡᠬᠦ ᠶᠢ ᠰᠠᠨᠠᠭᠠᠴᠢᠯᠠᠭ᠎ᠠ | ᠠᠴᠠ ᠪᠠᠨ ᠥᠷᠨᠢᠭᠦᠯᠵᠦ᠂ ᠰᠢᠨ᠎ᠡ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠵᠠᠷᠴᠢᠮ ᠶᠣᠰᠣᠭᠠᠷ᠂ ᠰᠢᠨ᠎ᠡ ᠬᠢᠮᠢ ᠶᠢᠨ | ᠪᠣᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠵᠦᠢᠯᠡᠰ ᠢ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠣᠨ ᠤ ᠠᠵᠢᠯ ᠤᠨ ᠲᠥᠯᠥᠪᠯᠡᠭᠡ ᠳᠤ | ᠣᠷᠣᠭᠤᠯᠵᠤ᠂ ᠰᠢᠨ᠎ᠡ ᠬᠢᠮᠢ ᠶᠢᠨ ᠪᠣᠳᠠᠰ ᠤᠨ ᠦᠢᠯᠡᠳᠪᠦᠷᠢᠯᠡᠭᠴᠢᠳ᠂ ᠭᠠᠳᠠᠭᠠᠳᠤ ᠠᠴᠠ ᠣᠷᠣᠭᠰᠠᠳ ᠪᠠ ᠡᠳ᠋ᠰᠢᠭᠦᠯᠦᠨ ᠬᠡᠷᠡᠭᠯᠡᠭᠴᠢᠳ ᠲᠤ ᠬᠢᠨᠠᠯᠲᠠ ᠲᠠᠯᠪᠢᠵᠤ | ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠬᠢᠮᠢ ᠶᠢᠨ ᠪᠣᠳᠠᠰ ᠤᠨ ᠣᠷᠴᠢᠨ ᠲᠣᠭᠤᠷᠢᠨ ᠳᠤ ᠬᠤᠯᠪᠣᠭᠳᠠᠬᠤ ᠬᠠᠤᠯᠢ ᠠᠴᠠ ᠵᠥᠷᠢᠴᠡᠭᠰᠡᠨ | ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ︵ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠬᠠᠷᠢᠭᠤᠴᠠᠨ᠎ᠠ︶ | 2. ᠰᠢᠭᠰᠢᠭᠳᠡᠭᠦᠯᠵᠦ ᠬᠡᠷᠡᠭᠯᠡᠬᠦ ᠶᠢ ᠬᠢᠵᠠᠭᠠᠷᠯᠠᠬᠤ ᠠᠷᠭ᠎ᠠ ᠬᠡᠮᠵᠢᠶ᠎ᠡ ᠵᠢᠴᠢ ᠠᠭᠤᠯᠤᠭᠳᠠᠴᠠ ᠶᠢ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ | ᠤᠯᠤᠰ ᠤᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠠᠵᠤ ᠦᠢᠯᠡᠰ ᠤᠨ ᠪᠦᠲᠦᠴᠡ ᠶᠢᠨ | ᠲᠣᠬᠢᠷᠠᠭᠤᠯᠤᠯᠲᠠ ᠶᠢᠨ ᠵᠢᠯᠤᠭᠤᠳᠬᠤ ᠭᠠᠷᠴᠠᠭ︾ ᠲᠤ ᠣᠷᠣᠭᠤᠯᠵᠤ ᠰᠢᠭᠰᠢᠭᠳᠡᠭᠦᠯᠬᠦ ᠲᠥᠷᠥᠯ ᠳᠤ ᠣᠷᠣᠭᠤᠯᠤᠭᠰᠠᠨ ᠠᠵᠤ ᠦᠢᠯᠡᠳᠪᠦᠷᠢ ᠶᠢᠨ ᠬᠢᠮᠢ ᠶᠢᠨ ᠪᠣᠳᠠᠰ᠂ | ᠲᠠᠷᠢᠶᠠᠨ ᠡᠮ᠂ ᠮᠠᠯ ᠤᠨ ᠡᠮ᠂ ᠭᠤᠶᠣᠯᠠᠯ ᠤᠨ ᠡᠳ᠋ ᠵᠡᠷᠭᠡ ᠳᠤ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢ ᠴᠠᠭ ᠲᠤᠬᠠᠢ ᠳᠤᠨᠢ ᠰᠢᠮᠳᠠᠭᠤᠯᠵᠤ | ᠪᠠᠶᠢᠭᠠᠳ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠬᠤᠭᠤᠴᠠᠭ᠎ᠠ ᠬᠢᠵᠠᠭᠠᠷᠯᠠᠨ ᠰᠢᠭᠰᠢᠭᠳᠡᠭᠦᠯᠵᠦ᠂ ᠲᠣᠭᠲᠠᠭᠰᠠᠨ ᠬᠤᠭᠤᠴᠠᠭᠠᠨ ᠳᠤᠨᠢ ᠰᠢᠭᠰᠢᠭᠳᠡᠭᠦᠯᠦᠭᠰᠡᠨ | ᠦᠭᠡᠢ ᠪᠠᠶᠢᠪᠠᠯ᠂ ᠲᠡᠭᠦᠨ ᠤ ᠦᠢᠯᠡᠳᠬᠦᠨ ᠤ ᠳᠠᠩᠰᠠᠯᠠᠯᠲᠠ ᠪᠤᠶᠤ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠢᠨᠠᠨ ᠣᠯᠭᠤᠬᠤ ᠶᠢ ᠬᠠᠤᠯᠢ ᠶᠣᠰᠣᠭᠠᠷ | ᠵᠣᠭᠰᠣᠭᠠᠨ᠎ᠠ᠃ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠬᠠᠮᠢᠶᠠᠷᠤᠯᠲᠠ ᠶᠢ ᠴᠢᠩᠭᠠᠳᠬᠠᠵᠤ᠂ ᠰᠢᠨ᠎ᠡ ᠪᠣᠬᠢᠷᠲᠤᠯ ᠪᠣᠳᠠᠰ ᠲᠤ ᠬᠤᠯᠪᠣᠭᠳᠠᠬᠤ ᠪᠦᠲᠦᠭᠡᠨ | ᠪᠠᠶᠢᠭᠤᠯᠤᠯᠲᠠ ᠶᠢᠨ ᠵᠦᠢᠯᠡᠰ ᠤᠨ ᠣᠷᠣᠬᠤ ᠵᠥᠪᠰᠢᠶᠡᠷᠡᠯ ᠤᠨ ᠬᠠᠮᠢᠶᠠᠷᠤᠯᠲᠠ ᠶᠢ ᠴᠢᠩᠳᠠᠯᠠᠨ᠎ᠠ᠃ ᠭᠠᠳᠠᠭᠠᠳᠤ ᠠᠴᠠ ᠣᠷᠣᠭᠤᠯᠬᠤ ︵ᠭᠠᠳᠠᠭᠠᠳᠤ ᠳᠤ ᠭᠠᠷᠭᠠᠬᠤ︶ | ᠶᠢ ᠴᠠᠭᠠᠵᠠᠯᠠᠬᠤ ᠪᠠᠷᠠᠭᠠᠨ ᠤ ᠭᠠᠷᠴᠠᠭ ᠪᠠ ︽ ᠳᠤᠮᠳᠠᠳᠤ ᠤᠯᠤᠰ ᠤᠨ ᠴᠢᠩᠭ᠎ᠠ ᠬᠢᠵᠠᠭᠠᠷᠯᠠᠵᠤ ᠪᠠᠶᠢᠭ᠎ᠠ ᠬᠤᠣᠷᠲᠠᠢ ᠬᠢᠮᠢ ᠶᠢᠨ ᠪᠣᠳᠠᠰ ᠤᠨ ᠨᠡᠷᠡᠰ | ᠤᠨ ᠵᠢᠭᠰᠠᠭᠠᠯᠲᠠ︾ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠨᠢᠭᠡᠨᠲᠡ ᠰᠢᠭᠰᠢᠭᠳᠡᠭᠦᠯᠦᠭᠰᠡᠨ ᠤᠳᠠᠭᠠᠨ ᠳᠠᠭᠠᠭᠠᠮᠠᠭᠠᠢ ᠴᠢᠨᠠᠷᠲᠠᠢ ᠣᠷᠭᠠᠨᠢᠭ ᠪᠣᠬᠢᠷᠲᠤᠯ ᠪᠣᠳᠠᠰ ᠵᠡᠷᠭᠡ | ᠰᠢᠨ᠎ᠡ ᠪᠣᠬᠢᠷᠲᠤᠯ ᠪᠣᠳᠠᠰ ᠢ ᠬᠠᠤᠯᠢ ᠪᠤᠰᠤ ᠪᠠᠷ ᠦᠢᠯᠡᠳᠪᠦᠷᠢᠯᠡᠬᠦ ᠪᠠ ᠡᠳ᠋ᠰᠢᠭᠦᠯᠦᠨ ᠬᠡᠷᠡᠭᠯᠡᠬᠦ ᠳᠤ ᠴᠢᠩᠭ᠎ᠠ ᠴᠣᠬᠢᠯᠲᠠ ᠥᠭᠴᠦ᠂ ᠰᠢᠨ᠎ᠡ ᠪᠠᠷ ᠨᠡᠮᠡᠭᠰᠡᠨ ᠤᠳᠠᠭᠠᠨ | ᠳᠠᠭᠠᠭᠠᠮᠠᠭᠠᠢ ᠴᠢᠨᠠᠷᠲᠠᠢ ᠣᠷᠭᠠᠨᠢᠭ ᠪᠣᠬᠢᠷᠲᠤᠯ ᠪᠣᠳᠠᠰ ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠲᠣᠭᠯᠠᠭᠠᠮ ᠤᠨ | ᠵᠦᠢᠯ᠂ ᠰᠣᠷᠣᠭᠴᠢ ᠶᠢᠨ ᠬᠡᠷᠡᠭᠯᠡᠭᠡᠨ ᠤ ᠵᠦᠢᠯ ᠵᠡᠷᠭᠡ ᠬᠠᠮᠢᠶ᠎ᠠ ᠪᠦᠬᠦᠢ ᠦᠢᠯᠡᠳᠬᠦᠨ ᠤ ᠰᠢᠨ᠎ᠡ ᠪᠣᠬᠢᠷᠲᠤᠯ ᠪᠣᠳᠠᠰ ᠤᠨ ᠠᠭᠤᠯᠤᠭᠳᠠᠴᠠ ᠶᠢ ᠡᠵᠡᠮᠳᠡᠬᠦ | ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠶᠢ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠵᠦ᠂ ᠦᠢᠯᠡᠳᠬᠦᠨ ᠤ ᠬᠡᠷᠡᠭᠯᠡᠭᠡᠨ ᠤ ᠶᠠᠪᠤᠴᠠ ᠳᠤ ᠪᠣᠶ ᠪᠣᠯᠭᠠᠭᠰᠠᠨ | ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠭᠠᠳᠠᠭᠰᠢᠯᠠᠭᠤᠯᠤᠯᠲᠠ ᠶᠢ ᠪᠠᠭᠠᠰᠬᠠᠬᠤ ᠳᠤ ᠪᠥᠬᠦ ᠲᠠᠯ᠎ᠠ ᠪᠠᠷ ᠬᠢᠨᠠᠯᠲᠠ ᠲᠠᠯᠪᠢᠨ᠎ᠠ᠃ ︵ᠬᠤᠲᠠ ᠶᠢᠨ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠤᠷᠠᠳ ᠪᠣᠭᠤᠮᠲᠠ ᠵᠡᠷᠭᠡ ᠰᠠᠯᠠᠭ᠎ᠠ ᠮᠥᠴᠢᠷ ᠨᠢᠭᠡᠴᠡ ᠨᠦᠭᠦᠳ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠷᠪᠠ︶ ᠶᠠᠪᠤᠴᠠ ᠶᠢᠨ ᠡᠵᠡᠮᠳᠡᠯ ᠢ ᠴᠢᠩᠭᠠᠷᠠᠭᠤᠯᠵᠤ᠂ ᠰᠢᠨ᠎ᠡ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠨ᠎ᠠ᠃ | 1. ᠠᠷᠢᠭᠤᠨ ᠴᠡᠪᠡᠷ ᠦᠢᠯᠡᠳᠪᠦᠷᠢᠯᠡᠯ ᠢ ᠴᠢᠩᠭᠠᠳᠬᠠᠵᠤ᠂ ᠪᠣᠬᠢᠷᠲᠤᠯ ᠦᠭᠡᠢ ᠦᠢᠯᠡᠳᠬᠦ ᠪᠠᠷᠢᠮᠵᠢᠶ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ | ᠬᠤᠣᠷ ᠲᠠᠢ ᠬᠥᠨᠥᠭᠡᠯ ᠲᠠᠢ ᠬᠢᠮᠢ ᠶᠢᠨ ᠪᠣᠳᠠᠰ ᠢ ᠬᠡᠷᠡᠭᠯᠡᠨ ᠦᠢᠯᠡᠳᠪᠦᠷᠢᠯᠡᠬᠦ ᠪᠤᠶᠤ ᠦᠢᠯᠡᠳᠪᠦᠷᠢᠯᠡᠬᠦ ᠶᠠᠪᠤᠴᠠ ᠳᠤ ᠬᠤᠣᠷ ᠲᠠᠢ ᠬᠥᠨᠥᠭᠡᠯ ᠲᠠᠢ ᠬᠢᠮᠢ ᠶᠢᠨ ᠪᠣᠳᠠᠰ ᠢ | ᠭᠠᠳᠠᠭᠰᠢᠯᠠᠭᠤᠯᠬᠤ ᠠᠵᠤ ᠠᠬᠤᠶᠢᠯᠠᠯ ᠳᠤ ᠠᠯᠪᠠᠳᠠᠯᠭ᠎ᠠ ᠶᠢᠨ ᠴᠢᠨᠠᠷᠲᠠᠢ ᠠᠷᠢᠭᠤᠨ ᠴᠡᠪᠡᠷ ᠦᠢᠯᠡᠳᠪᠦᠷᠢᠯᠡᠯ ᠤᠨ ᠬᠢᠨᠠᠨ ᠬᠠᠷᠭᠤᠭᠤᠯᠤᠯᠲᠠ ᠶᠢ ᠬᠠᠤᠯᠢ ᠶᠣᠰᠣᠭᠠᠷ | ᠬᠡᠷᠡᠭᠵᠢᠭᠦᠯᠵᠦ᠂ ᠠᠵᠤ ᠠᠬᠤᠶᠢᠯᠠᠯ ᠢ ᠰᠢᠪᠠᠳᠠᠨ ᠲᠦᠭᠦᠬᠡᠢ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠢ ᠬᠤᠣᠷ ᠦᠭᠡᠶᠢᠵᠢᠬᠦᠯᠦᠨ ᠣᠷᠣᠯᠠᠭᠤᠯᠬᠤ᠂ ᠦᠢᠯᠡᠳᠪᠦᠷᠢᠯᠡᠯ ᠤᠨ | ᠤᠷᠠᠯᠠᠯ ᠢ ᠬᠤᠣᠷ ᠦᠭᠡᠶᠢᠵᠢᠬᠦᠯᠦᠨ ᠰᠢᠯᠢᠳᠡᠭᠵᠢᠭᠦᠯᠬᠦ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠠᠷᠢᠭᠤᠨ ᠴᠡᠪᠡᠷ ᠦᠢᠯᠡᠳᠪᠦᠷᠢᠯᠡᠯ ᠤᠨ ᠥᠭᠡᠷᠡᠴᠢᠯᠡᠯᠲᠡ ᠶᠢ | ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ᠠᠵᠤ ᠠᠬᠤᠶᠢᠯᠠᠯ ᠨᠢ ᠣᠯᠠᠨ ᠨᠡᠶᠢᠲᠡ ᠳᠤ ᠮᠡᠳᠡᠭᠦᠯᠬᠦ ᠳᠤ ᠲᠥᠬᠦᠮ ᠦᠵᠡᠭᠦᠯᠬᠦ ᠠᠷᠭ᠎ᠠ ᠮᠠᠶ᠋ᠢᠭ ᠢ ᠠᠪᠴᠤ | ᠪᠠᠶᠢᠭᠠᠳ ᠬᠤᠣᠷ ᠬᠥᠨᠥᠭᠡᠯ ᠲᠠᠢ ᠲᠦᠭᠦᠬᠡᠢ ᠮᠠᠲ᠋ᠧᠷᠢᠶᠠᠯ ᠢ ᠬᠡᠷᠡᠭᠯᠡᠭᠰᠡᠨ ᠪᠠᠶᠢᠳᠠᠯ ᠵᠢᠴᠢ ᠬᠤᠣᠷ ᠬᠥᠨᠥᠭᠡᠯ ᠲᠠᠢ ᠬᠢᠮᠢ ᠶᠢᠨ ᠪᠣᠳᠠᠰ ᠢ ᠭᠠᠳᠠᠭᠰᠢᠯᠠᠭᠤᠯᠤᠭᠰᠠᠨ | ᠨᠡᠷᠡᠶᠢᠳᠦᠯ᠂ ᠥᠳᠬᠡᠴᠡ ᠪᠣᠯᠣᠨ ᠲᠤᠭ᠎ᠠ ᠬᠡᠮᠵᠢᠶ᠎ᠡ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠶᠢ ᠨᠡᠶᠢᠲᠡᠯᠡᠬᠦ ᠬᠡᠷᠡᠭᠲᠡᠢ᠃ ᠤᠯᠤᠰ ᠠᠴᠠ ᠬᠤᠣᠷ ᠬᠥᠨᠥᠭᠡᠯ ᠲᠠᠢ | ᠬᠢᠮᠢ ᠶᠢᠨ ᠪᠣᠳᠠᠰ ᠢ ᠣᠷᠣᠯᠠᠭᠤᠯᠬᠤ ᠪᠠ ᠭᠠᠳᠠᠭᠰᠢᠯᠠᠭᠤᠯᠬᠤ ᠶᠢ ᠡᠵᠡᠮᠳᠡᠬᠦ ᠱᠠᠭᠠᠷᠳᠠᠯᠭ᠎ᠠ ᠶᠢ ᠪᠣᠬᠢᠷᠲᠤᠯ ᠦᠭᠡᠢ ᠦᠢᠯᠡᠳᠬᠦᠨ᠂ ᠪᠣᠬᠢᠷᠲᠤᠯ ᠦᠭᠡᠢ ᠬᠦᠷᠢᠶᠡᠯᠡᠩ | ᠲᠣᠭᠤᠷᠢᠭ᠂ ᠪᠣᠬᠢᠷᠲᠤᠯ ᠦᠭᠡᠢ ᠦᠢᠯᠡᠳᠪᠦᠷᠢ ᠪᠠ ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶ᠎ᠡ ᠵᠡᠷᠭᠡ ᠪᠣᠬᠢᠷᠲᠤᠯ ᠦᠭᠡᠢ ᠦᠢᠯᠡᠳᠬᠦ ᠪᠠᠷᠢᠮᠵᠢᠶ᠎ᠠ ᠶᠢᠨ | ᠰᠢᠰᠲ᠋ᠧᠮᠵᠢ ᠳᠤ ᠣᠷᠣᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ ︵ᠬᠤᠲᠠ ᠶᠢᠨ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 2. ᠨᠢᠶᠠᠨ ᠳᠠᠷᠤᠭᠴᠢ ᠶᠢᠨ ᠲᠥᠷᠥᠯ ᠤᠨ ᠡᠮ ᠤᠨ ᠵᠦᠢᠯ ᠤᠨ ᠬᠡᠷᠡᠭᠯᠡᠯᠲᠡ ᠬᠠᠮᠢᠶᠠᠷᠤᠯᠲᠠ ᠶᠢ ᠵᠢᠷᠤᠮᠵᠢᠭᠤᠯᠵᠤ᠂ ᠲᠤᠭ᠎ᠠ ᠬᠡᠮᠵᠢᠶ᠎ᠡ ᠶᠢ ᠪᠠᠭᠠᠰᠬᠠᠬᠤ | ᠠᠵᠢᠯᠯᠠᠭ᠎ᠠ ᠶᠢ ᠥᠷᠨᠢᠭᠦᠯᠦᠨ᠎ᠡ᠃ ᠪᠠᠺᠲ᠋ᠧᠷᠢ ᠳᠠᠷᠤᠬᠤ ᠡᠮ ᠢ ᠡᠮᠴᠢᠯᠡᠭᠡᠨ ᠳᠤ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠵᠤ᠂ ᠵᠢᠵᠢᠭᠯᠡᠨ ᠬᠤᠳᠠᠯᠳᠤᠬᠤ ᠡᠮ ᠤᠨ | ᠳᠡᠯᠭᠡᠭᠦᠷ ᠤᠨ ᠵᠣᠷ ᠢᠶᠠᠷ ᠢᠶᠠᠨ ᠵᠣᠷ ᠤᠨ ᠡᠮ ᠤᠨ ᠲᠥᠷᠥᠯ ᠤᠨ ᠪᠠᠺᠲ᠋ᠧᠷᠢ ᠳᠠᠷᠤᠬᠤ ᠡᠮ ᠢ ᠪᠣᠷᠣᠯᠠᠭᠤᠯᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ | ᠬᠡᠷᠡᠭᠲᠡᠢ᠃ ᠮᠠᠯ ᠳᠤ ᠬᠡᠷᠡᠭᠯᠡᠬᠦ ᠪᠠᠺᠲ᠋ᠧᠷᠢ ᠡᠰᠡᠷᠭᠦᠴᠡᠬᠦ ᠡᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠠᠯ ᠳᠤ ᠬᠡᠷᠡᠭᠯᠡᠬᠦ ᠪᠠᠺᠲ᠋ᠧᠷᠢ ᠳᠠᠷᠤᠬᠤ ᠡᠮ ᠤᠨ | ᠬᠡᠷᠡᠭᠯᠡᠯᠲᠡ ᠶᠢᠨ ᠬᠡᠮᠵᠢᠶ᠎ᠡ ᠶᠢ ᠪᠠᠭᠠᠰᠬᠠᠬᠤ ᠠᠵᠢᠯᠯᠠᠭ᠎ᠠ ᠶᠢ ᠬᠡᠷᠡᠭᠵᠢᠭᠦᠯᠵᠦ᠂ ᠮᠢᠬ᠎ᠠ ᠥᠨᠳᠡᠭᠡ ᠰᠦ ᠶᠢᠨ ᠭᠤᠣᠯ ᠪᠣᠯᠬᠤ ᠮᠠᠯ ᠵᠢᠭᠦᠷᠲᠡᠨ ᠤ ᠡᠭᠦᠯᠳᠡᠷ ᠢ | ᠦᠢᠯᠡᠳᠪᠦᠷᠢᠯᠡᠬᠦ ᠪᠠᠷ ᠭᠤᠣᠯᠳᠠᠯᠭ᠎ᠠ ᠪᠣᠯᠭᠠᠨ᠂ ᠮᠠᠯ ᠤᠨ ᠡᠮ ᠤᠨ ᠬᠡᠷᠡᠭᠯᠡᠯᠲᠡ ᠶᠢᠨ ᠲᠡᠮᠳᠡᠭᠯᠡᠯ᠂ ᠮᠠᠯ ᠳᠤ ᠬᠡᠷᠡᠭᠯᠡᠬᠦ ᠵᠣᠷ ᠤᠨ ᠡᠮ ᠪᠠ ᠮᠠᠯ ᠤᠨ ᠡᠮ ᠤᠨ ᠡᠮ ᠢ | ᠵᠣᠭᠰᠤᠭᠠᠬᠤ ᠬᠤᠭᠤᠴᠠᠭᠠᠨ ᠤ ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠲᠡᠵᠢᠭᠡᠨ ᠦᠷᠡᠵᠢᠭᠦᠯᠬᠦ ᠲᠠᠯᠠᠪᠠᠶ ᠶᠢᠨ ᠡᠮ ᠬᠡᠷᠡᠭᠯᠡᠬᠦ ᠦᠶᠯᠡ | ᠠᠵᠢᠯᠯᠠᠭ᠎ᠠ ᠶᠢ ᠵᠢᠷᠤᠮᠵᠢᠭᠤᠯᠤᠨ᠂ ᠠᠮᠢᠲᠠᠨ ᠤ ᠠᠰᠢᠭ ᠰᠢᠮ᠎ᠡ ᠶᠢᠨ ᠨᠢᠭᠡᠴᠡ ᠶᠢᠨ ᠮᠠᠯ ᠳᠤ ᠬᠡᠷᠡᠭᠯᠡᠬᠦ ᠪᠠᠺᠲ᠋ᠧᠷᠢ ᠳᠠᠷᠤᠬᠤ ᠡᠮ ᠢ ᠦᠢᠯᠡᠳᠪᠦᠷᠢᠯᠡᠵᠦ ᠬᠡᠷᠡᠭᠯᠡᠬᠦ ᠨᠢ | ᠪᠠᠭᠤᠷᠠᠬᠤ ᠬᠠᠨᠳᠤᠰᠢ ᠲᠠᠢ ᠪᠠᠶᠢᠬᠤ ᠶᠢ ᠪᠠᠲᠤᠯᠠᠵᠤ᠂ ᠮᠠᠯ ᠵᠢᠭᠦᠷᠲᠡᠨ ᠤ ᠠᠰᠢᠭ ᠰᠢᠮ᠎ᠡ ᠶᠢᠨ ᠮᠠᠯ ᠳᠤ ᠬᠡᠷᠡᠭᠯᠡᠬᠦ ᠪᠠᠺᠲ᠋ᠧᠷᠢ ᠳᠠᠷᠤᠬᠤ ᠡᠮ ᠤᠨ ᠦᠯᠡᠳᠡᠭᠳᠡᠯ ᠤᠨ | ᠬᠡᠮᠵᠢᠶ᠎ᠡ ᠶᠢ ᠪᠠᠭᠤᠷᠠᠭᠤᠯᠤᠨ᠎ᠠ᠃2025 ᠣᠨ ᠪᠣᠯᠬᠤ ᠳᠤ᠂ 50% ᠠᠴᠠ ᠳᠡᠭᠡᠭᠰᠢᠬᠢ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠳᠤ ᠲᠡᠵᠢᠭᠡᠨ | ᠦᠷᠡᠵᠢᠭᠦᠯᠬᠦ ᠶᠢᠨ ᠡᠰᠡᠷᠭᠦᠴᠡᠯ ᠢ ᠪᠠᠭᠠᠰᠬᠠᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ︵ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠡ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 3. ᠲᠠᠷᠢᠶᠠᠨ ᠡᠮ ᠤᠨ ᠬᠡᠷᠡᠭᠯᠡᠯᠲᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ | ᠡᠭᠡᠭᠦᠯᠦᠨ ᠬᠤᠷᠢᠶᠠᠬᠤ ᠰᠢᠰᠲ᠋ᠧᠮᠵᠢ ᠶᠢ ᠪᠦᠷᠢᠨᠰᠢᠭᠦᠯᠦᠨ᠎ᠡ︔ ᠡᠮ ᠢ ᠬᠢᠵᠠᠭᠠᠷᠯᠠᠨ ᠬᠥᠨᠥᠭᠡᠯ ᠢ ᠪᠠᠭᠠᠰᠬᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠥᠨᠳᠥᠷ | ᠦᠷ᠎ᠡ ᠠᠰᠢᠭ ᠲᠠᠢ ᠪᠥᠭᠡᠳ ᠠᠶᠤᠯ ᠲᠦᠭᠰᠢᠭᠦᠷᠢ ᠪᠠᠭ᠎ᠠ ᠲᠠᠢ ᠲᠠᠷᠢᠶᠠᠨ ᠡᠮ ᠢ ᠬᠥᠭᠵᠢᠭᠦᠯᠬᠦ ᠶᠢ ᠵᠣᠷᠢᠭᠵᠢᠭᠤᠯᠵᠤ᠂ ᠥᠨᠳᠥᠷ ᠦᠷ᠎ᠡ ᠠᠰᠢᠭ ᠲᠠᠢ ᠤᠷᠭᠤᠮᠠᠯ ᠢ | ᠬᠠᠮᠠᠭᠠᠯᠠᠬᠤ ᠮᠧᠬᠠᠨᠢᠭ ᠢ ᠳᠡᠯᠭᠡᠷᠡᠭᠦᠯᠵᠦ᠂ ᠨᠢᠭᠡᠳᠦᠯᠲᠡᠢ ᠰᠡᠷᠭᠡᠶᠢᠯᠡᠨ ᠨᠣᠶᠠᠷᠬᠠᠬᠤ ᠪᠠ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠶᠢ ᠠᠭᠤᠰᠤᠯᠴᠠᠭᠤᠯᠬᠤ ᠶᠢ | ᠲᠦᠯᠬᠢᠨ ᠠᠬᠢᠭᠤᠯᠵᠤ᠂ ᠲᠠᠷᠢᠮᠠᠯ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠪᠠ ᠰᠢᠨᠵᠢᠯᠡᠬᠦ | ᠤᠬᠠᠭᠠᠨᠴᠢᠯᠠᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠲᠠᠷᠢᠶᠠᠨ ᠡᠮ ᠢ ᠬᠡᠷᠡᠭᠯᠡᠬᠦ ᠡᠷᠴᠢᠮ ᠢ ᠪᠠᠭᠤᠷᠠᠭᠤᠯᠤᠨ᠎ᠠ᠃ ᠲᠤᠬᠠᠢ ᠶᠢᠨ ᠭᠠᠵᠠᠷ ᠣᠷᠣᠨ ᠤ ᠪᠠᠶᠢᠳᠠᠯ | ᠳᠤᠨᠢ ᠲᠣᠬᠢᠷᠠᠭᠤᠯᠤᠨ ᠠᠮᠢ ᠠᠬᠤᠢ ᠶᠢ ᠲᠣᠬᠢᠷᠠᠭᠤᠯᠤᠨ ᠡᠵᠡᠮᠳᠡᠬᠦ᠂ ᠡᠭᠡᠯᠢᠯᠡᠭᠡ ᠶᠢ ᠠᠷᠭᠠᠳᠠᠨ ᠡᠰᠡᠷᠭᠦᠴᠡᠬᠦ᠂ ᠠᠮᠢᠳᠤ ᠪᠣᠳᠠᠰ ᠢᠶᠠᠷ ᠰᠡᠷᠭᠡᠶᠢᠯᠡᠨ ᠵᠠᠰᠠᠬᠤ᠂ ᠹᠢᠽᠢᠺ | ᠬᠢᠮᠢ ᠶᠢᠨ ᠠᠷᠭᠠᠳᠠᠨ ᠡᠵᠡᠮᠳᠡᠬᠦ᠂ ᠰᠢᠨᠵᠢᠯᠡᠬᠦ ᠤᠬᠠᠭᠠᠨᠴᠢ ᠪᠠᠷ ᠡᠮ ᠬᠡᠷᠡᠭᠯᠡᠬᠦ ᠵᠡᠷᠭᠡ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠥᠪᠯᠡᠷᠡᠭᠦᠯᠦᠨ | ᠳᠡᠯᠭᠡᠷᠡᠭᠦᠯᠵᠦ᠂ ᠬᠢᠮᠢ ᠶᠢᠨ ᠲᠠᠷᠢᠶᠠᠨ ᠡᠮ ᠢ ᠬᠡᠷᠡᠭᠯᠡᠬᠦ ᠤᠳᠠᠭ᠎ᠠ ᠪᠠ ᠬᠡᠷᠡᠭᠯᠡᠬᠦ ᠬᠡᠮᠵᠢᠶ᠎ᠡ ᠶᠢ ᠪᠠᠭᠠᠰᠬᠠᠨ᠎ᠠ᠃ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ | ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠬᠤ ᠶᠢ ᠦᠷᠭᠦᠯᠵᠢᠯᠡᠨ ᠠᠬᠢᠭᠤᠯᠵᠤ᠂ ᠲᠠᠷᠢᠶᠠᠨ ᠡᠮ ᠤᠨ ᠦᠢᠯᠡᠳᠪᠦᠷᠢᠯᠡᠯ ᠤᠨ ᠭᠤᠭᠴᠤᠭ᠎ᠠ ᠳᠤ ᠡᠭᠡᠭᠦᠯᠦᠨ | ᠬᠤᠷᠢᠶᠠᠬᠤ ᠳᠤ ᠲᠥᠬᠦᠮ ᠶᠡᠭᠡ ᠪᠠᠭᠲᠠᠭᠠᠮᠵᠢ ᠲᠠᠢ ᠪᠣᠭᠤᠳᠠᠯ ᠪᠠᠭᠯᠠᠭ᠎ᠠ ᠶᠢ ᠬᠡᠷᠡᠭᠯᠡᠬᠦ ᠶᠢ ᠵᠣᠷᠢᠭᠵᠢᠭᠤᠯᠤᠨ᠂ ᠲᠠᠷᠢᠶᠠᠨ ᠡᠮ ᠤᠨ ᠦᠢᠯᠡᠳᠪᠦᠷᠢᠯᠡᠭᠴᠢᠳ᠂ | ᠡᠵᠡᠩᠨᠡᠭᠴᠢᠳ ᠢ ᠰᠢᠮᠳᠠᠭᠤᠯᠵᠤ ᠪᠠᠶᠢᠭᠠᠳ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠬᠤ ᠡᠭᠦᠷᠭᠡ ᠶᠢ | ᠭᠦᠢᠴᠡᠳᠬᠡᠭᠦᠯᠵᠦ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠵᠤ ᠰᠢᠢᠳᠪᠦᠷᠢᠯᠡᠬᠦ ᠶᠢ ᠴᠢᠩᠭᠠᠷᠠᠭᠤᠯᠤᠨ᠎ᠠ᠃ | 2025 ᠣᠨ ᠪᠣᠯᠬᠤ ᠳᠤ᠂ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠬᠤ ᠨᠣᠷᠮ᠎ᠠ ᠶᠢ 80% ᠠᠴᠠ ᠳᠡᠭᠡᠭᠰᠢ ᠳᠤ | ᠬᠦᠷᠦᠭᠦᠯᠦᠨ᠎ᠡ᠃ ︵ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠵᠡᠷᠭᠡ ᠰᠠᠯᠠᠭ᠎ᠠ | ᠮᠥᠴᠢᠷ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠥᠷᠪᠡ︶ ᠡᠴᠦᠰ ᠤᠨ ᠵᠠᠰᠠᠯᠲᠠ ᠶᠢ ᠭᠦᠨᠵᠡᠭᠡᠶᠢᠷᠡᠭᠦᠯᠵᠦ᠂ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢ ᠪᠠᠭᠠᠰᠬᠠᠨ᠎ᠠ᠃ | 1. ᠰᠢᠨ᠎ᠡ ᠪᠣᠬᠢᠷᠲᠤᠯ ᠪᠣᠳᠠᠰ ᠤᠨ ᠣᠯᠠᠨ ᠣᠷᠴᠢᠨ ᠲᠣᠭᠤᠷᠢᠨ ᠤ ᠣᠷᠴᠢᠨ ᠲᠣᠭᠤᠷᠢᠨ ᠢ ᠬᠠᠮᠵᠢᠯᠴᠠᠨ ᠵᠠᠰᠠᠬᠤ ᠶᠢ ᠴᠢᠩᠭᠠᠳᠬᠠᠨ᠎ᠠ᠃ ︽ᠰᠢᠨ᠎ᠡ | ᠪᠣᠬᠢᠷᠲᠤᠯ ᠪᠣᠳᠠᠰ ᠢ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠠᠷᠢᠨ ᠲᠠᠩᠰᠠ︾ ᠳᠤ ᠵᠢᠭᠰᠠᠭᠠᠭᠰᠠᠨ ᠬᠢᠮᠢ ᠶᠢᠨ ᠪᠣᠳᠠᠰ ᠢ ᠦᠢᠯᠡᠳᠪᠦᠷᠢᠯᠡᠬᠦ᠂ ᠪᠣᠯᠪᠠᠰᠤᠷᠠᠭᠤᠯᠬᠤ᠂ | ᠬᠡᠷᠡᠭᠯᠡᠬᠦ ᠪᠤᠶᠤ ᠭᠠᠳᠠᠭᠰᠢᠯᠠᠭᠤᠯᠬᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢ ᠭᠤᠣᠯᠳᠠᠯᠭ᠎ᠠ ᠲᠠᠢ ᠪᠣᠬᠢᠷᠲᠤᠯ ᠭᠠᠳᠠᠭᠰᠢᠯᠠᠭᠤᠯᠬᠤ ᠨᠢᠭᠡᠴᠡ ᠳᠤ | ᠣᠷᠣᠭᠤᠯᠬᠤ ᠬᠡᠷᠡᠭᠲᠡᠢ᠃ ᠰᠢᠨ᠎ᠡ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠵᠦ ᠪᠠᠶᠢᠭ᠎ᠠ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ ᠶᠢ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠬᠠᠮᠢᠶᠠᠷᠤᠯᠲᠠ ᠳᠤ ᠣᠷᠣᠭᠤᠯᠵᠤ᠂ ᠪᠣᠬᠢᠷᠲᠤᠯ ᠭᠠᠳᠠᠭᠰᠢᠯᠠᠭᠤᠯᠬᠤ | ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠭᠤᠶᠤᠴᠢᠯᠠᠨ ᠠᠪᠬᠤ ᠪᠤᠶᠤ ᠪᠣᠬᠢᠷᠲᠤᠯ ᠭᠠᠳᠠᠭᠰᠢᠯᠠᠭᠤᠯᠬᠤ ᠳᠠᠩᠰᠠᠯᠠᠯᠲᠠ ᠶᠢᠨ ᠬᠦᠰᠦᠨᠦᠭᠲᠦ ᠶᠢ ᠲᠠᠭᠯᠠᠵᠤ᠂ | ᠬᠡᠷᠡᠭᠵᠢᠭᠦᠯᠵᠦ ᠪᠠᠶᠢᠭ᠎ᠠ ᠪᠣᠬᠢᠷᠲᠤᠯ ᠢ ᠬᠢᠵᠠᠭᠠᠷᠯᠠᠬᠤ ᠪᠠᠷᠢᠮᠵᠢᠶ᠎ᠠ ᠶᠢᠨ ᠱᠠᠭᠠᠷᠳᠠᠯᠭ᠎ᠠ ᠵᠢᠴᠢ ᠠᠪᠴᠤ ᠪᠠᠶᠢᠭ᠎ᠠ ᠪᠣᠬᠢᠷᠲᠤᠯ ᠢ ᠬᠢᠵᠠᠭᠠᠷᠯᠠᠬᠤ ᠠᠷᠭ᠎ᠠ ᠬᠡᠮᠵᠢᠶ᠎ᠡ ᠶᠢ | ᠲᠣᠳᠣᠷᠬᠠᠢ ᠲᠡᠮᠳᠡᠭᠯᠡᠵᠦ᠂ ᠭᠠᠳᠠᠭᠰᠢᠯᠠᠭᠤᠯᠬᠤ ︵ᠪᠣᠬᠢᠷᠲᠤᠭᠤᠯᠬᠤ︶ ᠠᠮᠠᠰᠠᠷ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠳᠤ ᠲᠣᠭᠲᠠᠮᠠᠯ | ᠬᠤᠭᠤᠴᠠᠭ᠎ᠠ ᠲᠠᠢ ᠪᠠᠷ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢ ᠥᠷᠨᠢᠭᠦᠯᠵᠦ᠂ ᠣᠷᠴᠢᠨ ᠲᠣᠭᠤᠷᠢᠨ ᠤ ᠲᠦᠭᠰᠢᠭᠦᠷᠢ ᠶᠢ ᠦᠨᠡᠯᠡᠨ ᠵᠢᠱᠢᠵᠦ᠂ ᠣᠷᠴᠢᠨ | ᠲᠣᠭᠤᠷᠢᠨ ᠤ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠰᠢᠨ᠎ᠡ ᠪᠣᠬᠢᠷᠲᠤᠯ ᠪᠣᠳᠠᠰ ᠤᠨ ᠮᠡᠳᠡᠭᠡ ᠵᠠᠩᠭᠢ ᠶᠢ ᠬᠠᠤᠯᠢ | ᠶᠣᠰᠣᠭᠠᠷ ᠢᠯᠡ ᠪᠣᠯᠭᠠᠵᠤ᠂ ᠠᠷᠭ᠎ᠠ ᠬᠡᠮᠵᠢᠶ᠎ᠡ ᠠᠪᠴᠤ ᠪᠠᠶᠢᠭᠠᠳ ᠣᠷᠴᠢᠨ ᠲᠣᠭᠤᠷᠢᠨ ᠤ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠢ᠃ ᠬᠥᠷᠥᠰᠥ ᠰᠢᠷᠣᠢ ᠶᠢᠨ | ᠪᠣᠬᠢᠷᠲᠤᠯ ᠢ ᠭᠤᠣᠯᠳᠠᠯᠭ᠎ᠠ ᠲᠠᠢ ᠬᠢᠨᠠᠨ ᠬᠠᠮᠢᠶᠠᠷᠬᠤ ᠨᠢᠭᠡᠴᠡ ᠨᠦᠭᠦᠳ ᠬᠤᠣᠷᠲᠠᠢ ᠬᠥᠨᠥᠭᠡᠯᠲᠡᠢ ᠪᠣᠳᠠᠰ ᠢ ᠭᠠᠳᠠᠭᠰᠢᠯᠠᠭᠤᠯᠬᠤ ᠶᠢ ᠴᠢᠩᠭ᠎ᠠ ᠬᠢᠵᠠᠭᠠᠷᠯᠠᠵᠤ᠂ | ᠬᠥᠷᠥᠰᠥ ᠰᠢᠷᠣᠢ ᠶᠢᠨ ᠪᠣᠬᠢᠷᠲᠤᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠳᠦᠷᠢᠮ ᠢ ᠪᠠᠶᠢᠭᠤᠯᠵᠤ᠂ ᠬᠤᠣᠷᠲᠠᠢ ᠬᠥᠨᠥᠭᠡᠯᠲᠡᠢ ᠪᠣᠳᠠᠰ ᠤᠨ ᠨᠡᠪᠴᠢᠬᠦ᠂ | ᠠᠯᠳᠠᠭᠳᠠᠬᠤ᠂ ᠬᠡᠶᠢᠰᠦᠨ ᠰᠠᠷᠨᠢᠬᠤ ᠶᠢ ᠰᠡᠷᠭᠡᠶᠢᠯᠡᠬᠦ ᠬᠡᠷᠡᠭᠲᠡᠢ᠃ ᠬᠤᠣᠷ ᠬᠥᠨᠥᠭᠡᠯ ᠲᠠᠢ ᠠᠭᠠᠷ ᠮᠠᠨᠳᠠᠯ ᠤᠨ ᠪᠣᠬᠢᠷᠲᠤᠯ ᠪᠣᠳᠠᠰ᠂ ᠤᠰᠤ ᠪᠣᠬᠢᠷᠲᠤᠭᠤᠯᠬᠤ | ᠪᠣᠳᠠᠰ ᠤᠨ ᠣᠷᠴᠢᠨ ᠠᠬᠤᠢ ᠶᠢ ᠵᠠᠰᠠᠬᠤ ᠠᠵᠢᠯ ᠢ ᠦᠨᠡᠨ ᠬᠦ ᠴᠢᠩᠭᠠᠳᠬᠠᠵᠤ᠂ ᠪᠣᠬᠢᠷᠲᠤᠯ ᠢ ᠬᠢᠵᠠᠭᠠᠷᠯᠠᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠢ | ᠨᠠᠶᠢᠳᠠᠪᠤᠷᠢᠵᠢᠭᠤᠯᠤᠨ᠎ᠠ᠃ ︵ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠬᠠᠷᠢᠭᠤᠴᠠᠨ᠎ᠠ︶ | 2. ᠣᠨᠴᠠ ᠲᠣᠭᠲᠠᠭᠰᠠᠨ ᠰᠢᠨ᠎ᠡ ᠪᠣᠬᠢᠷᠲᠤᠯ ᠪᠣᠳᠠᠰ ᠠᠭᠤᠯᠤᠭᠰᠠᠨ ᠬᠠᠶᠠᠭᠳᠠᠮᠠᠯ ᠪᠣᠳᠠᠰ ᠢ ᠴᠤᠭᠯᠠᠭᠤᠯᠤᠨ ᠠᠰᠢᠭᠯᠠᠵᠤ ᠰᠢᠢᠳᠪᠦᠷᠢᠯᠡᠬᠦ ᠶᠢ | ᠴᠢᠩᠭᠠᠷᠠᠭᠤᠯᠤᠨ᠎ᠠ᠃ ᠬᠠᠶᠠᠭᠳᠠᠮᠠᠯ ᠡᠮ ᠤᠨ ᠵᠦᠢᠯ᠂ ᠬᠠᠶᠠᠭᠳᠠᠮᠠᠯ ᠲᠠᠷᠢᠶᠠᠨ ᠡᠮ ᠵᠢᠴᠢ ᠨᠢᠶᠠᠨ ᠳᠠᠷᠤᠭᠴᠢ ᠶᠢ ᠦᠢᠯᠡᠳᠪᠦᠷᠢᠯᠡᠬᠦ ᠶᠠᠪᠤᠴᠠ ᠳᠤ ᠡᠭᠦᠰᠦᠭᠰᠡᠨ | ᠬᠠᠶᠠᠭᠳᠠᠮᠠᠯ ᠡᠬᠡ ᠰᠢᠩᠭᠡᠨ᠂ ᠬᠠᠶᠠᠭᠳᠠᠮᠠᠯ ᠤᠷᠪᠠᠯ ᠤᠨ ᠰᠠᠭᠤᠷᠢ ᠪᠠ ᠬᠠᠶᠠᠭᠳᠠᠮᠠᠯ ᠬᠥᠮᠥᠵᠢᠭᠦᠯᠦᠭᠴᠢ ᠵᠡᠷᠭᠡ ᠬᠠᠶᠠᠭᠳᠠᠮᠠᠯ ᠪᠣᠳᠠᠰ ᠢ ᠴᠤᠭᠯᠠᠭᠤᠯᠤᠨ ᠠᠰᠢᠭᠯᠠᠵᠤ | ᠰᠢᠢᠳᠪᠦᠷᠢᠯᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠮᠠᠨ ᠤ ᠬᠤᠲᠠ ᠶᠢᠨ ᠣᠲᠣ ᠶᠢᠨ ᠪᠠᠶᠢᠭ᠎ᠠ | ᠱᠦᠢᠨᠢ ᠶᠢᠨ ᠤᠭᠤᠷᠬᠠᠶ ᠵᠡᠷᠭᠡ ᠰᠢᠲᠠᠭᠠᠵᠤ ᠰᠢᠢᠳᠪᠦᠷᠢᠯᠡᠬᠦ ᠪᠡᠯᠡᠳᠬᠡᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠶᠠᠭᠳᠠᠮᠠᠯ ᠡᠮ ᠤᠨ ᠵᠦᠢᠯ᠂ | ᠬᠠᠶᠠᠭᠳᠠᠮᠠᠯ ᠲᠠᠷᠢᠶᠠᠨ ᠡᠮ ᠢ ᠬᠠᠮᠵᠢᠯᠴᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠎ᠠ᠃ ︵ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ | ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | 3. ᠰᠢᠨ᠎ᠡ ᠪᠣᠬᠢᠷᠲᠤᠯ ᠪᠣᠳᠠᠰ ᠢ ᠵᠠᠰᠠᠬᠤ ᠲᠤᠷᠰᠢᠯᠲᠠ ᠶᠢᠨ ᠴᠢᠭ᠋ ᠤᠨ ᠢᠨᠵᠧᠨᠧᠷᠢᠩ ᠢ ᠥᠷᠨᠢᠭᠦᠯᠵᠦ᠂ ᠪᠣᠬᠢᠷᠲᠤᠯ ᠢ ᠵᠠᠰᠠᠬᠤ ᠶᠢ ᠠᠬᠢᠭᠤᠯᠤᠨ᠎ᠠ᠃ ᠰᠢᠨ᠎ᠡ | ᠪᠣᠬᠢᠷᠲᠤᠯ ᠪᠣᠳᠠᠰ ᠤᠨ ᠣᠷᠴᠢᠨ ᠲᠣᠭᠤᠷᠢᠨ ᠢ ᠪᠠᠶᠢᠴᠠᠭᠠᠵᠤ ᠬᠢᠨᠠᠨ ᠬᠡᠮᠵᠢᠬᠦ ᠲᠤᠷᠰᠢᠯᠲᠠ ᠶᠢᠨ ᠦᠷ᠎ᠡ ᠳ᠋ᠦᠩ ᠢ ᠦᠨᠳᠦᠰᠦᠯᠡᠨ᠂ ᠬᠢᠮᠢ ᠶᠢᠨ ᠠᠵᠤ ᠦᠢᠯᠡᠳᠪᠦᠷᠢ᠂ | ᠡᠮ ᠡᠮᠨᠡᠯᠭᠡ ᠵᠡᠷᠭᠡ ᠠᠵᠢᠯ ᠲᠥᠷᠥᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠢ ᠰᠣᠩᠭᠤᠨ ᠰᠢᠨ᠎ᠡ ᠪᠣᠬᠢᠷᠲᠤᠯ ᠪᠣᠳᠠᠰ ᠢ | ᠵᠠᠰᠠᠬᠤ ᠲᠤᠷᠰᠢᠯᠲᠠ ᠶᠢᠨ ᠢᠨᠵᠧᠨᠧᠷᠢᠩ ᠢ ᠥᠷᠨᠢᠭᠦᠯᠦᠨ᠎ᠡ᠃ ᠤᠯᠤᠰ ᠤᠨ ᠬᠤᠣᠷ ᠬᠥᠨᠥᠭᠡᠯ ᠲᠠᠢ ᠬᠢᠮᠢ ᠶᠢᠨ ᠪᠣᠳᠠᠰ ᠢ ᠪᠣᠬᠢᠷᠲᠤᠯ ᠦᠭᠡᠢ ᠪᠠᠷ ᠣᠷᠣᠯᠠᠭᠤᠯᠬᠤ᠂ | ᠰᠢᠨ᠎ᠡ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠵᠢᠴᠢ ᠪᠣᠬᠢᠷ ᠤᠰᠤ ᠪᠤᠵᠠᠷ ᠰᠢᠪᠠᠷ᠂ ᠬᠠᠶᠠᠭᠳᠠᠮᠠᠯ ᠰᠢᠩᠭᠡᠨ ᠬᠠᠶᠠᠭᠳᠠᠮᠠᠯ ᠰᠢᠭᠠᠷᠤ ᠳᠠᠬᠢ | ᠰᠢᠨ᠎ᠡ ᠪᠣᠬᠢᠷᠲᠤᠯ ᠪᠣᠳᠠᠰ ᠢ ᠵᠠᠰᠠᠬᠤ ᠵᠢᠱᠢᠶ᠎ᠡ ᠦᠵᠡᠭᠦᠯᠬᠦ ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠨᠥᠬᠦᠴᠡᠯ ᠲᠠᠢ ᠠᠵᠤ ᠠᠬᠤᠶᠢᠯᠠᠯ ᠤᠨ ᠤᠷᠢᠳᠠᠪᠠᠷ | ᠬᠡᠷᠡᠭᠵᠢᠭᠦᠯᠵᠦ ᠤᠷᠢᠳᠠᠪᠠᠷ ᠲᠤᠷᠰᠢᠬᠤ ᠶᠢ ᠵᠣᠷᠢᠭᠵᠢᠭᠤᠯᠵᠤ᠂ ᠰᠢᠨ᠎ᠡ ᠪᠣᠬᠢᠷᠲᠤᠯ ᠪᠣᠳᠠᠰ ᠤᠨ ᠪᠤᠢ ᠪᠣᠯᠬᠤ ᠪᠠ ᠭᠠᠳᠠᠭᠰᠢᠯᠠᠭᠤᠯᠬᠤ ᠶᠢ ᠪᠠᠭᠠᠰᠬᠠᠨ᠎ᠠ᠃ | ︵ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠵᠡᠷᠭᠡ ᠰᠠᠯᠠᠭ᠎ᠠ | ᠮᠥᠴᠢᠷ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠲᠠᠪᠤ︶ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠪᠣᠬᠢᠷᠲᠤᠯ ᠪᠣᠳᠠᠰ ᠢ ᠵᠠᠰᠠᠬᠤ ᠰᠠᠭᠤᠷᠢ ᠶᠢ ᠪᠠᠬᠢᠵᠢᠭᠦᠯᠦᠨ᠎ᠡ᠃ | 1. ᠰᠢᠨ᠎ᠡ ᠪᠣᠬᠢᠷᠲᠤᠯ ᠪᠣᠳᠠᠰ ᠤᠨ ᠮᠡᠷᠭᠡᠵᠢᠯ ᠤᠨ ᠰᠤᠳᠤᠯᠭᠠᠨ ᠢ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠭᠤᠣᠯᠳᠠᠯᠭ᠎ᠠ ᠲᠠᠢ | ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠤᠯᠠᠷᠢᠭᠤᠯᠬᠤ ᠲᠥᠯᠥᠪᠯᠡᠭᠡ ᠳᠤ ᠲᠦᠰᠢᠭᠯᠡᠨ᠂ ᠰᠢᠨ᠎ᠡ ᠪᠣᠬᠢᠷᠲᠤᠯ ᠪᠣᠳᠠᠰ ᠢ ᠵᠠᠰᠠᠬᠤ ᠮᠡᠷᠭᠡᠵᠢᠯ ᠤᠨ ᠰᠤᠳᠤᠯᠭᠠᠨ ᠢ | ᠥᠷᠨᠢᠭᠦᠯᠵᠦ᠂ ᠬᠤᠣᠷ ᠬᠥᠨᠥᠭᠡᠯ ᠲᠠᠢ ᠰᠢᠨ᠎ᠡ ᠪᠣᠬᠢᠷᠲᠤᠯ ᠪᠣᠳᠠᠰ ᠢ ᠬᠢᠨᠠᠨ ᠰᠢᠨᠵᠢᠵᠦ ᠵᠠᠳᠠᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠭᠠᠳᠠᠭᠰᠢᠯᠠᠭᠤᠯᠤᠯᠲᠠ ᠶᠢᠨ | ᠢᠷᠡᠯᠲᠡ ᠶᠢ ᠡᠷᠢᠬᠦ᠂ ᠪᠦᠲᠦᠮᠵᠢᠲᠡᠶ ᠠᠷᠢᠯᠭᠠᠬᠤ ᠵᠡᠷᠭᠡ ᠮᠡᠷᠭᠡᠵᠢᠯ ᠤᠨ ᠰᠤᠳᠤᠯᠤᠨ ᠨᠡᠭᠡᠭᠡᠬᠦ ᠪᠠ ᠦᠨᠡᠯᠡᠬᠦ ᠶᠢ ᠳᠡᠮᠵᠢᠵᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ | ᠲᠤᠯᠭᠠᠭᠤᠷᠢᠯᠠᠬᠤ ᠡᠷᠴᠢᠮ ᠢ ᠴᠢᠩᠭᠠᠷᠠᠭᠤᠯᠤᠨ᠎ᠠ᠃ ︵ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ | ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | 2. ᠰᠢᠨ᠎ᠡ ᠪᠣᠬᠢᠷᠲᠤᠯ ᠪᠣᠳᠠᠰ ᠢ ᠵᠠᠰᠠᠬᠤ ᠰᠠᠭᠤᠷᠢ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠦᠨ᠎ᠡ᠃ ᠰᠢᠨ᠎ᠡ ᠪᠣᠬᠢᠷᠲᠤᠯ ᠪᠣᠳᠠᠰ ᠢ | ᠵᠠᠰᠠᠬᠤ ᠳᠤ ᠬᠢᠨᠠᠯᠲᠠ ᠲᠠᠯᠪᠢᠬᠤ᠂ ᠬᠠᠤᠯᠢ ᠬᠡᠷᠡᠭᠵᠢᠭᠦᠯᠬᠦ᠂ ᠬᠢᠨᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠪᠣᠬᠢᠷᠲᠤᠯ ᠪᠣᠳᠠᠰ ᠤᠨ | ᠣᠷᠴᠢᠨ ᠲᠣᠭᠤᠷᠢᠨ ᠢ ᠬᠢᠨᠠᠨ ᠬᠡᠮᠵᠢᠬᠦ ᠬᠢᠷᠢ ᠬᠡᠮ ᠪᠠ ᠲᠥᠬᠦᠭᠡᠷᠦᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠰᠢᠨ᠎ᠡ ᠪᠣᠬᠢᠷᠲᠤᠯ ᠪᠣᠳᠠᠰ ᠢ ᠨᠡᠶᠢᠭᠡᠮᠴᠢᠯᠡᠨ | ᠬᠢᠨᠠᠨ ᠬᠡᠮᠵᠢᠬᠦ ᠶᠢ ᠵᠣᠷᠢᠭᠵᠢᠭᠤᠯᠵᠤ᠂ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠ ᠲᠤᠰᠬᠠᠢ ᠪᠣᠯᠪᠠᠰᠤᠷᠠᠯ ᠢ | ᠥᠷᠨᠢᠭᠦᠯᠵᠦ᠂ ᠪᠦᠬᠦ ᠬᠤᠲᠠ ᠶᠢᠨ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠢ ᠬᠢᠨᠠᠨ ᠬᠡᠮᠵᠢᠬᠦ ᠪᠠ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠠᠶᠤᠯ | ᠲᠦᠭᠰᠢᠭᠦᠷᠢ ᠶᠢ ᠦᠨᠡᠯᠡᠨ ᠵᠢᠱᠢᠬᠦ ᠮᠡᠷᠭᠡᠵᠢᠯ ᠤᠨ ᠲᠤᠯᠭᠠᠭᠤᠷᠢᠯᠠᠨ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨ᠎ᠡ ᠪᠣᠬᠢᠷᠲᠤᠯ ᠪᠣᠳᠠᠰ ᠢ ᠵᠠᠰᠠᠬᠤ ᠮᠡᠳᠡᠭᠡ | ᠵᠠᠩᠭᠢᠵᠢᠯᠲᠠ ᠶᠢᠨ ᠬᠢᠷᠢ ᠲᠦᠪᠰᠢᠨ ᠢ ᠴᠢᠩᠭᠠᠳᠬᠠᠨ᠎ᠠ᠃ ᠰᠢᠨ᠎ᠡ ᠪᠣᠬᠢᠷᠲᠤᠯ ᠪᠣᠳᠠᠰ ᠢ ᠵᠠᠰᠠᠬᠤ ᠲᠤᠰᠬᠠᠢ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠵᠤ᠂ ᠰᠢᠨ᠎ᠡ | ᠪᠣᠬᠢᠷᠲᠤᠯ ᠪᠣᠳᠠᠰ ᠢ ᠵᠠᠰᠠᠬᠤ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠨ᠎ᠠ᠃ ︵ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠎ᠠ᠃ ᠬᠤᠲᠠ ᠶᠢᠨ ᠱᠠᠲᠤᠨ ᠤ ᠶᠡᠷᠦᠩᠬᠡᠢ ᠬᠠᠷᠢᠭᠤᠴᠠᠯᠭ᠎ᠠ ᠶᠢ ᠬᠠᠷᠢᠭᠤᠴᠠᠬᠤ᠂ ᠬᠤᠰᠢᠭᠤ | ᠰᠢᠶᠠᠨ ᠲᠣᠭᠤᠷᠢᠭ ᠤᠨ ᠪᠣᠳᠠᠲᠠᠢ ᠨᠠᠶᠢᠳᠠᠪᠤᠷᠢᠵᠢᠭᠤᠯᠬᠤ ᠵᠠᠷᠴᠢᠮ ᠶᠣᠰᠣᠭᠠᠷ᠂ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠵᠦ᠂ ᠰᠢᠨ᠎ᠡ ᠪᠣᠬᠢᠷᠲᠤᠯ ᠪᠣᠳᠠᠰ ᠢ ᠵᠠᠰᠠᠬᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠬᠤᠳᠠ ᠶᠢᠨ | ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠲᠦᠷᠦᠭᠦᠯᠡᠨ ᠶᠡᠷᠦᠩᠬᠡᠢ ᠠᠵᠢᠯ ᠢ ᠠᠳᠬᠤᠬᠤ ᠦᠢᠯᠡᠳᠦᠯ ᠢᠶᠠᠨ ᠦᠨᠡᠨᠬᠦ ᠪᠠᠳᠠᠷᠠᠭᠤᠯᠵᠤ᠂ ᠬᠥᠭᠵᠢᠭᠦᠯᠦᠯᠲᠡ | ᠥᠭᠡᠷᠡᠴᠢᠯᠡᠯᠲᠡ᠂ ᠰᠢᠨᠵᠢᠯᠡᠬᠦ ᠤᠬᠠᠭᠠᠨ ᠮᠡᠷᠭᠡᠵᠢᠯ᠂ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠵᠢᠯᠲᠠ᠂ ᠡᠳ᠋ ᠤᠨ ᠵᠠᠰᠠᠭ᠂ ᠣᠷᠣᠨ ᠰᠠᠭᠤᠴᠠ ᠬᠤᠳᠠ | ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠢ᠂ ᠡᠷᠡᠭᠦᠯ ᠬᠠᠮᠠᠭᠠᠯᠠᠯ ᠡᠷᠡᠭᠦᠯ ᠮᠡᠨᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ | ᠭᠠᠶᠢᠯᠢ ᠶᠢᠨ ᠶᠠᠪᠤᠳᠠᠯ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ᠂ ᠪᠣᠭᠤᠮᠲᠠ ᠵᠡᠷᠭᠡ ᠰᠠᠯᠠᠭ᠎ᠠ ᠮᠥᠴᠢᠷ ᠨᠢᠭᠡᠴᠡ ᠶᠢ ᠲᠣᠭᠲᠠᠮᠠᠯ ᠬᠤᠭᠤᠴᠠᠭ᠎ᠠ ᠲᠠᠢ ᠪᠠᠷ | ᠵᠣᠬᠢᠶᠠᠨ ᠪᠠᠶᠢᠭᠤᠯᠤᠨ ᠵᠥᠪᠳᠡᠯᠴᠡᠵᠦ᠂ ᠪᠦᠬᠦ ᠬᠤᠳᠠ ᠶᠢᠨ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ | ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠡᠯ᠎ᠡ ᠬᠤᠰᠢᠭᠤ ᠰᠢᠶᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠨᠤᠭᠤᠳ ᠲᠣᠰ ᠭᠠᠵᠠᠷ ᠣᠷᠣᠨ ᠤ ᠪᠠᠨ ᠰᠢᠨ᠎ᠡ ᠪᠣᠬᠢᠷᠲᠤᠯ ᠪᠣᠳᠠᠰ ᠢ ᠵᠠᠰᠠᠬᠤ ᠶᠢᠨ ᠬᠡᠷᠡᠭᠵᠢᠭᠦᠯᠬᠦ ᠲᠥᠰᠥᠯ ᠢ ᠲᠣᠭᠲᠠᠭᠠᠨ | ᠨᠡᠶᠢᠲᠡᠯᠡᠵᠦ᠂ ᠬᠠᠷᠠᠯᠲᠠ ᠶᠢᠨ ᠡᠭᠦᠷᠭᠡ ᠶᠢ ᠨᠠᠷᠢᠯᠢᠭᠵᠢᠭᠤᠯᠤᠨ ᠵᠠᠳᠠᠯᠵᠤ᠂ ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠨᠦᠭᠦᠳ ᠬᠠᠮᠲᠤᠷᠠᠨ ᠪᠠᠶᠢᠴᠠᠭᠠᠯᠲᠠ ᠬᠢᠵᠦ | ᠬᠠᠤᠯᠢ ᠬᠡᠷᠡᠭᠵᠢᠭᠦᠯᠬᠦ ᠶᠢ ᠥᠷᠨᠢᠭᠦᠯᠵᠦ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠂ ᠰᠢᠨ᠎ᠡ ᠪᠣᠬᠢᠷᠲᠤᠯ ᠪᠣᠳᠠᠰ ᠢ ᠵᠠᠰᠠᠬᠤ ᠡᠯ᠎ᠡ ᠵᠦᠢᠯ ᠤᠨ | ᠠᠵᠢᠯ ᠢ ᠬᠦᠴᠦ ᠪᠠᠨ ᠬᠠᠮᠲᠤᠳᠬᠠᠨ ᠰᠠᠶᠢᠲᠤᠷ ᠬᠢᠵᠦ᠂ 2025 ᠣᠨ ᠳᠤ ᠲᠣᠰ ᠲᠥᠰᠥᠯ ᠢ ᠬᠡᠷᠡᠭᠵᠢᠭᠦᠯᠦᠭᠰᠡᠨ ᠪᠠᠶᠢᠳᠠᠯ ᠳᠤ ᠪᠥᠬᠦ ᠲᠠᠯ᠎ᠠ ᠶᠢᠨ ᠦᠨᠡᠯᠡᠨ | ᠵᠢᠱᠢᠯᠲᠡ ᠬᠢᠬᠦ ᠬᠡᠷᠡᠭᠲᠡᠢ᠃ ︵ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠲᠦᠷᠦᠭᠦᠯᠡᠵᠦ᠂ ᠬᠤᠲᠠ ᠶᠢᠨ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠶᠠᠷ︶ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠴᠢᠩᠭᠠᠳᠬᠠᠨ᠎ᠠ᠃ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠰᠢᠨ᠎ᠡ ᠪᠣᠬᠢᠷᠲᠤᠯ ᠪᠣᠳᠠᠰ ᠢ ᠵᠠᠰᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠡᠯ᠎ᠡ ᠰᠠᠯᠠᠭ᠎ᠠ ᠮᠥᠴᠢᠷ | ᠨᠢᠭᠡᠴᠡ ᠨᠦᠭᠦᠳ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢ ᠮᠡᠳᠡᠭᠡᠯᠡᠬᠦ ᠲᠣᠭᠲᠠᠴᠠ ᠶᠢ ᠪᠠᠶᠢᠭᠤᠯᠵᠤ᠂ ᠮᠡᠳᠡᠭᠡ ᠵᠠᠩᠭᠢ ᠶᠢ ᠬᠠᠷᠢᠯᠴᠠᠨ | ᠨᠡᠪᠲᠡᠷᠡᠯᠴᠡᠵᠦ ᠬᠠᠮᠲᠤᠪᠠᠷ ᠭᠥᠷᠳᠡᠬᠦ ᠶᠢ ᠴᠢᠩᠭᠠᠷᠠᠭᠤᠯᠤᠨ᠂ ᠰᠢᠨ᠎ᠡ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠭᠤᠣᠯᠳᠠᠯᠭ᠎ᠠ ᠲᠠᠢ ᠬᠠᠮᠢᠶᠠᠷᠤᠨ | ᠡᠵᠡᠮᠳᠡᠬᠦ ᠶᠢᠨ ᠬᠠᠤᠯᠢ ᠬᠡᠷᠡᠭᠵᠢᠭᠦᠯᠵᠦ ᠬᠢᠨᠠᠨ ᠬᠡᠮᠵᠢᠬᠦ ᠪᠠ ᠭᠤᠣᠯᠳᠠᠯᠭ᠎ᠠ ᠲᠠᠢ ᠣᠷᠣᠨ ᠪᠦᠰᠡ ᠶᠢᠨ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢ ᠴᠢᠩᠭᠠᠳᠬᠠᠬᠤ | ᠬᠡᠷᠡᠭᠲᠡᠢ᠃ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠳᠤ ᠬᠤᠯᠪᠣᠭᠳᠠᠭᠰᠠᠨ ᠰᠢᠨ᠎ᠡ ᠪᠣᠬᠢᠷᠲᠤᠯ ᠪᠣᠳᠠᠰ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ | ᠬᠠᠤᠯᠢ ᠶᠣᠰᠣᠭᠠᠷ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠬᠢᠵᠦ᠂ ᠣᠷᠴᠢᠨ ᠲᠣᠭᠤᠷᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ | ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠤᠭᠰᠠᠨ ᠦᠭᠡᠢ ᠠᠵᠤ ᠠᠬᠤᠶᠢᠯᠠᠯ ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ | ᠬᠤᠣᠷ ᠲᠠᠢ ᠬᠥᠨᠥᠭᠡᠯ ᠲᠠᠢ ᠬᠢᠮᠢ ᠶᠢᠨ ᠪᠣᠳᠠᠰ ᠵᠢᠴᠢ ᠲᠡᠭᠦᠨ ᠲᠠᠢ ᠬᠤᠯᠪᠣᠭᠳᠠᠬᠤ ᠪᠦᠲᠦᠭᠡᠭᠳᠡᠬᠦᠨ ᠢ ᠦᠢᠯᠡᠳᠪᠦᠷᠢᠯᠡᠬᠦ᠂ ᠡᠳ᠋ᠰᠢᠭᠦᠯᠤ᠋ ᠨ ᠬᠡᠷᠡᠭᠯᠡᠬᠦ᠂ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠴᠠᠭᠠᠵᠠᠯᠠᠬᠤ ᠪᠤᠶᠤ ᠬᠢᠵᠠᠭᠠᠷᠯᠠᠬᠤ ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠶᠢ | ᠴᠢᠩᠭᠠᠳᠬᠠᠨ᠎ᠠ᠃ ︵ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠤᠷᠠᠳ ᠪᠣᠭᠤᠮᠲᠠ ᠵᠡᠷᠭᠡ ᠰᠠᠯᠠᠭ᠎ᠠ ᠮᠥᠴᠢᠷ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠷᠪᠠ︶ ᠪᠡᠯᠡ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠦᠨ᠎ᠡ᠃ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠪᠣᠯᠣᠨ ᠡᠯ᠎ᠡ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠡᠳ᠋ ᠤᠨ ᠵᠠᠰᠠᠭ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ᠂ ᠰᠢᠨ᠎ᠡ ᠪᠣᠬᠢᠷᠲᠤᠯ ᠪᠣᠳᠠᠰ ᠢ | ᠵᠠᠰᠠᠬᠤ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠵᠤ᠂ ᠰᠢᠨ᠎ᠡ ᠪᠣᠬᠢᠷᠲᠤᠯ ᠪᠣᠳᠠᠰ ᠢ ᠪᠠᠶᠢᠴᠠᠭᠠᠵᠤ ᠬᠢᠨᠠᠨ ᠬᠡᠮᠵᠢᠬᠦ᠂ ᠰᠢᠭᠰᠢᠨ ᠪᠠᠶᠢᠴᠠᠭᠠᠵᠤ ᠦᠨᠡᠯᠡᠨ ᠵᠢᠱᠢᠬᠦ᠂ | ᠲᠤᠷᠰᠢᠯᠲᠠ ᠶᠢᠨ ᠴᠢᠭ᠋ ᠤᠨ ᠵᠢᠱᠢᠶ᠎ᠡ ᠦᠵᠡᠭᠦᠯᠬᠦ᠂ ᠬᠠᠮᠢᠶᠠᠷᠤᠨ ᠡᠵᠡᠮᠳᠡᠵᠦ ᠵᠠᠰᠠᠬᠤ ᠵᠡᠷᠭᠡ ᠠᠵᠢᠯ ᠥᠷᠨᠢᠭᠦᠯᠬᠦ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ | ᠱᠠᠲᠤᠨ ᠤ ᠲᠤᠰᠬᠠᠢ ᠵᠦᠢᠯ ᠤᠨ ᠪᠡᠯᠡ ᠮᠥᠩᠭᠦ᠂ ᠣᠷᠣᠨ ᠨᠤᠲᠤᠭ ᠤᠨ ᠡᠳ᠋ ᠤᠨ ᠵᠠᠰᠠᠭ ᠤᠨ ᠣᠷᠣᠭᠤᠯᠤᠯᠲᠠ ᠪᠠᠷ ᠬᠥᠲᠥᠯᠥᠨ ᠳᠠᠭᠠᠭᠤᠯᠤᠭᠰᠠᠨ ᠣᠯᠠᠨ | ᠡᠰᠢᠵᠢᠭᠰᠡᠨ ᠪᠡᠯᠡ ᠮᠥᠩᠭᠦ ᠶᠢᠨ ᠪᠠᠲᠤᠯᠠᠭ᠎ᠠ ᠶᠢᠨ ᠳᠦᠷᠢᠮ ᠢ ᠪᠠᠶᠢᠭᠤᠯᠬᠤ ᠬᠡᠷᠡᠭᠲᠡᠢ᠃ ᠪᠡᠯᠡ ᠣᠷᠣᠭᠤᠯᠤᠯᠲᠠ ᠶᠢᠨ ᠠᠷᠭ᠎ᠠ ᠵᠠᠮ ᠢ ᠥᠷᠭᠡᠳᠬᠡᠵᠦ᠂ ᠨᠠᠩ ᠣᠯᠠᠨ | ᠨᠡᠶᠢᠭᠡᠮ᠂ ᠮᠥᠩᠭᠦᠨ ᠭᠦᠢᠯᠭᠡᠭᠡᠨ ᠤ ᠬᠥᠷᠥᠩᠭᠡ ᠶᠢᠨ ᠰᠢᠨ᠎ᠡ ᠪᠣᠬᠢᠷᠲᠤᠯ ᠪᠣᠳᠠᠰ ᠢ ᠵᠠᠰᠠᠬᠤ ᠬᠦᠷᠢᠶᠡᠨ ᠳᠤ ᠣᠷᠣᠬᠤ ᠶᠢ ᠬᠥᠲᠥᠯᠥᠨ ᠵᠢᠯᠤᠭᠤᠳᠴᠤ | ᠵᠣᠷᠢᠭᠵᠢᠭᠤᠯᠤᠨ᠎ᠠ᠃ ᠰᠢᠨ᠎ᠡ ᠪᠣᠬᠢᠷᠲᠤᠯ ᠪᠣᠳᠠᠰ ᠢ ᠵᠠᠰᠠᠬᠤ ᠳᠤ ᠲᠣᠭᠲᠠᠭᠠᠯ ᠶᠣᠰᠣᠭᠠᠷ ᠭᠠᠶᠢᠯᠢ ᠲᠠᠲᠠᠪᠤᠷᠢ ᠶᠢᠨ ᠬᠠᠷᠠᠭᠠᠯᠵᠠᠯᠲᠤ ᠲᠦᠷᠦ ᠶᠢᠨ ᠪᠣᠳᠣᠯᠭ᠎ᠠ ᠶᠢ | ᠬᠦᠷᠳᠡᠨ᠎ᠠ᠃ ︵ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠪᠠᠶᠠᠨᠨᠠᠭᠤᠷ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠪᠠᠶᠠᠨᠨᠠᠭᠤᠷ ᠤᠨ ᠪᠠᠩᠬᠢ | ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ︵ᠳᠥᠷᠪᠡ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠨ᠎ᠠ᠃ ᠬᠠᠤᠯᠢ ᠴᠠᠭᠠᠵᠠ ᠬᠠᠤᠯᠢ ᠲᠣᠭᠲᠠᠭᠠᠯ ᠲᠦᠷᠦ ᠶᠢᠨ ᠪᠣᠳᠣᠯᠭ᠎ᠠ ᠶᠢ | ᠤᠬᠠᠭᠤᠯᠤᠨ ᠲᠠᠶᠢᠯᠪᠤᠷᠢᠯᠠᠬᠤ ᠶᠢ ᠴᠢᠩᠭᠠᠳᠬᠠᠨ᠎ᠠ᠃ ᠰᠢᠨ᠎ᠡ ᠪᠣᠬᠢᠷᠲᠤᠯ ᠪᠣᠳᠠᠰ ᠢ ᠵᠠᠰᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ | ᠥᠷᠭᠡᠨ ᠢᠶᠠᠷ ᠥᠷᠨᠢᠭᠦᠯᠵᠦ᠂ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠪᠠ ᠡᠷᠡᠭᠦᠯ ᠮᠡᠨᠳᠦ ᠶᠢᠨ ᠬᠤᠣᠷ ᠬᠥᠨᠥᠭᠡᠯ ᠤᠨ ᠲᠤᠬᠠᠢ ᠣᠯᠠᠨ ᠨᠡᠶᠢᠲᠡ ᠶᠢᠨ | ᠰᠢᠨᠵᠢᠯᠡᠬᠦ ᠤᠬᠠᠭᠠᠨᠴᠢ ᠲᠠᠨᠢᠯᠲᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠣᠬᠢᠷᠲᠤᠯ ᠦᠭᠡᠢ ᠬᠡᠷᠡᠭᠯᠡᠭᠡᠨ ᠤ ᠣᠨᠣᠯᠵᠢᠬᠤᠨ ᠢ ᠴᠢᠩᠭᠠᠷᠠᠭᠤᠯᠤᠨ᠎ᠠ᠃ ᠤᠯᠠᠨ | ᠨᠡᠶᠢᠲᠡ ᠶᠢᠨ ᠤᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠰᠢᠨ᠎ᠡ ᠪᠣᠬᠢᠷᠲᠤᠯ ᠪᠣᠳᠠᠰ ᠤᠨ ᠣᠷᠴᠢᠨ ᠠᠬᠤᠢ ᠳᠤ ᠬᠤᠯᠪᠣᠭᠳᠠᠭᠰᠠᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠵᠤ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠦᠢᠯᠡᠳᠦᠯ ᠢ | ᠭᠦᠢᠴᠡᠳ ᠪᠠᠳᠠᠷᠠᠭᠤᠯᠤᠨ᠎ᠠ᠃ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠣᠯᠠᠨ ᠤᠯᠤᠰ ᠤᠨ ᠨᠡᠶᠢᠲᠡ ᠶᠢᠨ ᠭᠡᠷ᠎ᠡ ᠶᠢ ᠭᠦᠢᠴᠡᠳᠬᠡᠬᠦ ᠠᠵᠢᠯᠯᠠᠭ᠎ᠠ ᠪᠠ | ᠤᠬᠠᠭᠤᠯᠭ᠎ᠠ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠪᠠᠶᠠᠨᠨᠠᠭᠤᠷ ᠬᠤᠲᠠ ᠶᠢᠨ ᠣᠷᠣᠨ ᠨᠤᠲᠤᠭ ᠤᠨ ᠭᠡᠷ᠎ᠡ ᠶᠢ ᠭᠦᠢᠴᠡᠳᠬᠡᠬᠦ ᠦᠢᠯᠡᠳᠦᠯ ᠢ ᠭᠦᠢᠴᠡᠳ | ᠪᠠᠳᠠᠷᠠᠭᠤᠯᠤᠨ᠎ᠠ᠃ ︵ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠲᠦᠷᠦᠭᠦᠯᠡᠵᠦ᠂ ᠬᠤᠲᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | | | |