ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠭᠠᠭᠴᠠᠮᠣᠳᠣ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ | ᠮᠡᠷᠭᠡᠵᠢᠯ ᠤᠨ ᠵᠢᠱᠢᠶ᠎ᠡ ᠦᠵᠡᠭᠦᠯᠬᠦ ᠲᠣᠭᠤᠷᠢᠭ ᠤᠨ ᠬᠠᠮᠢᠶᠠᠷᠤᠯᠲᠠ ︵ᠪᠡᠯᠡᠳᠬᠡᠭᠰᠡᠨ︶ ᠺᠣᠮᠢᠰ ᠤᠨ ᠠᠯᠪᠠᠨ ᠭᠡᠷ᠂ ᠬᠤᠳᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ | ᠮᠥᠴᠢᠷ᠂ ᠬᠤᠳᠠ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ ᠪᠠᠶᠠᠨᠨᠠᠭᠤᠷ ᠬᠤᠲᠠ ᠶᠢᠨ ᠬᠤᠲᠠ ᠪᠠᠯᠭᠠᠰᠤ ᠶᠢᠨ ᠤᠰᠤ ᠬᠠᠩᠭᠠᠬᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ | ᠲᠥᠰᠥᠯ︾ ︽ ᠪᠠᠶᠠᠨᠨᠠᠭᠤᠷ ᠬᠤᠲᠠ ᠶᠢᠨ ᠬᠤᠲᠠ ᠪᠠᠯᠭᠠᠰᠤ ᠶᠢᠨ ᠢᠯᠴᠢ ᠬᠠᠩᠭᠠᠬᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ | ᠲᠥᠰᠥᠯ ︾ ︽ᠪᠠᠶᠠᠨᠨᠠᠭᠤᠷ ᠬᠤᠲᠠ ᠶᠢᠨ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ᠢ ᠬᠤᠲᠠ ᠶᠢᠨ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠬᠢᠨᠠᠮᠠᠭᠠᠢ | ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃ | 2023 ᠣᠨ ᠤ 8 ᠰᠠᠷ᠎ᠠ ᠶᠢᠨ 26 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠪᠡ︶ | | | ᠪᠠᠶᠠᠨᠨᠠᠭᠤᠷ ᠬᠤᠲᠠ ᠶᠢᠨ ᠬᠤᠲᠠ ᠪᠠᠯᠭᠠᠰᠤ ᠶᠢᠨ ᠢᠯᠴᠢ ᠬᠠᠩᠭᠠᠬᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ | ᠭᠠᠷᠴᠠᠭ | 1 ᠶᠡᠷᠦᠩᠭᠡᠢ ᠳᠥᠷᠢᠮ | 1.1 ᠨᠡᠶᠢᠷᠡᠭᠤᠯᠥᠨ ᠵᠤᠬᠢᠶ᠋ᠬᠠᠰᠠᠨ ᠵᠣᠷᠢᠯᠭ᠎ᠠ | 1.2 ᠨᠡᠶᠢᠷᠡᠭᠤᠯᠥᠨ ᠵᠤᠬᠢᠶ᠋ᠬᠠᠰᠠᠨ ᠦᠨᠳᠦᠰᠦᠯᠡᠯ | 1.3 ᠬᠡᠷᠡᠭᠯᠡᠬᠦ ᠬᠡᠪᠴᠢᠶ᠎ᠡ | 1.4 ᠠᠵᠢᠯ ᠤᠨ ᠵᠠᠷᠴᠢᠮ | 1.5 ᠪᠡᠯᠡᠳᠬᠡᠯ ᠲᠥᠰᠦᠯ ᠤᠨ ᠰᠢᠰᠲ᠋ᠧᠮ | 2 ᠲᠦᠭᠰᠢᠭᠦᠷᠢ ᠶᠢ ᠢᠯᠭᠠᠨ ᠲᠠᠨᠢᠬᠤ ᠪᠠ ᠡ᠊ᠨᠳᠡᠯ ᠤᠨ ᠳᠡᠰ | 2.1 ᠠᠳᠡᠯ ᠭᠠᠷᠴᠤ ᠮᠡᠳᠡᠬᠦ ᠭᠤᠤᠯ ᠲᠦᠭᠰᠢᠭᠦᠷᠢ | 2.2 ᠠᠳᠡᠭᠳᠡᠯ ᠤᠨ ᠳᠡᠰ | 3 ᠵᠤᠬᠢᠶᠡᠨ ᠪᠠᠶᠢᠭᠤᠯᠥᠯᠳᠡ ᠶᠢᠨ ᠪᠠᠶᠢᠭᠤᠯᠥᠮᠵᠢ ᠵᠢᠴᠢ ᠲᠣᠰᠢᠶᠡᠯ ᠬᠠᠷᠢᠭᠤᠴᠠᠯᠭ᠎ᠠ | 3.1 ᠬᠤᠲᠠ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ ᠬᠢᠭᠡᠳ ᠡᠭᠦᠷᠭᠡ ᠬᠠᠷᠢᠭᠤᠴᠠᠯᠭ᠎ᠠ | 3.2 ᠬᠤᠰᠢᠭᠤ ᠰᠢᠶᠠᠨ ᠤ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ ᠬᠢᠭᠡᠳ ᠡᠭᠦᠷᠭᠡ ᠬᠠᠷᠢᠭᠤᠴᠠᠯᠭ᠎ᠠ | 3.3 ᠢᠯᠴᠢ ᠬᠠᠩᠭᠠᠬᠤ ᠨᠢᠭᠡᠴᠡ ᠶᠢᠨ ᠪᠠᠴᠢᠮ ᠪᠠᠶᠢᠳᠠᠯ ᠢ ᠠᠷᠭᠠᠴᠠᠬᠤ ᠵᠣᠬᠢᠶᠠᠨ ᠪᠠᠶᠢᠭᠤᠯᠤᠯᠲᠠ ᠬᠢᠭᠡᠳ ᠡᠭᠦᠷᠭᠡ ᠬᠠᠷᠢᠭᠤᠴᠠᠯᠭ᠎ᠠ | 4 ᠬᠢᠨᠡᠨ ᠰᠢᠨᠵᠢᠵᠦ ᠰᠡᠷᠡᠮᠵᠢᠯᠡᠬᠦᠯᠬᠦ ᠪᠠ ᠰᠡᠷᠡᠮᠵᠢᠯᠡᠬᠦᠯᠬᠦ ᠨᠡᠶᠢᠳᠡᠯᠡᠯ | 4.1 ᠳᠥᠭᠰᠢᠬᠦᠷᠢ ᠶᠢᠨ ᠰᠡᠷᠭᠡᠶᠢᠯᠡᠯᠲᠡ | 4.2 ᠬᠢᠨᠠᠨ ᠰᠢᠨᠵᠢᠯᠡᠵᠦ ᠤᠷᠢᠳᠴᠢᠯᠠᠨ ᠮᠡᠳᠡᠭᠡᠯᠡᠬᠦ | 4.3 ᠰᠡᠷᠡᠮᠵᠢᠯᠡᠬᠦᠯᠬᠦ ᠳᠡᠰ ᠬᠤᠪᠢᠶᠡᠬᠤ | 4.4 ᠰᠡᠷᠡᠮᠵᠢᠯᠡᠬᠦᠯᠦᠯ ᠨᠡᠶᠢᠲᠡᠯᠡᠬᠦ | 4.5 ᠰᠡᠷᠡᠮᠵᠢᠯᠡᠭᠦᠯᠬᠦ ᠠᠵᠢᠯᠯᠠᠭ᠎ᠠ | 5 ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | 5.1 ᠳᠡᠰ ᠬᠤᠪᠢᠶᠠᠵᠤ ᠠᠷᠭᠠᠴᠠᠬᠤ | 5.2 ᠳᠠᠭᠠᠵᠤ ᠬᠢᠬᠦ ᠶᠢ ᠳᠡᠰ ᠬᠤᠪᠢᠶᠡᠬᠤ | 5.3 ᠡᠮᠦᠨ᠎ᠡ ᠬᠤᠭᠤᠴᠠᠭᠠᠨ ᠳᠤ ᠰᠢᠢᠳᠪᠦᠷᠢᠯᠡᠬᠦ | 5.4 ᠱᠠᠲᠤ ᠬᠤᠪᠢᠶᠠᠨ ᠰᠢᠢᠳᠪᠦᠷᠢᠯᠡᠬᠦ | 5.5 ᠮᠡᠳᠡᠭᠡ ᠵᠠᠩᠭᠢ ᠶᠢᠨ ᠨᠡᠶᠢᠲᠡᠯᠡᠯ | 5.6 ᠳᠠᠭᠠᠬᠤ ᠪᠠ ᠳᠠᠭᠠᠬᠤ ᠶᠢ ᠳᠠᠭᠤᠰᠬᠠᠬᠤ | 6 ᠬᠤᠶᠢᠨᠠᠬᠢ ᠠᠵᠢᠯ | 6.1 ᠬᠤᠶᠢᠳᠤᠬᠢ ᠶᠠᠪᠤᠳᠠᠯ ᠢ ᠰᠢᠢᠳᠪᠦᠷᠢᠯᠡᠬᠦ | 6.2 ᠪᠠᠶᠢᠴᠠᠭᠠᠨ ᠦᠨᠡᠯᠡᠨ ᠵᠢᠱᠢᠬᠦ | 7 ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ | 7.1 ᠴᠢᠮᠡᠭᠡ ᠬᠤᠯᠪᠣᠭᠠᠨ ᠤ ᠪᠠᠲᠤᠯᠠᠭ᠎ᠠ | 7.2 ᠡᠩᠨᠡᠭᠡ ᠶᠢᠨ ᠪᠠᠳᠣᠯᠠᠭ᠎ᠠ | 7.3 ᠡᠳ᠋ ᠪᠠᠷᠠᠭ᠎ᠠ ᠶᠢᠨ ᠪᠠᠲᠤᠯᠠᠭ᠎ᠠ | 7.4 ᠵᠠᠮ ᠬᠠᠷᠢᠯᠴᠠᠭᠠᠨ ᠤ ᠪᠠᠲᠤᠯᠠᠭ᠎ᠠ | 8 ᠪᠡᠯᠡᠳᠭᠡᠯ ᠳᠥᠰᠥᠯ ᠤᠨ ᠬᠠᠮᠢᠶᠡᠷᠦᠯᠳᠡ | 8.1 ᠤᠬᠠᠭᠤᠯᠭ᠎ᠠ ᠪᠣᠯᠪᠠᠰᠤᠷᠠᠯ | 8.2 ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠬᠤ | 8.3 ᠬᠠᠷᠢᠭᠤᠴᠠᠯᠭ᠎ᠠ ᠨᠡᠬᠡᠮᠵᠢᠯᠡᠬᠦ | ᠳᠠᠭᠠᠯᠳᠤᠭᠤᠯᠤᠭᠰᠠᠨ ᠳᠦᠷᠢᠮ | | 1 ᠶᠡᠷᠦᠩᠭᠡᠢ ᠳᠥᠷᠢᠮ | 1.1 ᠨᠡᠶᠢᠷᠡᠭᠤᠯᠥᠨ ᠵᠤᠬᠢᠶ᠋ᠬᠠᠰᠠᠨ ᠵᠣᠷᠢᠯᠭ᠎ᠠ | ᠢᠯᠴᠢ ᠬᠠᠩᠭᠠᠬᠤ ᠭᠡᠨᠡᠳᠲᠡ ᠶᠢᠨ ᠠᠳᠡᠯ ᠢ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠬᠤᠲᠠ ᠪᠠᠯᠭᠠᠰᠤᠨ ᠤ ᠢᠯᠴᠢ ᠬᠠᠩᠭᠠᠬᠤ ᠠᠳᠡᠯ ᠢ ᠴᠠᠭ | ᠲᠤᠬᠠᠶ ᠳᠤᠨᠢ᠂ ᠡᠮᠬᠢ ᠵᠢᠷᠤᠮ ᠲᠠᠢ᠂ ᠥᠨᠳᠥᠷ ᠪᠦᠲᠦᠮᠵᠢᠲᠡᠶ᠂ ᠲᠣᠬᠢᠲᠠᠶ ᠰᠢᠢᠳᠪᠦᠷᠢᠯᠡᠵᠦ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠶᠢ | ᠵᠢᠯᠣᠭᠤᠳᠴᠤ᠂ ᠢᠯᠴᠢ ᠬᠠᠩᠭᠠᠬᠤ ᠠᠳᠡᠯ ᠵᠢᠴᠢ ᠲᠡᠭᠦᠨ ᠠᠴᠠ ᠪᠣᠯᠤᠭᠰᠠᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠠᠷᠠᠳ ᠣᠯᠠᠨ ᠤ ᠠᠮᠢ | ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ | 1.2 ᠨᠡᠶᠢᠷᠡᠭᠤᠯᠥᠨ ᠵᠤᠬᠢᠶ᠋ᠬᠠᠰᠠᠨ ᠦᠨᠳᠦᠰᠦᠯᠡᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠶ ᠦᠢᠯᠡᠳᠪᠦᠷᠢᠯᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾᠂ ︽ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠤᠨ ᠮᠡᠳᠡᠭᠦᠯᠦᠯᠲᠡ ᠪᠠ ᠪᠠᠶᠢᠴᠠᠭᠠᠨ | ᠰᠢᠢᠳᠪᠦᠷᠢᠯᠡᠬᠦ ᠲᠦᠷᠢᠮ︾ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠢᠯᠴᠢ ᠬᠠᠩᠭᠠᠬᠤ ᠲᠦᠷᠢᠮ︾ | ︽ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠬᠠᠮᠢᠶᠠᠷᠤᠯᠲᠠ ᠶᠢᠨ ᠠᠷᠭ᠎ᠠ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠪᠡᠯᠡᠳᠬᠡᠯ ᠲᠥᠰᠦᠯ ︵ᠲᠤᠷᠰᠢᠨ | ᠬᠡᠷᠡᠭᠵᠢᠭᠦᠯᠬᠦ︶︾ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠯᠴᠢ ᠬᠠᠩᠭᠠᠬᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ ︾ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ᠃ | 1.3 ᠬᠡᠷᠡᠭᠯᠡᠬᠦ ᠬᠡᠪᠴᠢᠶ᠎ᠡ | ᠲᠣᠰ ᠪᠡᠯᠡᠳᠬᠡᠯ ᠲᠥᠰᠦᠯ ᠨᠢ ᠪᠠᠶᠠᠨᠨᠠᠭᠤᠷ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠤᠲᠠ ᠪᠠᠯᠭᠠᠰᠤ ᠶᠢᠨ ᠢᠯᠴᠢ ᠬᠠᠩᠭᠠᠬᠤ | ᠠᠵᠢᠯᠯᠠᠭᠠᠨ ᠤ ᠶᠠᠪᠤᠴᠠ ᠳᠠᠬᠢ ᠠᠳᠡᠯ ᠵᠢᠴᠢ ᠪᠤᠰᠤᠳ ᠠᠳᠡᠯ ᠠᠴᠠ ᠪᠣᠯᠵᠣ ᠡᠭᠦᠰᠦᠭᠰᠡᠨ ᠢᠯᠴᠢ ᠬᠠᠩᠭᠠᠬᠤ ᠠᠳᠡᠯ ᠳᠤ ᠳᠣᠭᠢᠷᠠᠨ᠎ᠠ᠃ | 1.4 ᠠᠵᠢᠯ ᠤᠨ ᠵᠠᠷᠴᠢᠮ | ︵1︶ ᠬᠦᠩ ᠢᠶᠠᠷ ᠦᠨᠳᠦᠰᠦ ᠪᠣᠯᠭᠠᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠃ ᠢᠯᠴᠢ ᠬᠠᠩᠭᠠᠬᠤ ᠡ᠊ᠨᠳᠡᠯ ᠭᠠᠷᠬᠤ ᠶᠢ ᠢᠳᠡᠪᠬᠢᠲᠡᠶ ᠪᠠᠷ | ᠰᠡᠷᠭᠡᠶᠢᠯᠡᠵᠦ᠂ ᠤᠷᠢᠳᠴᠢᠯᠠᠨ ᠰᠡᠷᠡᠮᠵᠢᠯᠡᠭᠦᠯᠵᠦ ᠵᠠᠳᠠᠯᠬᠤ ᠵᠢᠴᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ ᠰᠣᠷᠢᠯᠲᠠ ᠶᠢᠨ | ᠠᠵᠢᠯ ᠢ ᠰᠠᠶᠢᠲᠤᠷ ᠬᠢᠵᠦ᠂ ᠡᠷᠲᠡ ᠣᠯᠵᠤ ᠮᠡᠳᠡᠬᠦ᠂ ᠡᠷᠲᠡ ᠮᠡᠳᠡᠭᠦᠯᠬᠦ᠂ ᠡᠷᠲᠡ ᠡᠵᠡᠮᠳᠡᠬᠦ᠂ ᠡᠷᠲᠡ ᠰᠢᠢᠳᠪᠦᠷᠢᠯᠡᠬᠦ ᠪᠠᠷ ᠴᠢᠷᠮᠠᠶᠢᠵᠤ᠂ ᠢᠯᠴᠢ ᠬᠠᠩᠭᠠᠬᠤ | ᠡ᠊ᠨᠳᠡᠯ ᠤᠨ ᠤᠴᠠᠷᠠᠭᠤᠯᠤᠭᠰᠠᠨ ᠬᠤᠤᠷ ᠬᠥᠨᠥᠭᠡᠯ ᠤᠨ ᠬᠡᠮᠵᠢᠶ᠎ᠡ ᠶᠢ ᠴᠢᠷᠮᠠᠶᠢᠨ ᠪᠠᠭᠤᠷᠠᠭᠤᠯᠤᠨ᠎ᠠ᠃ | ︵2︶ ᠨᠢᠭᠡᠳᠦᠯᠲᠡᠢ ᠵᠢᠯᠤᠭᠤᠳᠴᠤ᠂ ᠬᠠᠮᠵᠢᠯᠴᠠᠨ ᠠᠷᠭᠠᠴᠠᠵᠤ᠃ ᠢᠯᠴᠢ ᠬᠠᠩᠭᠠᠬᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ | ᠠᠵᠢᠯ ᠨᠢ ᠠᠳᠡᠯ ᠤᠨ ᠲᠠᠰ ᠤᠨ ᠲᠥᠷᠥᠯ ᠢᠯᠭᠠᠯ ᠢ ᠦᠨᠳᠦᠰᠦᠯᠡᠨ᠂ ᠵᠣᠬᠢᠴᠠᠩᠭᠤᠶ ᠲᠠᠰ ᠤᠨ ᠢᠯᠴᠢ ᠬᠠᠩᠭᠠᠬᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ | ᠵᠢᠯᠣᠭᠤᠳᠬᠤ ᠭᠠᠵᠠᠷ ᠠᠴᠠ ᠨᠢᠭᠡᠳᠦᠯᠲᠡᠶ ᠵᠢᠯᠣᠭᠤᠳᠴᠤ᠂ ᠬᠤᠯᠪᠣᠭᠠᠯᠠᠨ ᠬᠥᠳᠡᠯᠦᠯᠴᠡᠵᠦ ᠵᠣᠬᠢᠴᠠᠭᠤᠯᠬᠤ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠨᠢᠭᠡᠳᠦᠯᠲᠡᠶ | ᠵᠢᠯᠣᠭᠤᠳᠤᠭᠰᠠᠨ᠂ ᠬᠠᠷᠢᠭᠤ ᠲᠤᠰᠬᠠᠯ ᠨᠢ ᠰᠡᠷᠭᠡᠭ᠂ ᠴᠢᠳᠠᠮᠵᠢ ᠨᠢ ᠪᠦᠷᠢᠨ ᠭᠦᠢᠴᠡᠳ᠂ ᠵᠣᠬᠢᠴᠠᠩᠭᠤᠶ ᠡᠮᠬᠢ ᠵᠢᠷᠤᠮ ᠲᠠᠢ᠂ ᠠᠵᠢᠯᠯᠠᠭᠠᠨ ᠨᠢ ᠥᠨᠳᠥᠷ ᠦᠷ᠎ᠡ | ᠪᠦᠲᠦᠮᠵᠢᠲᠡᠶ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠭᠲᠠᠴᠠ ᠶᠢ ᠪᠣᠶ ᠪᠣᠯᠭᠠᠨ᠎ᠠ᠃ | ︵3︶ ᠬᠠᠷᠢᠶᠠᠲᠤ ᠣᠷᠣᠨ ᠤ ᠬᠠᠮᠢᠶᠠᠷᠤᠯᠲᠠ᠂ ᠱᠠᠲᠤ ᠬᠤᠪᠢᠶᠠᠨ ᠳᠠᠭᠠᠬᠤ᠃ ᠢᠯᠴᠢ ᠬᠠᠩᠭᠠᠬᠤ ᠠᠳᠡᠯ ᠤᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠳᠤ ᠬᠠᠷᠢᠶ᠎ᠠ ᠭᠠᠵᠠᠷ ᠤᠨ ᠭᠤᠤᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ᠂ ᠢᠯᠴᠢ ᠬᠠᠩᠭᠠᠬᠤ ᠨᠢᠭᠡᠴᠡ ᠲᠣᠰ ᠪᠡᠯᠡᠳᠬᠡᠯ ᠲᠥᠰᠦᠯ ᠢ ᠦᠨᠳᠦᠰᠦᠯᠡᠨ ᠲᠣᠰ ᠱᠠᠲᠤᠨ ᠤ ᠢᠯᠴᠢ ᠬᠠᠩᠭᠠᠬᠤ ᠪᠠᠲᠤᠯᠠᠭ᠎ᠠ ᠶᠢᠨ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠨ᠎ᠡ᠃ ᠢᠯᠴᠢ ᠬᠠᠩᠭᠠᠬᠤ ᠠᠳᠡᠯ ᠤᠨ ᠳᠡᠰ ᠳᠠᠷᠠᠭᠠᠯᠠᠯ ᠶᠣᠰᠣᠭᠠᠷ ᠬᠤᠲᠠ᠂ | ᠬᠤᠰᠢᠭᠤ ᠰᠢᠶᠠᠨ ᠲᠣᠭᠤᠷᠢᠭ᠂ ᠢᠯᠴᠢ ᠬᠠᠩᠭᠠᠬᠤ ᠨᠢᠭᠡᠴᠡ ᠵᠡᠷᠭᠡ ᠢᠯᠴᠢ ᠬᠠᠩᠭᠠᠬᠤ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ | ᠰᠢᠰᠲ᠋ᠧᠮᠵᠢ ᠶᠢ ᠱᠠᠲᠤ ᠬᠤᠪᠢᠶᠠᠨ ᠳᠠᠭᠠᠨ᠎ᠠ᠃ | 1.5 ᠪᠡᠯᠡᠳᠬᠡᠯ ᠲᠥᠰᠦᠯ ᠤᠨ ᠰᠢᠰᠲ᠋ᠧᠮ | ᠲᠣᠰ ᠪᠡᠯᠡᠳᠬᠡᠯ ᠲᠥᠰᠦᠯ ᠤᠨ ᠰᠢᠰᠲ᠋ᠧᠮ ᠳᠤ᠄ ᠲᠣᠰ ᠪᠡᠯᠡᠳᠬᠡᠯ ᠲᠥᠰᠦᠯ᠂ ᠬᠤᠰᠢᠭᠤ ᠰᠢᠶᠠᠨ ᠲᠣᠭᠤᠷᠢᠭ ᠤᠨ ᠢᠯᠴᠢ ᠬᠠᠩᠭᠠᠬᠤ ᠠᠳᠡᠯ ᠤᠨ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ᠂ ᠢᠯᠴᠢ ᠬᠠᠩᠭᠠᠬᠤ ᠨᠢᠭᠡᠴᠡ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠪᠠᠭᠲᠠᠨ᠎ᠠ᠃ | 2 ᠲᠦᠭᠰᠢᠭᠦᠷᠢ ᠶᠢ ᠢᠯᠭᠠᠨ ᠲᠠᠨᠢᠬᠤ ᠪᠠ ᠠᠳᠡᠯ ᠤᠨ ᠳᠡᠰ | 2.1 ᠠᠳᠡᠯ ᠭᠠᠷᠴᠤ ᠮᠡᠳᠡᠬᠦ ᠭᠤᠤᠯ ᠲᠦᠭᠰᠢᠭᠦᠷᠢ | ︵1︶ ᠪᠠᠶᠢᠭᠠᠯᠢ ᠶᠢᠨ ᠭᠠᠮᠰᠢᠭ᠃ ᠭᠠᠵᠠᠷ ᠬᠥᠳᠡᠯᠦᠯᠲᠡ᠂ ᠭᠠᠵᠠᠷ ᠤᠨ ᠭᠠᠮᠰᠢᠭ᠂ ᠴᠠᠰᠤ ᠰᠢᠭᠤᠷᠭᠠᠨ ᠵᠡᠷᠭᠡ ᠪᠠᠭᠲᠠᠨ᠎ᠠ᠂ ᠭᠠᠮᠰᠢᠭ ᠡᠭᠦᠰᠬᠦ ᠪᠤᠶᠤ | ᠨᠢᠭᠡᠨᠲᠡ ᠭᠠᠮᠰᠢᠭ ᠭᠠᠷᠴᠤ ᠮᠡᠳᠡᠬᠦ ᠪᠥᠭᠡᠳ ᠠᠶᠤᠯ ᠦᠭᠡᠶ ᠪᠠᠷ ᠢᠯᠴᠢ ᠬᠠᠩᠭᠠᠬᠤ ᠶᠢ ᠨᠥᠯᠥᠭᠡᠯᠡᠵᠦ᠂ ᠬᠥᠮᠦᠨ ᠦᠬᠦᠵᠦ ᠰᠢᠷᠬᠠᠲᠤᠬᠤ ᠪᠤᠶᠤ ᠡᠳ᠋ ᠬᠥᠷᠥᠩᠭᠡ ᠶᠢ | ᠬᠤᠬᠢᠷᠠᠭᠤᠯᠬᠤ ᠪᠣᠯᠤᠨ᠎ᠠ᠃ | ︵2︶ ᠭᠠᠢ ᠭᠠᠮᠰᠢᠭ ᠪᠣᠯᠬᠤ᠃ ᠡᠭᠦᠨ ᠳᠤ ᠢᠯᠴᠢ ᠶᠢᠨ ᠰᠤᠷᠪᠤᠯᠵᠢ ᠶᠢᠨ ᠦᠢᠯᠡᠳᠪᠦᠷᠢ ᠶᠢᠨ ᠮᠠᠰᠢᠨ ᠴᠣᠭᠴᠠᠯᠠᠪᠤᠷᠢ ᠶᠢᠨ ᠭᠡᠮᠲᠦᠯ᠂ ᠢᠯᠴᠢ ᠶᠢᠨ | ᠲᠣᠣᠷ ᠤᠨ ᠭᠡᠮᠲᠦᠯ᠂ ᠢᠯᠴᠢ ᠰᠣᠯᠢᠬᠤ ᠦᠷᠳᠡᠭᠡ ᠶᠢᠨ ᠭᠡᠮᠲᠦᠯ ᠵᠢᠴᠢ ᠤᠰᠤ ᠵᠣᠭᠰᠣᠬᠤ᠂ ᠴᠠᠬᠢᠯᠭᠠᠨ ᠵᠣᠭᠰᠣᠬᠤ ᠵᠡᠷᠭᠡ ᠶᠢ ᠪᠠᠭᠲᠠᠭᠠᠵᠤ᠂ ᠠᠮᠤᠷ | ᠲᠦᠪᠰᠢᠨ ᠢᠶᠠᠷ ᠢᠯᠴᠢ ᠬᠠᠩᠭᠠᠬᠤ ᠶᠢ ᠨᠥᠯᠥᠭᠡᠯᠡᠵᠦ᠂ ᠬᠥᠮᠦᠨ ᠬᠠᠷ᠎ᠠ ᠦᠬᠦᠵᠦ ᠰᠢᠷᠬᠠᠲᠤᠬᠤ ᠪᠤᠶᠤ ᠡᠳ᠋ ᠬᠦᠷᠦᠩᠭᠡ ᠶᠢ ᠬᠤᠬᠢᠷᠠᠭᠤᠯᠤᠨ᠎ᠠ᠃ | ︵3︶ ᠪᠤᠰᠤᠳ ᠠᠶᠤᠯ ᠲᠦᠭᠰᠢᠭᠦᠷᠢ᠃ ᠡᠭᠦᠨ ᠳᠤ ᠬᠠᠩᠭᠠᠯᠭ᠎ᠠ ᠪᠠᠨ ᠬᠠᠶᠠᠬᠤ᠂ ᠳᠣᠤᠷ᠎ᠠ ᠳᠤᠯᠠᠭᠠᠨ ᠳᠤ ᠠᠵᠢᠯᠯᠠᠬᠤ᠂ ᠰᠢᠲᠠᠭᠠᠯᠭ᠎ᠠ ᠶᠢᠨ ᠨᠥᠭᠡᠴᠡ | ᠬᠦᠷᠦᠯᠴᠡᠬᠦ ᠥᠬᠡᠶ᠂ ᠲᠡᠭᠡᠭᠡᠪᠦᠷᠢ ᠬᠠᠷᠰᠢᠯᠠᠭᠳᠠᠬᠤ ᠵᠡᠷᠭᠡ ᠶᠢ ᠪᠠᠭᠲᠠᠭᠠᠵᠤ᠂ ᠠᠮᠤᠷ ᠲᠦᠪᠰᠢᠨ ᠢᠶᠠᠷ ᠢᠯᠴᠢ ᠬᠠᠩᠭᠠᠬᠤ ᠶᠢ ᠨᠥᠯᠥᠭᠡᠯᠡᠵᠦ᠂ ᠬᠥᠮᠦᠨ ᠬᠠᠷ᠎ᠠ | ᠥᠭᠦᠵᠦ ᠰᠢᠷᠬᠠᠲᠤᠭᠰᠠᠨ ᠪᠤᠶᠤ ᠡᠳ᠋ ᠬᠥᠷᠥᠩᠭᠡ ᠶᠢ ᠬᠤᠬᠢᠷᠠᠭᠤᠯᠤᠭᠰᠠᠨ ᠪᠠᠶᠢᠨ᠎ᠠ᠃ | 2.2 ᠠᠳᠡᠭᠳᠡᠯ ᠤᠨ ᠳᠡᠰ | ᠬᠤᠲᠠ ᠪᠠᠯᠭᠠᠰᠤ ᠶᠢᠨ ᠢᠯᠴᠢ ᠬᠠᠩᠭᠠᠬᠤ ᠠᠳᠡᠯ ᠤᠨ ᠬᠤᠤᠷ ᠬᠥᠨᠥᠭᠡᠯ ᠤᠨ ᠬᠡᠮᠵᠢᠶ᠎ᠡ᠂ ᠬᠤᠯᠪᠣᠭᠳᠠᠬᠤ ᠬᠡᠪᠴᠢᠶ᠎ᠡ᠂ ᠡᠵᠡᠮᠳᠡᠵᠦ ᠪᠣᠯᠬᠤ ᠴᠢᠨᠠᠷ᠂ | ᠨᠥᠯᠥᠭᠡᠯᠡᠬᠦ ᠬᠦᠴᠦᠨ ᠤ ᠶᠡᠭᠡ ᠪᠠᠭ᠎ᠠ ᠵᠡᠷᠭᠡ ᠪᠠᠶᠢᠳᠠᠯ ᠢ ᠦᠨᠳᠦᠰᠦᠯᠡᠨ᠂ ᠠᠳᠡᠯ ᠢ ᠥᠨᠳᠥᠷ ᠪᠠᠶᠢᠭᠰᠠᠨ ᠠᠴᠠ ᠳᠣᠤᠷ᠎ᠠ ᠬᠦᠷᠲᠡᠯ᠎ᠡ ᠣᠨᠴᠠᠭᠠᠶ ᠬᠦᠨᠳᠦ ᠶᠡᠭᠡ ︵ | ᠨᠢᠭᠡᠳᠦᠭᠡᠷ ᠳᠡᠰ︶᠂ ᠴᠢᠬᠤᠯᠠ ᠶᠡᠭᠡ ︵ᠬᠤᠶᠠᠳᠤᠭᠠᠷ ᠳᠡᠰ︶᠂ ᠨᠡᠯᠢᠶᠡᠳ ᠶᠡᠭᠡ ︵ᠭᠤᠷᠪᠠᠳᠤᠭᠠᠷ ᠳᠡᠰ︶ ᠪᠣᠯᠤᠨ ᠡᠩ ᠤᠨ ︵ᠳᠥᠷᠪᠡᠨ ᠳᠡᠰ︶ ᠭᠡᠵᠦ | ᠳᠥᠷᠪᠡᠨ ᠳᠡᠰ ᠬᠤᠪᠢᠶᠠᠨ᠎ᠠ᠃ | 2.1 ᠣᠨᠴᠠ ᠬᠦᠨᠳᠦ ᠶᠡᠭᠡ ᠢᠯᠴᠢ ᠬᠠᠩᠭᠠᠬᠤ ᠠᠳᠡᠯ ︵ᠨᠢᠭᠡᠳᠦᠭᠡᠷ ᠳᠡᠰ︶ | ᠣᠨᠴᠠ ᠬᠦᠨᠳᠦ ᠶᠡᠭᠡ ᠢᠯᠴᠢ ᠬᠠᠩᠭᠠᠬᠤ ᠠᠳᠡᠯ ᠭᠡᠳᠡᠭ ᠨᠢ 30 ᠬᠥᠮᠦᠨ ᠠᠴᠠ ᠳᠡᠭᠡᠭᠰᠢ ᠬᠥᠮᠦᠨ ᠦᠬᠦᠭᠰᠡᠨ ᠪᠤᠶᠤ 100 ᠬᠥᠮᠦᠨ ᠠᠴᠠ ᠳᠡᠭᠡᠭᠰᠢ | ᠬᠦᠨᠳᠦ ᠰᠢᠷᠬᠠᠲᠤᠭᠰᠠᠨ᠂ ᠡᠰᠡᠬᠦᠯ᠎ᠡ 1 ᠳ᠋ᠦᠩᠰᠢᠭᠤᠷ ᠲᠥᠭᠦᠷᠢᠭ ᠠᠴᠠ ᠳᠡᠭᠡᠭᠰᠢ ᠰᠢᠭᠤᠳ ᠠᠵᠤ ᠠᠬᠤᠶ ᠶᠢᠨ ᠬᠤᠬᠢᠷᠠᠯ ᠤᠴᠠᠷᠠᠭᠤᠯᠤᠭᠰᠠᠨ ᠠᠳᠡᠯ ᠢ ᠵᠢᠭᠠᠵᠤ | ᠪᠤᠶ᠃ | 2.2 ᠢᠯᠴᠢ ᠬᠠᠩᠭᠠᠬᠤ ᠬᠦᠨᠳᠦ ᠶᠡᠭᠡ ᠠᠳᠡᠭᠳᠡᠯ ︵ᠬᠤᠶᠠᠳᠤᠭᠠᠷ ᠳᠡᠰ︶ | ᠢᠯᠴᠢ ᠬᠠᠩᠭᠠᠬᠤ ᠬᠦᠨᠳᠦ ᠶᠡᠭᠡ ᠠᠳᠡᠯ ᠭᠡᠳᠡᠭ ᠨᠢ 10 ᠬᠥᠮᠦᠨ ᠠᠴᠠ ᠳᠡᠭᠡᠭᠰᠢ 30 ᠬᠥᠮᠦᠨ ᠠᠴᠠ ᠳᠣᠷᠣᠭᠰᠢ ᠦᠬᠦᠭᠰᠡᠨ ᠪᠤᠶᠤ 50 ᠬᠥᠮᠦᠨ ᠠᠴᠠ | ᠳᠡᠭᠡᠭᠰᠢ 100 ᠬᠥᠮᠦᠨ ᠠᠴᠠ ᠳᠣᠷᠣᠭᠰᠢ ᠬᠦᠨᠳᠦ ᠰᠢᠷᠬᠠᠲᠤᠭᠰᠠᠨ ᠪᠤᠶᠤ 5000 ᠲᠦᠮᠡᠨ ᠲᠥᠭᠦᠷᠢᠭ ᠠᠴᠠ ᠳᠡᠭᠡᠭᠰᠢ 1 ᠳ᠋ᠦᠩᠰᠢᠭᠤᠷ ᠲᠥᠭᠦᠷᠢᠭ ᠠᠴᠠ | ᠳᠣᠷᠣᠭᠰᠢ ᠰᠢᠭᠤᠳ ᠠᠵᠤ ᠠᠬᠤᠶ ᠶᠢᠨ ᠬᠤᠬᠢᠷᠠᠯ ᠤᠨ ᠠᠳᠡᠯ ᠢ ᠵᠢᠭᠠᠵᠤ ᠪᠠᠶᠢᠨ᠎ᠠ᠃ | 2.2.3 ᠨᠡᠯᠢᠶᠡᠳ ᠶᠡᠭᠡ ᠢᠯᠴᠢ ᠬᠠᠩᠭᠠᠬᠤ ᠠᠳᠡᠯ ︵ᠭᠤᠷᠪᠠᠳᠣᠭᠠᠷ ᠳᠡᠰ︶ | ᠨᠡᠯᠢᠶᠡᠳ ᠶᠡᠭᠡ ᠢᠯᠴᠢ ᠬᠠᠩᠭᠠᠬᠤ ᠠᠳᠡᠯ ᠭᠡᠳᠡᠭ ᠨᠢ 3 ᠬᠥᠮᠦᠨ ᠠᠴᠠ ᠳᠡᠭᠡᠭᠰᠢ 10 ᠬᠥᠮᠦᠨ ᠠᠴᠠ ᠳᠣᠷᠣᠭᠰᠢ ᠦᠬᠦᠵᠦ᠂ ᠡᠰᠡᠬᠦᠯ᠎ᠡ 10 | ᠬᠥᠮᠦᠨ ᠠᠴᠠ ᠳᠡᠭᠡᠭᠰᠢ 50 ᠬᠥᠮᠦᠨ ᠠᠴᠠ ᠳᠣᠷᠣᠭᠰᠢ ᠬᠦᠨᠳᠦ ᠰᠢᠷᠬᠠᠲᠤᠭᠰᠠᠨ᠂ ᠡᠰᠡᠬᠦᠯ᠎ᠡ 1000 ᠲᠦᠮᠡᠨ ᠲᠥᠭᠦᠷᠢᠭ ᠠᠴᠠ ᠳᠡᠭᠡᠭᠰᠢ 5000 ᠲᠦᠮᠡᠨ | ᠲᠥᠭᠦᠷᠢᠭ ᠠᠴᠠ ᠳᠣᠷᠣᠭᠰᠢ ᠰᠢᠭᠤᠳ ᠠᠵᠤ ᠠᠬᠤᠶ ᠶᠢᠨ ᠬᠤᠬᠢᠷᠠᠯ ᠤᠴᠠᠷᠠᠭᠤᠯᠤᠭᠰᠠᠨ ᠠᠳᠡᠯ ᠢ ᠵᠢᠭᠠᠵᠤ ᠪᠤᠶ᠃ | 2.2.4 ᠡᠩ ᠤᠨ ᠢᠯᠴᠢ ᠬᠠᠩᠭᠠᠬᠤ ᠠᠳᠡᠯ ︵ᠳᠥᠷᠪᠡᠳᠦᠭᠡᠷ ᠳᠡᠰ︶ | ᠡᠩ ᠤᠨ ᠢᠯᠴᠢ ᠬᠠᠩᠭᠠᠬᠤ ᠠᠳᠡᠯ ᠭᠡᠳᠡᠭ ᠨᠢ 3 ᠬᠥᠮᠦᠨ ᠠᠴᠠ ᠳᠣᠷᠣᠭᠰᠢ ᠦᠬᠦᠵᠦ᠂ ᠡᠰᠡᠬᠦᠯ᠎ᠡ 10 ᠬᠥᠮᠦᠨ ᠠᠴᠠ ᠳᠣᠷᠣᠭᠰᠢ ᠬᠦᠨᠳᠦ | ᠰᠢᠷᠬᠠᠲᠤᠭᠰᠠᠨ᠂ ᠡᠰᠡᠬᠦᠯ᠎ᠡ 1000 ᠲᠦᠮᠡᠨ ᠲᠥᠭᠦᠷᠢᠭ ᠠᠴᠠ ᠳᠣᠷᠣᠭᠰᠢ ᠰᠢᠭᠤᠳ ᠠᠵᠤ ᠠᠬᠤᠶ ᠶᠢᠨ ᠬᠤᠬᠢᠷᠠᠯ ᠤᠴᠠᠷᠠᠭᠤᠯᠤᠭᠰᠠᠨ ᠠᠳᠡᠯ ᠢ ᠵᠢᠭᠠᠵᠤ ᠪᠤᠶ᠃ | 3 ᠵᠤᠬᠢᠶᠡᠨ ᠪᠠᠶᠢᠭᠤᠯᠥᠯᠳᠡ ᠶᠢᠨ ᠪᠠᠶᠢᠭᠤᠯᠥᠮᠵᠢ ᠵᠢᠴᠢ ᠲᠣᠰᠢᠶᠡᠯ ᠬᠠᠷᠢᠭᠤᠴᠠᠯᠭ᠎ᠠ | 3.1 ᠬᠤᠲᠠ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ ᠬᠢᠭᠡᠳ ᠡᠭᠦᠷᠭᠡ ᠬᠠᠷᠢᠭᠤᠴᠠᠯᠭ᠎ᠠ | ᠬᠤᠲᠠ ᠶᠢᠨ ᠠᠷᠠᠳ ᠤᠨ ᠵᠠᠰᠠᠭ ᠤᠨ ᠣᠷᠳᠣᠨ ᠬᠤᠲᠠ ᠶᠢᠨ ᠢᠯᠴᠢ ᠬᠠᠩᠭᠠᠬᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ | ︵ᠳᠣᠷᠣᠭᠰᠢ ᠬᠤᠲᠠ ᠶᠢᠨ ᠵᠢᠯᠣᠭᠤᠳᠬᠤ ᠭᠠᠵᠠᠷ ᠭᠡᠵᠦ ᠲᠣᠪᠴᠢᠯᠠᠨ᠎ᠠ︶ ᠢ ᠪᠠᠶᠢᠭᠤᠯᠵᠤ᠂ ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ᠲᠣᠭᠤᠷᠢᠭ ᠤᠨ | ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠵᠢᠯᠣᠭᠤᠳᠬᠤ ᠪᠠᠶᠢᠭᠤᠯᠤᠮᠵᠢ ᠨᠢ ᠬᠤᠲᠠ ᠶᠢᠨ ᠵᠢᠯᠣᠭᠤᠳᠬᠤ ᠭᠠᠵᠠᠷ ᠤᠨ ᠨᠢᠭᠡᠳᠦᠯᠲᠡᠶ | ᠤᠳᠤᠷᠢᠳᠤᠯᠭ᠎ᠠ ᠳᠣᠤᠷ᠎ᠠ ᠠᠷᠭᠠᠴᠠᠬᠤ ᠠᠵᠢᠯ ᠢ ᠥᠷᠨᠢᠭᠦᠯᠦᠨ᠎ᠡ᠃ | ᠶᠡᠷᠦᠩᠬᠡᠶ ᠵᠢᠯᠤᠭᠤᠳᠤᠭᠴᠢ᠄ ᠬᠤᠲᠠ ᠶᠢᠨ ᠬᠤᠪᠢᠳᠠᠨ ᠬᠠᠮᠢᠶᠠᠷᠬᠤ ᠳᠡᠳ᠋ ᠬᠤᠲᠠ ᠶᠢᠨ ᠳᠠᠷᠤᠭ᠎ᠠ᠃ | ᠳᠡᠳ᠋ ᠶᠡᠷᠦᠩᠬᠡᠶ ᠵᠢᠯᠣᠭᠤᠳᠣᠭᠴᠢ᠄ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠳᠡᠳ᠋ ᠨᠠᠷᠢᠨ ᠪᠢᠴᠢᠭ ᠤᠨ ᠳᠠᠷᠤᠭ᠎ᠠ᠂ | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ᠃ | ᠪᠦᠷᠢᠯᠳᠦᠬᠦᠨ᠄ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶ᠎ᠠ ᠶᠢᠨ ᠢᠨᠲ᠋ᠧᠷ ᠰᠦᠯᠵᠢᠶᠡᠨ ᠤ ᠮᠡᠳᠡᠭᠡ | ᠵᠠᠩᠭᠢ ᠶᠢᠨ ᠠᠯᠪᠠᠨ ᠬᠡᠷ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠡᠨᠧᠷᠭᠢ ᠶᠢᠨ ᠲᠣᠪᠴᠢᠶ᠎ᠠ︶᠂ | ᠠᠵᠢᠯᠴᠢᠨ ᠤ ᠡᠪᠯᠡᠯ᠂ ᠬᠤᠲᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ᠂ ᠴᠠᠭ ᠠᠭᠤᠷ ᠤᠨ ᠲᠣᠪᠴᠢᠶ᠎ᠠ᠂ ᠤᠯᠤᠰ ᠤᠨ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠪᠠᠶᠠᠨᠨᠠᠭᠤᠷ ᠤᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ᠂ ᠪᠠᠶᠠᠨᠨᠠᠭᠤᠷ ᠤᠨ | ᠴᠠᠬᠢᠯᠭᠠᠨ ᠬᠠᠩᠭᠠᠬᠤ ᠺᠣᠮᠫᠠᠨᠢ ᠪᠠ ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠭᠤᠤᠯ | ᠬᠠᠷᠢᠭᠤᠴᠠᠯᠭᠠᠲᠠᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠡᠷᠡᠭᠴᠡᠭᠡ ᠶᠢ ᠦᠨᠳᠦᠰᠦᠯᠡᠨ᠂ ᠪᠤᠰᠤᠳ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ | ᠨᠢᠭᠡᠴᠡ ᠶᠢᠨ ᠭᠤᠤᠯ ᠬᠠᠷᠢᠭᠤᠴᠠᠯᠭᠠᠲᠠᠨ ᠢ ᠬᠤᠲᠠ ᠶᠢᠨ ᠵᠢᠯᠣᠭᠤᠳᠬᠤ ᠭᠠᠵᠠᠷ ᠤᠨ ᠪᠦᠷᠢᠯᠳᠦᠬᠦᠨ ᠭᠡᠵᠦ ᠨᠡᠮᠡᠵᠦ ᠪᠣᠯᠤᠨ᠎ᠠ᠃ | ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠢ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠳᠤ ᠪᠠᠶᠢᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠬᠠᠪᠰᠤᠷᠭᠠᠨ ᠡᠭᠦᠷᠭᠡᠯᠡᠨ᠎ᠡ᠃ | 3.1.1 ᠠᠵᠢᠯ ᠤᠨ ᠡᠬᠦᠷᠭᠡ ᠬᠠᠷᠢᠭᠤᠴᠠᠯᠭ᠎ᠠ | ︵1︶ ᠬᠤᠲᠠ ᠶᠢᠨ ᠵᠢᠯᠣᠭᠤᠳᠬᠤ ᠭᠠᠵᠠᠷ ᠤᠨ ᠡᠭᠦᠷᠭᠡ ᠬᠠᠷᠢᠭᠤᠴᠠᠯᠭ᠎ᠠ᠃ ᠪᠥᠬᠦ ᠬᠤᠲᠠ ᠶᠢᠨ ᠢᠯᠴᠢ ᠬᠠᠩᠭᠠᠬᠤ ᠠᠳᠡᠯ ᠤᠨ ᠰᠢᠢᠳᠪᠦᠷᠢᠲᠦ ᠪᠣᠳᠣᠯᠭ᠎ᠠ | ᠪᠠ ᠪᠠᠶᠢᠷᠢᠯᠠᠭᠤᠯᠤᠯᠲᠠ ᠶᠢ ᠰᠤᠳᠤᠯᠤᠨ ᠠᠷᠭᠠᠴᠠᠵᠤ᠂ ᠪᠥᠬᠦ ᠬᠤᠲᠠ ᠶᠢᠨ ᠢᠯᠴᠢ ᠬᠠᠩᠭᠠᠬᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ | ᠵᠣᠬᠢᠶᠠᠨ ᠪᠠᠶᠢᠭᠤᠯᠤᠨ ᠵᠢᠯᠣᠭᠤᠳᠤᠨ᠎ᠠ︔ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠢᠯᠴᠢ ᠬᠠᠩᠭᠠᠬᠤ ᠠᠳᠡᠯ ᠤᠨ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠢᠯᠣᠭᠤᠳᠴᠤ᠂ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠᠶᠢᠴᠠᠭᠠᠯᠲᠠ ᠶᠢ ᠥᠷᠨᠢᠭᠦᠯᠵᠦ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ︵2︶ ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ᠃ ᠬᠤᠲᠠ ᠶᠢᠨ ᠢᠯᠴᠢ ᠬᠠᠩᠭᠠᠬᠤ ᠠᠳᠡᠯ ᠤᠨ ᠪᠠᠴᠢᠮ | ᠪᠠᠶᠢᠳᠠᠯ ᠢ ᠠᠷᠭᠠᠴᠠᠭᠠᠬᠤ ᠵᠢᠯᠣᠭᠤᠳᠬᠤ ᠭᠠᠵᠠᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ | ︵3︶ ᠪᠦᠷᠢᠯᠳᠦᠬᠦᠨ ᠨᠢᠭᠡᠴᠡ ᠶᠢᠨ ᠡᠭᠦᠷᠭᠡ ᠬᠠᠷᠢᠭᠤᠴᠠᠯᠭ᠎ᠠ᠃ | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠄ ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ | ᠭᠡᠷ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ | ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠄ ᠢᠯᠴᠢ ᠬᠠᠩᠭᠠᠬᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ | ᠤᠬᠠᠭᠤᠯᠤᠨ ᠮᠡᠳᠡᠭᠡᠯᠡᠬᠦ᠂ ᠰᠣᠨᠢᠨ ᠮᠡᠳᠡᠭᠡ ᠨᠡᠶᠢᠲᠡᠯᠡᠬᠦ᠂ ᠵᠠᠭᠤᠴᠢᠯᠠᠭᠤᠷ ᠤᠨ ᠭᠥᠯᠢᠶᠡᠨ ᠠᠪᠬᠤ ᠪᠠ ᠶᠠᠷᠢᠶ᠎ᠠ ᠬᠡᠯᠡᠯᠴᠡᠭᠡ ᠶᠢ ᠬᠥᠲᠥᠯᠦᠨ ᠵᠢᠯᠣᠭᠤᠳᠬᠤ ᠠᠵᠢᠯ ᠢ | ᠵᠢᠯᠣᠭᠤᠳᠤᠨ ᠵᠣᠬᠢᠴᠠᠭᠤᠯᠬᠤ ᠶᠢ ᠬᠠᠷᠢᠭᠤᠴᠠᠨ᠎ᠠ᠃ | ᠬᠤᠲᠠ ᠶᠢᠨ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠄ ᠣᠨᠴᠠ ᠬᠦᠨᠳᠦ ᠶᠡᠭᠡ᠂ ᠢᠯᠴᠢ ᠬᠠᠩᠭᠠᠬᠤ ᠬᠦᠨᠳᠦ | ᠶᠡᠭᠡ ᠠᠳᠡᠯ ᠲᠠᠢ ᠬᠤᠯᠪᠣᠭᠳᠠᠬᠤ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠬᠤ ᠠᠵᠢᠯ ᠢ ᠵᠢᠯᠣᠭᠤᠳᠤᠨ ᠰᠠᠶᠢᠲᠤᠷ ᠬᠢᠵᠦ᠂ ᠰᠦᠯᠵᠢᠶᠡᠨ ᠳᠡᠭᠡᠷᠡᠬᠢ | ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ᠂ ᠰᠤᠳᠤᠯᠤᠨ ᠮᠠᠭᠠᠳᠯᠠᠬᠤ ᠠᠵᠢᠯ ᠢ ᠵᠣᠬᠢᠴᠠᠭᠤᠯᠤᠨ ᠰᠠᠶᠢᠲᠤᠷ ᠬᠢᠵᠦ᠂ ᠬᠡᠯᠪᠡᠷᠢᠯ ᠤᠨ ᠴᠢᠨᠠᠷᠲᠠᠶ᠂ | ᠴᠤᠬᠤᠶᠢᠯᠲᠠ ᠶᠢᠨ ᠴᠢᠨᠠᠷᠲᠠᠶ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠬᠤᠤᠷ ᠬᠥᠨᠥᠭᠡᠯ ᠲᠠᠢ ᠮᠡᠳᠡᠭᠡ ᠵᠠᠩᠭᠢ ᠶᠢ ᠴᠠᠭ ᠲᠤᠬᠠᠶ ᠳᠤᠨᠢ ᠰᠢᠢᠳᠪᠦᠷᠢᠯᠡᠵᠦ᠂ | ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠣᠭᠤᠳᠬᠤ ᠶᠢ ᠰᠠᠶᠢᠲᠤᠷ ᠬᠢᠬᠦ ᠶᠢ ᠵᠢᠯᠣᠭᠤᠳᠤᠨ᠎ᠠ᠃ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠠᠳᠡᠯ ᠤᠨ ᠲᠤᠬᠠᠶ ᠶᠢᠨ ᠲᠠᠯᠠᠪᠤᠷ ᠤᠨ ᠡᠮᠬᠢ ᠳᠢᠭᠯᠢᠮ ᠢ ᠬᠠᠮᠠᠭᠠᠯᠠᠬᠤ᠂ ᠵᠠᠮ ᠬᠠᠷᠢᠯᠴᠠᠭ᠎ᠠ ᠶᠢ | ᠵᠠᠬᠢᠷᠤᠨ ᠬᠠᠮᠢᠶᠠᠷᠬᠤ ᠪᠠ ᠭᠤᠤᠯᠳᠠᠯᠭ᠎ᠠ ᠲᠠᠢ ᠬᠠᠷᠠᠯᠲᠠ ᠶᠢᠨ ᠠᠮᠤᠷ ᠲᠦᠪᠰᠢᠨ ᠢ ᠬᠠᠮᠠᠭᠠᠯᠠᠬᠤ ᠵᠡᠷᠭᠡ ᠠᠵᠢᠯ ᠢ ᠬᠠᠷᠢᠭᠤᠴᠠᠵᠤ᠂ ᠨᠡᠶᠢᠭᠡᠮ ᠤᠨ ᠡᠮᠬᠢ ᠳᠢᠭᠯᠢᠮ ᠢ | ᠬᠠᠮᠠᠭᠠᠯᠠᠨ᠎ᠠ︔ ᠲᠤᠬᠠᠶ ᠶᠢᠨ ᠲᠠᠯᠠᠪᠤᠷ ᠤᠨ ᠵᠠᠮ ᠬᠠᠷᠢᠯᠴᠠᠭ᠎ᠠ ᠶᠢ ᠵᠣᠬᠢᠴᠠᠭᠤᠯᠤᠨ ᠪᠠᠲᠤᠯᠠᠵᠤ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠵᠠᠮ ᠤᠨ | ᠰᠠᠭᠠᠳ ᠦᠭᠡᠢ ᠨᠡᠪᠲᠡᠷᠡᠬᠦ ᠶᠢ ᠦᠨᠡᠨᠬᠦ ᠪᠠᠲᠤᠯᠠᠨ᠎ᠠ︔ ᠭᠠᠮᠰᠢᠭᠳᠠᠭᠰᠠᠨ ᠣᠯᠠᠨ ᠲᠦᠮᠡᠨ ᠢ ᠬᠠᠪᠰᠤᠷᠤᠨ ᠵᠣᠬᠢᠶᠠᠨ ᠪᠠᠶᠢᠭᠤᠯᠵᠤ ᠬᠠᠤᠯᠢ ᠶᠢ ᠵᠥᠷᠢᠴᠡᠭᠰᠡᠨ ᠡᠯ᠎ᠡ | ᠲᠥᠷᠥᠯ ᠤᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠡᠪᠳᠡᠬᠦ ᠡᠯ᠎ᠡ ᠵᠦᠢᠯ ᠤᠨ ᠠᠵᠢᠯᠯᠠᠭ᠎ᠠ ᠶᠢ ᠰᠡᠷᠭᠡᠶᠢᠯᠡᠨ ᠬᠤᠷᠢᠭᠯᠠᠵᠤ᠂ | ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠨ᠎ᠠ᠃ | ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠄ ᠨᠡᠶᠢᠭᠡᠮ ᠤᠨ ᠬᠦᠴᠦᠨ ᠢ ᠬᠥᠲᠥᠯᠥᠨ ᠵᠢᠯᠣᠭᠤᠳᠴᠤ ᠪᠠᠶᠢᠭᠠᠳ ᠠᠶᠤᠯ ᠠᠴᠠ ᠠᠪᠤᠷᠠᠨ ᠲᠤᠰᠠᠯᠠᠬᠤ᠂ | ᠭᠠᠮᠰᠢᠭ ᠠᠴᠠ ᠠᠪᠤᠷᠠᠨ ᠲᠤᠰᠠᠯᠠᠬᠤ ᠠᠵᠢᠯ ᠳᠤ ᠣᠷᠣᠯᠴᠠᠭᠤᠯᠤᠨ᠎ᠠ︔ ᠡᠯ᠎ᠡ ᠭᠠᠵᠠᠷ ᠣᠷᠣᠨ ᠢ ᠰᠢᠮᠳᠠᠭᠤᠯᠤᠨ ᠵᠢᠯᠣᠭᠤᠳᠴᠤ ᠪᠠᠶᠢᠭᠠᠳ ᠨᠥᠬᠦᠴᠡᠯ ᠳᠤ ᠨᠡᠶᠢᠴᠡᠬᠦ | ᠭᠠᠮᠰᠢᠭᠳᠠᠭᠰᠠᠨ ᠬᠥᠮᠦᠰ ᠢ ᠴᠠᠭ ᠲᠤᠬᠠᠶ ᠳᠤᠨᠢ ᠲᠦᠷ ᠴᠠᠭ ᠤᠨ ᠠᠪᠤᠷᠠᠨ ᠲᠤᠰᠠᠯᠠᠬᠤ ᠪᠤᠶᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ | ᠣᠷᠣᠭᠤᠯᠤᠨ᠎ᠠ᠃ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠄ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠳ᠋ ᠤᠨ | ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠡᠯ᠎ᠡ ᠭᠠᠵᠠᠷ | ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠢ ᠵᠢᠯᠣᠭᠤᠳᠤᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠳᠤ ᠬᠡᠷᠡᠭᠰᠡᠬᠦ ᠪᠡᠯᠡ ᠮᠥᠩᠭᠦ ᠶᠢᠨ | ᠪᠠᠲᠤᠯᠠᠭ᠎ᠠ ᠶᠢ ᠰᠠᠶᠢᠲᠤᠷ ᠬᠢᠨ᠎ᠡ᠃ | ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠄ ᠠᠳᠡᠯ ᠳᠤ ᠬᠤᠯᠪᠣᠭᠳᠠᠬᠤ ᠠᠵᠢᠯ ᠠᠴᠠ ᠪᠣᠯᠤᠭᠰᠠᠨ | ᠭᠡᠮᠲᠦᠯ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠬᠠᠷᠢᠭᠤᠴᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ | ᠠᠳᠡᠯ ᠳᠤ ᠠᠪᠤᠷᠠᠨ ᠲᠤᠰᠠᠯᠠᠬᠤ ᠳᠤᠮᠳᠠ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠡ ᠪᠠ ᠬᠤᠪᠢ ᠬᠥᠮᠦᠨ ᠢ ᠬᠥᠬᠢᠭᠦᠯᠦᠨ ᠱᠠᠩᠨᠠᠨ᠎ᠠ᠃ | ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠄ ᠠᠳᠡᠯ ᠤᠨ ᠳᠤᠮᠳᠠᠬᠢ ᠷᠠᠳᠢᠣ᠋ ᠴᠢᠮᠡᠭᠡ ᠬᠤᠯᠪᠣᠭᠠᠨ ᠤ ᠳᠠᠪᠲᠠᠮᠵᠢ ᠶᠢ | ᠪᠠᠲᠤᠯᠠᠬᠤ ᠠᠵᠢᠯ ᠢ ᠬᠠᠷᠢᠭᠤᠴᠠᠨ᠎ᠠ᠃ ᠡᠯ᠎ᠡ ᠡᠵᠡᠩᠨᠡᠯᠲᠡ ᠶᠢᠨ ᠬᠤᠳᠠᠯᠳᠤᠭᠠᠴᠢᠨ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠠᠳᠡᠯ ᠤᠨ ᠲᠤᠬᠠᠶ ᠶᠢᠨ | ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠬᠤ ᠴᠢᠮᠡᠭᠡ ᠬᠤᠯᠪᠣᠭᠠᠨ ᠤ ᠠᠵᠢᠯ ᠢ ᠪᠠᠲᠤᠯᠠᠵᠤ᠂ ᠴᠢᠮᠡᠭᠡ ᠬᠤᠯᠪᠣᠭᠠᠨ ᠤ ᠰᠠᠭᠠᠳ ᠥᠬᠡᠶ ᠨᠡᠪᠲᠡᠷᠡᠬᠦ ᠶᠢ ᠦᠨᠡᠨᠬᠦ | ᠪᠠᠲᠤᠯᠠᠨ᠎ᠠ᠃ | ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠄ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠳᠤᠮᠳᠠᠬᠢ ᠣᠷᠴᠢᠨ | ᠲᠣᠭᠤᠷᠢᠨ ᠤ ᠬᠠᠮᠠᠭᠠᠯᠠᠯᠲᠠ ᠬᠢᠭᠡᠳ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠬᠠᠷᠢᠭᠤᠴᠠᠨ᠎ᠠ᠃ | ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠄ ᠢᠯᠴᠢ ᠬᠠᠩᠭᠠᠬᠤ ᠦᠢᠯᠡᠳᠪᠦᠷᠢᠯᠡᠯ ᠤᠨ ᠡᠳ᠋ ᠪᠣᠳᠠᠰ ᠤᠨ ᠲᠡᠭᠡᠭᠡᠪᠦᠷᠢ ᠶᠢᠨ ᠲᠡᠷᠭᠡ | ᠬᠥᠰᠬᠡ ᠶᠢᠨ ᠵᠠᠮ ᠬᠠᠷᠢᠯᠴᠠᠭᠠᠨ ᠤ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ᠵᠠᠮ ᠨᠡᠭᠡᠭᠡᠨ᠎ᠡ᠃ | ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ ᠪᠠᠴᠢᠮ ᠪᠠᠶᠢᠳᠠᠯ ᠢ ᠠᠷᠭᠠᠴᠠᠬᠤ ᠡᠮᠴᠢᠯᠡᠭᠡᠨ ᠤ ᠠᠪᠤᠷᠠᠨ ᠵᠠᠰᠠᠬᠤ᠂ ᠡᠷᠡᠭᠦᠯ ᠬᠠᠮᠠᠭᠠᠯᠠᠯ | ᠬᠢᠵᠢᠭ ᠰᠡᠷᠭᠡᠶᠢᠯᠡᠬᠦ ᠵᠢᠴᠢ ᠰᠡᠳᠬᠢᠴᠡ ᠶᠢᠨ ᠡᠷᠡᠭᠦᠯᠵᠢᠯ ᠤᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠨ᠎ᠠ᠃ | ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠄ ᠬᠤᠲᠠ ᠶᠢᠨ ᠵᠢᠯᠣᠭᠤᠳᠬᠤ ᠭᠠᠵᠠᠷ ᠤᠨ ᠠᠵᠢᠯ ᠤᠨ ᠵᠠᠷᠯᠢᠭ ᠢ | ᠵᠣᠬᠢᠴᠠᠭᠤᠯᠤᠨ ᠨᠠᠶᠢᠳᠠᠪᠤᠷᠢᠵᠢᠭᠤᠯᠵᠤ᠂ ᠬᠠᠮᠢᠶ᠎ᠠ ᠪᠥᠬᠦᠶ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢ ᠬᠠᠮᠵᠢᠨ ᠳᠣᠭᠢᠷᠠᠭᠤᠯᠵᠤ ᠢᠯᠴᠢ | ᠬᠠᠩᠭᠠᠬᠤ ᠠᠳᠡᠯ ᠢ ᠰᠢᠢᠳᠪᠦᠷᠢᠯᠡᠬᠦ ᠠᠵᠢᠯ ᠳᠤ ᠣᠷᠣᠯᠴᠠᠭᠤᠯᠵᠤ᠂ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ ᠨᠡᠯᠢᠶᠡᠳ ᠶᠡᠭᠡ ᠢᠯᠴᠢ ᠬᠠᠩᠭᠠᠬᠤ ᠠᠳᠡᠯ ᠢ | ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃ | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠢᠯᠴᠢ ᠬᠠᠩᠭᠠᠬᠤ ᠠᠳᠡᠯ ᠤᠨ ᠳᠤᠮᠳᠠ ᠣᠨᠴᠠ ᠲᠥᠷᠥᠯ ᠤᠨ | ᠲᠥᠬᠦᠭᠡᠷᠦᠮᠵᠢ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠮᠡᠷᠭᠡᠵᠢᠯ ᠤᠨ ᠵᠢᠯᠣᠭᠤᠳᠣᠯᠭ᠎ᠠ ᠶᠢ ᠬᠠᠷᠢᠭᠤᠴᠠᠵᠤ᠂ ᠣᠨᠴᠠ ᠲᠥᠷᠥᠯ ᠤᠨ ᠲᠥᠬᠦᠭᠡᠷᠦᠮᠵᠢ ᠶᠢᠨ | ᠠᠳᠡᠯ ᠢ ᠮᠡᠳᠡᠭᠦᠯᠬᠦ᠂ ᠪᠠᠶᠢᠴᠠᠭᠠᠬᠤ ᠪᠠ ᠰᠢᠢᠳᠪᠦᠷᠢᠯᠡᠬᠦ ᠶᠢ ᠬᠠᠤᠯᠢ ᠶᠣᠰᠣᠭᠠᠷ ᠥᠷᠨᠢᠭᠦᠯᠦᠨ᠎ᠡ᠃ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠄ ᠪᠥᠬᠦ ᠬᠤᠲᠠ ᠶᠢᠨ ᠨᠡᠭᠦᠷᠡᠰᠦ᠂ ᠪᠠᠶᠢᠭᠠᠯᠢ ᠶᠢᠨ ᠰᠢᠲᠠᠮᠠᠬᠠᠶ ᠬᠡᠶ᠂ ᠴᠠᠬᠢᠯᠭᠠᠨ ᠬᠦᠴᠦᠨ ᠤ | ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠵᠤ᠂ ᠬᠤᠲᠠ ᠪᠠᠯᠭᠠᠰᠤᠨ ᠤ ᠢᠯᠴᠢ ᠬᠠᠩᠭᠠᠬᠤ | ᠪᠠᠴᠢᠮ ᠪᠠᠶᠢᠳᠠᠯ ᠢ ᠠᠷᠭᠠᠴᠠᠬᠤ ᠳᠤ ᠬᠡᠷᠡᠭᠯᠡᠬᠦ ᠨᠡᠭᠦᠷᠡᠰᠦ᠂ ᠰᠢᠲᠠᠮᠠᠬᠠᠶ ᠬᠡᠶ᠂ ᠴᠠᠬᠢᠯᠭᠠᠨ ᠬᠡᠷᠡᠭᠯᠡᠬᠦ ᠶᠢᠨ ᠦᠢᠯᠡᠳᠪᠦᠷᠢᠯᠡᠯ ᠪᠠ ᠬᠠᠩᠭᠠᠯᠭ᠎ᠠ ᠶᠢ ᠪᠠᠲᠤᠯᠠᠨ᠎ᠠ᠃ | ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ᠄ ᠬᠤᠬᠢᠷᠠᠯ ᠠᠮᠰᠠᠭᠴᠢ ᠶᠢ ᠲᠣᠬᠤᠨᠢᠭᠤᠯᠬᠤ ᠪᠠ ᠲᠣᠬᠤᠨᠢᠭᠤᠯᠬᠤ ᠠᠵᠢᠯ ᠢ ᠬᠠᠷᠢᠭᠤᠴᠠᠨ᠎ᠠ᠃ | ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ᠄ ᠢᠯᠴᠢ ᠬᠠᠩᠭᠠᠬᠤ ᠠᠳᠡᠯ ᠤᠨ ᠲᠤᠬᠠᠶ ᠶᠢᠨ ᠲᠠᠯᠠᠪᠤᠷ ᠤᠨ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠳᠤ ᠣᠷᠣᠯᠴᠠᠵᠤ᠂ ᠭᠠᠮᠰᠢᠭ ᠤᠨ ᠳᠠᠷᠠᠭᠠᠬᠢ ᠭᠠᠯ ᠤᠨᠲᠠᠷᠠᠭᠠᠬᠤ ᠪᠡᠯᠡᠳᠬᠡᠮᠵᠢ ᠶᠢ ᠰᠡᠷᠭᠦᠭᠡᠨ ᠳᠠᠬᠢᠨ ᠪᠠᠶᠢᠭᠤᠯᠬᠤ ᠠᠵᠢᠯ ᠢ | ᠵᠢᠯᠣᠭᠤᠳᠤᠨ᠎ᠠ᠃ | ᠬᠤᠲᠠ ᠶᠢᠨ ᠴᠠᠭ ᠠᠭᠤᠷ ᠤᠨ ᠲᠣᠪᠴᠢᠶ᠎ᠠ᠄ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠳᠤ ᠴᠠᠭ ᠠᠭᠤᠷ ᠤᠨ ᠦᠢᠯᠡᠴᠢᠯᠡᠭᠡ | ᠬᠠᠩᠭᠠᠵᠤ᠂ ᠠᠶᠤᠩᠭ᠎ᠠ ᠴᠠᠬᠢᠯᠭᠠᠨ ᠢ ᠰᠡᠷᠭᠡᠶᠢᠯᠡᠨ ᠬᠠᠮᠠᠭᠠᠯᠠᠬᠤ ᠲᠣᠨᠣᠭᠯᠠᠯ ᠤᠨ ᠭᠠᠮᠰᠢᠭ ᠤᠨ ᠳᠠᠷᠠᠭ᠎ᠠ ᠰᠡᠷᠭᠦᠭᠡᠵᠦ ᠳᠠᠬᠢᠨ ᠪᠦᠲᠦᠭᠡᠨ ᠪᠠᠶᠢᠭᠤᠯᠬᠤ ᠶᠢ | ᠵᠢᠯᠣᠭᠤᠳᠬᠤ ᠶᠢ ᠬᠠᠷᠢᠭᠤᠴᠠᠨ᠎ᠠ᠃ | ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠪᠠᠶᠠᠨᠨᠠᠭᠤᠷ ᠤᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ | ᠲᠣᠪᠴᠢᠶ᠎ᠠ᠄ ᠳᠠᠭᠠᠳᠬᠠᠯ ᠤᠨ ᠪᠠᠶᠢᠭᠤᠯᠤᠮᠵᠢ ᠶᠢ ᠵᠢᠯᠣᠭᠤᠳᠤᠨ ᠰᠢᠮᠳᠠᠭᠤᠯᠵᠤ ᠪᠠᠶᠢᠭᠠᠳ ᠠᠳᠡᠯ ᠤᠨ ᠳᠠᠭᠠᠳᠬᠠᠯ ᠤᠨ ᠬᠠᠶᠢᠨ ᠪᠠᠶᠢᠴᠠᠭᠠᠵᠤ ᠲᠥᠯᠥᠬᠦ ᠠᠵᠢᠯ ᠢ | ᠰᠠᠶᠢᠲᠤᠷ ᠬᠢᠨ᠎ᠡ᠃ | ᠪᠠᠶᠠᠨᠨᠠᠭᠤᠷ ᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ᠄ ᠬᠠᠷᠢᠶᠠᠨ ᠳᠠᠬᠢ ᠪᠠᠶᠠᠨᠨᠠᠭᠤᠷ ᠬᠤᠲᠠ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ᠳᠤ ᠬᠡᠷᠡᠭᠰᠡᠬᠦ ᠴᠠᠬᠢᠯᠭᠠᠨ ᠬᠦᠴᠦᠨ ᠤ ᠪᠠᠲᠤᠯᠠᠭ᠎ᠠ ᠶᠢᠨ ᠠᠵᠢᠯ ᠢ ᠵᠢᠯᠣᠭᠤᠳᠤᠨ ᠵᠣᠬᠢᠴᠠᠭᠤᠯᠤᠨ᠎ᠠ᠃ | ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠄ ᠲᠡᠷᠡ ᠳᠠᠷᠤᠶ ᠳᠤᠨᠢ ᠤᠷᠢᠳᠠᠪᠠᠷ ᠰᠢᠢᠳᠪᠦᠷᠢᠯᠡᠬᠦ ᠶᠢ | ᠵᠣᠬᠢᠶᠠᠨ ᠪᠠᠶᠢᠭᠤᠯᠵᠤ᠂ ᠲᠣᠰ ᠵᠠᠰᠠᠭ ᠵᠠᠬᠢᠷᠭᠠᠨ ᠤ ᠣᠷᠣᠨ ᠪᠦᠰᠡ ᠶᠢᠨ ᠳᠣᠲᠣᠷᠠᠬᠢ ᠠᠳᠡᠯ ᠤᠨ ᠲᠤᠬᠠᠶ ᠶᠢᠨ ᠲᠠᠯᠠᠪᠤᠷ ᠤᠨ ᠬᠥᠮᠦᠰ ᠢ ᠲᠠᠷᠬᠠᠭᠠᠨ ᠲᠥᠪᠬᠢᠨᠡᠭᠦᠯᠬᠦ᠂ | ᠨᠡᠶᠢᠭᠡᠮ ᠤᠨ ᠠᠪᠤᠷᠠᠨ ᠲᠤᠰᠠᠯᠠᠬᠤ ᠬᠦᠴᠦᠨ ᠢ ᠲᠤᠰᠠᠯᠠᠬᠤ᠂ ᠠᠷᠤ ᠲᠠᠯ᠎ᠠ ᠶᠢᠨ ᠪᠠᠲᠤᠯᠠᠭ᠎ᠠ ᠵᠡᠷᠭᠡ ᠲᠠᠯ᠎ᠠ ᠶᠢᠨ ᠠᠵᠢᠯ ᠢ ᠰᠠᠶᠢᠲᠤᠷ ᠬᠢᠨ᠎ᠠ︔ ᠠᠳᠡᠯ ᠢ | ᠪᠠᠶᠢᠴᠠᠭᠠᠬᠤ᠂ ᠦᠨᠡᠯᠡᠨ ᠵᠢᠱᠢᠬᠦ᠂ ᠰᠢᠢᠳᠪᠦᠷᠢᠯᠡᠬᠦ ᠳᠤ ᠣᠷᠣᠯᠴᠠᠨ᠎ᠠ᠃ | ︵4︶ ᠬᠤᠲᠠ ᠶᠢᠨ ᠢᠯᠴᠢ ᠬᠠᠩᠭᠠᠬᠤ ᠠᠳᠡᠯ ᠤᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠡᠭᠦᠷᠭᠡ ᠬᠠᠷᠢᠭᠤᠴᠠᠯᠭ᠎ᠠ᠃ ᠬᠤᠲᠠ ᠶᠢᠨ ᠵᠢᠯᠣᠭᠤᠳᠬᠤ | ᠭᠠᠵᠠᠷ ᠬᠤᠲᠠ ᠶᠢᠨ ᠢᠯᠴᠢ ᠬᠠᠩᠭᠠᠬᠤ ᠠᠳᠡᠯ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠠᠳᠡᠯ ᠤᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠳᠤ ᠣᠷᠣᠯᠴᠠᠨ ᠵᠢᠯᠣᠭᠤᠳᠴᠤ᠂ ᠠᠳᠡᠯ ᠤᠨ ᠡᠭᠦᠰᠦᠭᠰᠡᠨ ᠰᠢᠯᠲᠠᠭᠠᠨ᠂ ᠬᠠᠨᠳᠤᠰᠢ ᠶᠢ ᠤᠷᠢᠳᠴᠢᠯᠠᠨ ᠵᠢᠱᠢᠬᠦ ᠪᠠ ᠦᠨᠡᠯᠡᠨ ᠵᠢᠱᠢᠵᠦ᠂ ᠠᠳᠡᠯ ᠤᠨ | ᠬᠥᠭᠵᠢᠯᠲᠡ ᠶᠢᠨ ᠪᠠᠶᠢᠳᠠᠯ ᠢ ᠶᠡᠷᠦᠩᠬᠡᠶᠢᠯᠡᠨ ᠰᠤᠳᠤᠯᠤᠨ ᠮᠠᠭᠠᠳᠯᠠᠬᠤ ᠶᠢᠨ ᠬᠠᠮᠲᠤ ᠠᠷᠭᠠᠴᠠᠬᠤ ᠰᠠᠨᠠᠭᠤᠯᠭ᠎ᠠ ᠳᠤᠷᠠᠳᠴᠤ᠂ ᠪᠠᠴᠢᠮ ᠪᠠᠶᠢᠳᠠᠯ ᠢ ᠠᠷᠭᠠᠴᠠᠬᠤ | ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠮᠡᠷᠭᠡᠵᠢᠯ ᠤᠨ ᠳᠡᠮᠵᠢᠯᠭᠡ ᠬᠠᠩᠭᠠᠨ᠎ᠠ᠃ | 3.1.2 ᠲᠣᠬᠠᠢ ᠶᠢᠨ ᠳᠡᠯᠡᠪᠡᠢ ᠶᠢᠨ ᠪᠠᠴᠢᠮ ᠪᠠᠶᠢᠳᠡᠯ ᠢ ᠠᠷᠭᠠᠴᠠᠬᠤ ᠶᠢᠨ ᠵᠢᠯᠥᠭᠤᠳᠬᠤ ᠪᠠᠶᠢᠭᠤᠯᠥᠮᠵᠢ | ᠣᠨᠴᠠ ᠬᠦᠨᠳᠦ ᠶᠡᠭᠡ᠂ ᠬᠦᠨᠳᠦ ᠶᠡᠭᠡ ᠢᠯᠴᠢ ᠬᠠᠩᠭᠠᠬᠤ ᠠᠳᠡᠯ ᠪᠤᠶᠤ ᠵᠢᠴᠢ ᠬᠠᠮᠤᠷᠬᠤ ᠬᠡᠪᠴᠢᠶ᠎ᠡ ᠨᠢ ᠨᠡᠯᠢᠶᠡᠳ ᠥᠷᠭᠡᠨ᠂ ᠰᠡᠷᠭᠡᠭ ᠬᠡᠮᠵᠢᠶ᠎ᠡ ᠨᠢ | ᠨᠡᠯᠢᠶᠡᠳ ᠥᠨᠳᠥᠷ ᠪᠤᠶᠤ ᠰᠢᠢᠳᠪᠦᠷᠢᠯᠡᠭᠰᠡᠨ ᠨᠢ ᠵᠣᠬᠢᠰ ᠥᠬᠡᠶ ᠠᠴᠠ ᠪᠣᠯᠵᠣ ᠬᠦᠨᠳᠦ ᠨᠣᠴᠢᠲᠠᠶ ᠤᠷᠰᠢᠭ ᠲᠠᠲᠠᠭᠰᠠᠨ ᠪᠠᠶᠢᠪᠠᠯ᠂ ᠡᠩ ᠤᠨ ᠢᠯᠴᠢ ᠬᠠᠩᠭᠠᠬᠤ | ᠠᠳᠡᠯ ᠢ ᠠᠷᠭᠠᠴᠠᠬᠤ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠬᠤᠲᠠ ᠶᠢᠨ ᠢᠯᠴᠢ ᠬᠠᠩᠭᠠᠬᠤ ᠠᠳᠡᠯ ᠤᠨ ᠲᠤᠬᠠᠶ ᠶᠢᠨ ᠲᠠᠯᠠᠪᠤᠷ ᠤᠨ ᠵᠢᠯᠣᠭᠤᠳᠬᠤ ᠭᠠᠵᠠᠷ ᠢ | ᠪᠠᠶᠢᠭᠤᠯᠵᠤ᠂ ᠲᠤᠬᠠᠶ ᠶᠢᠨ ᠲᠠᠯᠠᠪᠤᠷ ᠤᠨ ᠶᠡᠷᠦᠩᠬᠡᠶ ᠵᠢᠯᠣᠭᠤᠳᠣᠭᠴᠢ ᠶᠢ ᠬᠤᠲᠠ ᠶᠢᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠵᠢᠭᠠᠨ ᠲᠣᠭᠲᠠᠭᠠᠵᠤ᠂ | ᠳᠡᠳ᠋ ᠶᠡᠷᠦᠩᠬᠡᠶ ᠵᠢᠯᠣᠭᠤᠳᠣᠭᠴᠢ ᠶᠢ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠵᠢᠴᠢ ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠠᠴᠠ ᠡᠭᠦᠷᠭᠡᠯᠡᠨ᠎ᠡ᠃ | ᠲᠤᠬᠠᠶ ᠶᠢᠨ ᠲᠠᠯᠠᠪᠠᠶ ᠶᠢᠨ ᠵᠢᠯᠣᠭᠤᠳᠬᠤ ᠭᠠᠵᠠᠷ ᠤᠨ ᠳᠣᠤᠷ᠎ᠠ ᠪᠠᠴᠢᠮ ᠪᠠᠶᠢᠳᠠᠯ ᠢ ᠠᠷᠭᠠᠴᠠᠬᠤ ᠡᠳᠦᠶ ᠲᠡᠳᠦᠶ ᠠᠵᠢᠯᠯᠠᠬᠤ ᠳᠤᠭᠤᠶᠢᠯᠠᠩ ᠪᠠᠶᠢᠭᠤᠯᠵᠤ᠂ | ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠨ᠎ᠡ᠃ | ︵1︶ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ᠃ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠲᠦᠷᠦᠭᠦᠯᠡᠨ ᠢᠯᠴᠢ ᠬᠠᠩᠭᠠᠬᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠡᠯ᠎ᠡ ᠵᠦᠢᠯ ᠤᠨ ᠨᠢᠭᠡᠳᠦᠯᠲᠡᠶ ᠲᠥᠯᠥᠪᠯᠡᠬᠦ᠂ ᠵᠣᠬᠢᠶᠠᠨ | ᠪᠠᠶᠢᠭᠤᠯᠬᠤ᠂ ᠵᠣᠬᠢᠴᠠᠭᠤᠯᠬᠤ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ︔ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠵᠣᠬᠢᠴᠠᠭᠤᠯᠤᠨ ᠬᠠᠷᠢᠯᠴᠠᠵᠤ ᠬᠤᠲᠠ ᠶᠢᠨ | ᠵᠢᠯᠣᠭᠤᠳᠬᠤ ᠭᠠᠵᠠᠷ ᠤᠨ ᠪᠠᠶᠢᠷᠢᠯᠠᠭᠤᠯᠤᠭᠰᠠᠨ ᠡᠯ᠎ᠡ ᠵᠦᠢᠯ ᠤᠨ ᠡᠭᠦᠷᠭᠡ ᠶᠢ ᠪᠡᠶᠡᠯᠡᠭᠦᠯᠦᠨ᠎ᠡ᠃ | ︵2︶ ᠠᠳᠡᠯ ᠢ ᠵᠠᠪᠳᠤᠨ ᠵᠠᠰᠠᠬᠤ ᠳᠤᠭᠤᠶᠢᠯᠠᠩ᠃ ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | ᠲᠦᠷᠦᠭᠦᠯᠡᠨ᠂ ᠢᠯᠴᠢ ᠬᠠᠩᠭᠠᠬᠤ ᠠᠳᠡᠯ ᠤᠨ ᠰᠢᠨᠵᠢ ᠴᠢᠨᠠᠷ᠂ ᠨᠥᠯᠥᠭᠡᠯᠡᠬᠦ ᠬᠡᠪᠴᠢᠶ᠎ᠡ ᠵᠢᠴᠢ ᠬᠥᠨᠥᠭᠡᠯ ᠤᠨ ᠬᠡᠮᠵᠢᠶ᠎ᠡ ᠶᠢ ᠦᠨᠳᠦᠰᠦᠯᠡᠨ᠂ | ᠠᠶᠤᠯ ᠠᠴᠠ ᠠᠪᠤᠷᠠᠬᠤ᠂ ᠱᠠᠯᠠᠪᠳᠠᠨ ᠵᠠᠰᠠᠬᠤ᠂ ᠲᠦᠷ ᠴᠠᠭ ᠢᠯᠴᠢ ᠬᠠᠩᠭᠠᠬᠤ ᠵᠡᠷᠭᠡ ᠲᠤᠬᠠᠶ ᠶᠢᠨ ᠭᠠᠵᠠᠷ ᠲᠤᠨᠢ ᠰᠢᠢᠳᠪᠦᠷᠢᠯᠡᠵᠦ ᠠᠪᠤᠷᠠᠨ ᠲᠤᠰᠠᠯᠠᠬᠤ | ᠲᠥᠰᠦᠯ ᠲᠣᠭᠲᠠᠭᠠᠬᠤ ᠶᠢ ᠬᠠᠷᠢᠭᠤᠴᠠᠵᠤ᠂ ᠢᠯᠴᠢ ᠬᠠᠩᠭᠠᠬᠤ ᠨᠢᠭᠡᠴᠡ ᠶᠢ ᠵᠣᠬᠢᠶᠠᠨ ᠪᠠᠶᠢᠭᠤᠯᠤᠨ ᠡᠪᠳᠡᠭᠳᠡᠭᠰᠡᠨ ᠲᠥᠬᠦᠭᠡᠷᠦᠮᠵᠢ ᠶᠢ ᠵᠠᠰᠠᠨ ᠰᠡᠯᠪᠢᠵᠦ᠂ | ᠪᠡᠯᠡᠳᠬᠡᠯ ᠢᠯᠴᠢ ᠶᠢᠨ ᠢᠷᠡᠯᠲᠡ᠂ ᠪᠠᠴᠢᠮ ᠪᠠᠶᠢᠳᠠᠯ ᠢ ᠠᠷᠭᠠᠴᠠᠬᠤ ᠨᠡᠭᠦᠳᠡᠯ ᠢᠯᠴᠢ ᠶᠢᠨ ᠢᠷᠡᠯᠲᠡ ᠶᠢᠨ ᠲᠡᠷᠭᠡ ᠶᠢ ᠡᠬᠢᠯᠡᠭᠦᠯᠵᠦ᠂ ᠬᠡᠪ ᠤᠨ ᠢᠯᠴᠢ ᠬᠠᠩᠭᠠᠬᠤ ᠶᠢ | ᠡᠷᠲᠡᠬᠡᠨ ᠰᠡᠷᠭᠦᠭᠡᠬᠦ ᠬᠡᠷᠡᠭᠲᠡᠶ᠃ | ︵3︶ ᠲᠤᠰᠬᠠᠢ ᠮᠡᠷᠭᠡᠵᠢᠯᠲᠡᠨ ᠤ ᠦᠨᠡᠯᠡᠬᠦ ᠳᠤᠭᠤᠶᠢᠯᠠᠩ᠃ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠲᠦᠷᠦᠭᠦᠯᠡᠨ᠂ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠳᠡᠯ ᠤᠨ ᠲᠤᠬᠠᠢ ᠶᠢᠨ ᠲᠠᠯᠠᠪᠤᠷ ᠲᠤ ᠶᠡᠷᠦᠩᠬᠡᠶᠢᠯᠡᠭᠰᠡᠨ | ᠵᠠᠳᠠᠯᠤᠯᠲᠠ ᠬᠢᠵᠦ᠂ ᠬᠥᠭᠵᠢᠯᠲᠡ ᠶᠢᠨ ᠬᠠᠨᠳᠤᠰᠢ ᠶᠢ ᠦᠨᠡᠯᠡᠨ ᠵᠢᠱᠢᠵᠦ᠂ ᠲᠤᠬᠠᠢ ᠶᠢᠨ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ | ᠦᠨᠳᠦᠰᠦᠯᠡᠯ ᠬᠠᠩᠭᠠᠨ᠎ᠠ᠃ | ︵4︶ ᠭᠠᠯ ᠤᠨᠲᠠᠷᠠᠭᠠᠬᠤ ᠠᠪᠤᠷᠠᠨ ᠲᠤᠰᠠᠯᠠᠬᠤ ᠳᠤᠭᠤᠶᠢᠯᠠᠩ᠃ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ | ᠲᠦᠷᠦᠭᠦᠯᠡᠨ ᠬᠢᠵᠦ᠂ ᠢᠯᠴᠢ ᠬᠠᠩᠭᠠᠬᠤ ᠠᠳᠡᠯ ᠠᠴᠠ ᠪᠣᠯᠤᠭᠰᠠᠨ ᠡᠭᠦᠰᠦᠮᠡᠯ ᠭᠠᠮᠰᠢᠭ ᠢ ᠰᠢᠢᠳᠪᠦᠷᠢᠯᠡᠬᠦ ᠶᠢ ᠬᠠᠷᠢᠭᠤᠴᠠᠵᠤ᠂ ᠵᠢᠯᠣᠭᠤᠳᠬᠤ ᠭᠠᠵᠠᠷ ᠤᠨ | ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ︵5︶ ᠠᠮᠤᠷ ᠢ ᠬᠠᠮᠠᠭᠠᠯᠠᠬᠤ ᠳᠤᠭᠤᠶᠢᠯᠠᠩ᠃ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠦᠷᠦᠭᠦᠯᠡᠨ᠂ ᠰᠦᠷᠳᠡᠭᠦᠯᠭᠡ ᠳᠤ | ᠬᠤᠯᠪᠣᠭᠳᠠᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠵᠤ᠂ ᠬᠡᠷᠡᠭ ᠭᠠᠷᠤᠭᠰᠠᠨ | ᠲᠤᠬᠠᠶ ᠶᠢᠨ ᠭᠠᠵᠠᠷ ᠤᠨ ᠠᠮᠤᠷ ᠢ ᠬᠠᠮᠠᠭᠠᠯᠠᠬᠤ ᠰᠡᠷᠭᠡᠶᠢᠯᠡᠯᠲᠡ ᠶᠢᠨ ᠠᠵᠢᠯ ᠢ ᠬᠠᠷᠢᠭᠤᠴᠠᠨ᠂ ᠬᠡᠷᠡᠭᠴᠡᠭᠡ ᠪᠠᠨ ᠦᠨᠳᠦᠰᠦᠯᠡᠨ ᠵᠠᠮ ᠬᠠᠷᠢᠯᠴᠠᠭᠠᠨ ᠤ ᠵᠠᠬᠢᠷᠤᠨ | ᠬᠠᠮᠢᠶᠠᠷᠤᠯᠲᠠ ᠶᠢ ᠬᠡᠷᠡᠭᠵᠢᠭᠦᠯᠵᠦ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠵᠡᠷᠭᠡ ᠶᠢ ᠬᠠᠷᠢᠭᠤᠴᠠᠨ᠎ᠠ᠃ | ︵6︶ ᠡᠮ ᠡᠮᠨᠡᠯᠭᠡ ᠶᠢᠨ ᠠᠪᠤᠷᠠᠬᠤ ᠳᠤᠭᠤᠶᠢᠯᠠᠩ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠵᠦ᠂ ᠡᠮᠴᠢᠯᠡᠭᠡᠨ ᠤ | ᠠᠪᠤᠷᠠᠨ ᠵᠠᠰᠠᠬᠤ᠂ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ ᠲᠤᠬᠠᠶ ᠶᠢᠨ ᠲᠠᠯᠠᠪᠤᠷ ᠤᠨ | ᠵᠢᠯᠣᠭᠤᠳᠬᠤ ᠭᠠᠵᠠᠷ ᠲᠤ ᠬᠠᠮᠢᠶ᠎ᠠ ᠪᠥᠬᠦᠶ ᠮᠡᠳᠡᠭᠡ ᠵᠠᠩᠭᠢ ᠶᠢ ᠴᠠᠭ ᠲᠤᠬᠠᠶ ᠳᠤᠨᠢ ᠮᠡᠳᠡᠭᠦᠯᠦᠨ᠎ᠡ᠃ | ︵7︶ ᠠᠷᠤ ᠲᠠᠯ᠎ᠠ ᠶᠢᠨ ᠪᠠᠲᠤᠯᠠᠭ᠎ᠠ ᠶᠢᠨ ᠳᠤᠭᠤᠶᠢᠯᠠᠩ᠃ ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠲᠦᠷᠦᠭᠦᠯᠡᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠳ᠋ ᠪᠣᠳᠠᠰ ᠵᠢᠴᠢ ᠲᠣᠨᠤᠭ ᠲᠥᠬᠦᠭᠡᠷᠦᠮᠵᠢ ᠬᠠᠩᠭᠠᠵᠤ᠂ ᠴᠠᠬᠢᠯᠭᠠᠨ ᠬᠦᠴᠦᠨ ᠤ | ᠴᠢᠮᠡᠭᠡ ᠬᠤᠯᠪᠣᠭᠠᠨ ᠤ ᠪᠡᠯᠡᠳᠬᠡᠮᠵᠢ ᠶᠢᠨ ᠠᠶᠤᠯ ᠠᠴᠠ ᠠᠪᠤᠷᠠᠵᠤ ᠰᠡᠯᠪᠢᠨ ᠵᠠᠰᠠᠬᠤ ᠠᠵᠢᠯ ᠢ ᠰᠠᠶᠢᠲᠤᠷ ᠬᠢᠵᠦ᠂ ᠠᠳᠡᠯ ᠤᠨ ᠲᠤᠬᠠᠢ ᠶᠢᠨ ᠲᠠᠯᠠᠪᠤᠷ ᠤᠨ ᠡᠷᠭᠢᠨ | ᠲᠣᠭᠤᠷᠢᠨ ᠤ ᠬᠥᠮᠥᠰ ᠢ ᠲᠠᠷᠬᠠᠭᠠᠬᠤ ᠪᠠ ᠠᠮᠤᠷ ᠲᠦᠪᠰᠢᠨ ᠢ ᠬᠠᠮᠠᠭᠠᠯᠠᠬᠤ ᠵᠡᠷᠭᠡ ᠠᠵᠢᠯ ᠢ ᠬᠠᠷᠢᠭᠤᠴᠠᠨ᠎ᠠ᠃ | ︵8︶ ᠤᠬᠠᠭᠤᠯᠭ᠎ᠠ ᠮᠡᠳᠡᠭᠡᠯᠡᠬᠦ ᠳᠤᠭᠤᠶᠢᠯᠠᠩ᠃ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠲᠦᠷᠦᠭᠦᠯᠡᠨ᠂ ᠬᠤᠲᠠ ᠶᠢᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠠᠳᠡᠯ ᠤᠨ ᠪᠠᠴᠢᠮ | ᠪᠠᠶᠢᠳᠠᠯ ᠢ ᠠᠷᠭᠠᠴᠠᠬᠤ ᠮᠡᠳᠡᠭᠡ ᠵᠠᠩᠭᠢ ᠨᠡᠶᠢᠲᠡᠯᠡᠬᠦ ᠪᠠ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠣᠭᠤᠳᠬᠤ ᠠᠵᠢᠯ ᠢ ᠬᠠᠷᠢᠭᠤᠴᠠᠨ᠎ᠠ᠃ | ︵9︶ ᠬᠤᠶᠢᠳᠤᠬᠢ ᠶᠠᠪᠤᠳᠠᠯ ᠢ ᠰᠢᠢᠳᠪᠦᠷᠢᠯᠡᠬᠦ ᠠᠵᠢᠯ ᠤᠨ ᠪᠠᠭ᠃ ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠲᠦᠷᠦᠭᠦᠯᠡᠨ᠂ ᠠᠷᠠᠳ ᠤᠨ ᠶᠠᠪᠤᠳᠠᠯ᠂ ᠠᠵᠢᠯᠴᠢᠨ ᠤ ᠡᠪᠯᠡᠯ ᠵᠡᠷᠭᠡ ᠰᠠᠯᠠᠭ᠎ᠠ ᠮᠥᠴᠢᠷ ᠤᠳ ᠣᠷᠣᠯᠴᠠᠵᠤ᠂ ᠬᠥᠮᠦᠰ ᠢ ᠲᠣᠬᠤᠨᠢᠭᠤᠯᠬᠤ᠂ | ᠡᠳ᠋ ᠪᠣᠳᠠᠰ ᠤᠨ ᠨᠥᠬᠦᠪᠥᠷᠢ ᠥᠭᠬᠦ᠂ ᠬᠥᠳᠡᠯᠮᠦᠷᠢ ᠬᠦᠴᠦᠨ ᠢ ᠲᠠᠲᠠᠪᠤᠷᠢᠯᠠᠨ ᠬᠡᠷᠡᠭᠯᠡᠬᠦ ᠵᠢᠴᠢ ᠳᠠᠭᠠᠳᠬᠠᠯ ᠤᠨ ᠲᠥᠯᠥᠪᠦᠷᠢ ᠥᠭᠬᠦ ᠵᠡᠷᠭᠡ ᠠᠵᠢᠯ ᠢ | ᠬᠠᠷᠢᠭᠤᠴᠠᠨ᠎ᠠ᠃ | 3.2 ᠬᠤᠰᠢᠭᠤ ᠰᠢᠶᠠᠨ ᠲᠣᠭᠤᠷᠢᠭ ᠤᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ ᠬᠢᠭᠡᠳ ᠡᠭᠦᠷᠭᠡ ᠬᠠᠷᠢᠭᠤᠴᠠᠯᠭ᠎ᠠ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠵᠣᠬᠢᠬᠤ ᠲᠠᠰ ᠤᠨ ᠢᠯᠴᠢ ᠬᠠᠩᠭᠠᠬᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠭᠠᠵᠠᠷ ᠪᠠᠶᠢᠭᠤᠯᠵᠤ᠂ ᠵᠢᠯᠣᠭᠤᠳᠬᠤ ᠭᠠᠵᠠᠷ ᠤᠨ ᠠᠯᠪᠠᠨ ᠬᠡᠷ ᠢ ᠬᠤᠲᠠ ᠪᠠᠯᠭᠠᠰᠤᠨ ᠤ ᠢᠯᠴᠢ ᠬᠠᠩᠭᠠᠬᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠤ ᠪᠠᠶᠢᠷᠢᠯᠠᠭᠤᠯᠤᠨ᠎ᠠ᠃ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠣᠰ ᠱᠠᠲᠤᠨ ᠤ ᠢᠯᠴᠢ ᠬᠠᠩᠭᠠᠬᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ ᠢ ᠲᠣᠭᠲᠠᠭᠠᠬᠤ ᠶᠢᠨ ᠬᠠᠮᠲᠤ ᠳᠡᠭᠡᠳᠦ ᠱᠠᠲᠤᠨ ᠤ ᠢᠯᠴᠢ ᠬᠠᠩᠭᠠᠬᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠲᠠᠢ | ᠵᠣᠯᠭᠠᠭᠤᠯᠬᠤ ᠬᠡᠷᠡᠭᠲᠡᠶ᠃ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠶᠤᠯ ᠠᠴᠠ ᠠᠪᠤᠷᠠᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠨ | ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ᠂ ᠠᠶᠤᠯ ᠠᠴᠠ ᠠᠪᠤᠷᠠᠬᠤ ᠡᠩᠨᠡᠭᠡ ᠶᠢ ᠪᠠᠶᠢᠭᠤᠯᠵᠤ᠂ ᠴᠢᠬᠤᠯᠠ ᠪᠦᠬᠦᠢ ᠬᠡᠮᠵᠢᠭᠦᠷᠯᠢᠭ ᠮᠠᠰᠢᠨ | ᠪᠠᠭᠠᠵᠢ ᠪᠠ ᠵᠠᠮ ᠬᠠᠷᠢᠯᠴᠠᠭ᠎ᠠ᠂ ᠴᠢᠮᠡᠭᠡ ᠨᠡᠪᠲᠡᠷᠡᠯᠭᠡ ᠶᠢᠨ ᠪᠠᠭᠠᠵᠢ ᠬᠡᠷᠡᠭᠰᠡᠯ ᠢ ᠭᠦᠢᠴᠡᠳ ᠲᠣᠬᠢᠷᠠᠭᠤᠯᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ | ᠰᠣᠷᠢᠯᠲᠠ ᠬᠢᠬᠦ ᠬᠡᠷᠡᠭᠲᠡᠢ᠃ | 3.3 ᠢᠯᠴᠢ ᠬᠠᠩᠭᠠᠬᠤ ᠨᠢᠭᠡᠴᠡ ᠶᠢᠨ ᠪᠠᠴᠢᠮ ᠪᠠᠶᠢᠳᠠᠯ ᠢ ᠠᠷᠭᠠᠴᠠᠬᠤ ᠵᠣᠬᠢᠶᠠᠨ ᠪᠠᠶᠢᠭᠤᠯᠤᠯᠲᠠ ᠬᠢᠭᠡᠳ ᠡᠭᠦᠷᠭᠡ ᠬᠠᠷᠢᠭᠤᠴᠠᠯᠭ᠎ᠠ | ᠢᠯᠴᠢ ᠬᠠᠩᠭᠠᠬᠤ ᠨᠢᠭᠡᠴᠡ ᠨᠦᠭᠦᠳ ᠤᠯᠤᠰ ᠤᠨ ᠬᠤᠯᠪᠣᠭᠳᠠᠯ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠬᠤᠲᠠ᠂ ᠬᠤᠰᠢᠭᠤ ᠰᠢᠶᠠᠨ | ᠲᠣᠭᠤᠷᠢᠭ ᠤᠨ ᠢᠯᠴᠢ ᠬᠠᠩᠭᠠᠬᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠲᠣᠰ | ᠨᠢᠭᠡᠴᠡ ᠶᠢᠨ ᠢᠶᠠᠨ ᠪᠣᠳᠠᠲᠠᠶ ᠪᠠᠶᠢᠳᠠᠯ ᠲᠠᠢ ᠤᠶᠠᠯᠳᠤᠭᠤᠯᠤᠨ᠂ ᠲᠣᠰ ᠨᠢᠭᠡᠴᠡ ᠶᠢᠨ ᠢᠶᠠᠨ ᠢᠯᠴᠢ ᠬᠠᠩᠭᠠᠬᠤ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ ᠢ ᠲᠣᠭᠲᠠᠭᠠᠨ᠎ᠠ︔ ᠲᠣᠰ ᠨᠢᠭᠡᠴᠡ ᠶᠢᠨ ᠢᠶᠠᠨ ᠢᠯᠴᠢ ᠬᠠᠩᠭᠠᠬᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ᠂ ᠠᠪᠤᠷᠠᠨ | ᠲᠤᠰᠠᠯᠠᠬᠤ ᠡᠳ᠋ ᠪᠣᠳᠠᠰ᠂ ᠴᠢᠮᠡᠭᠡ ᠬᠤᠯᠪᠣᠭᠠᠨ ᠤ ᠪᠠᠲᠤᠯᠠᠭ᠎ᠠ ᠪᠠ ᠭᠡᠨᠡᠳᠲᠡ ᠶᠢᠨ ᠠᠳᠡᠯ ᠢ ᠰᠢᠢᠳᠪᠦᠷᠢᠯᠡᠬᠦ ᠲᠤᠰᠬᠠᠶ ᠮᠡᠷᠭᠡᠵᠢᠯ ᠤᠨ ᠠᠵᠢᠯᠲᠠᠨ ᠤ | ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠨᠠᠭᠠᠳᠤ ᠵᠠᠬ᠎ᠠ ᠳᠠᠭᠠᠨ | ᠬᠠᠭᠠᠰ ᠵᠢᠯ ᠪᠦᠷᠢ ᠨᠢᠭᠡ ᠤᠳᠠᠭ᠎ᠠ ᠵᠣᠬᠢᠶᠠᠨ ᠪᠠᠶᠢᠭᠤᠯᠤᠨ᠎ᠠ︔ ᠳᠤᠯᠠᠭᠠᠯᠠᠭ᠎ᠠ ᠶᠢᠨ ᠬᠤᠭᠤᠴᠠᠭᠠᠨ ᠳᠤ ᠤᠷᠤᠭᠰᠠᠨ ᠤ ᠳᠠᠷᠠᠭ᠎ᠠ᠂ ᠪᠠᠴᠢᠮ ᠪᠠᠶᠢᠳᠠᠯ ᠢ ᠠᠷᠭᠠᠴᠠᠬᠤ | ᠡᠩᠨᠡᠭᠡ ᠶᠢᠨ ᠴᠠᠭ ᠲᠤᠬᠠᠶ ᠳᠤᠨᠢ ᠵᠠᠷᠯᠢᠭ ᠬᠦᠯᠢᠶᠡᠬᠦ ᠶᠢ ᠦᠨᠡᠨᠬᠦ ᠪᠠᠲᠤᠯᠠᠨ᠎ᠠ᠃ | ᠢᠯᠴᠢ ᠬᠠᠩᠭᠠᠬᠤ ᠠᠳᠡᠯ ᠭᠠᠷᠤᠭᠰᠠᠨ ᠦᠶ᠎ᠡ ᠳᠤ᠂ ᠢᠯᠴᠢ ᠬᠠᠩᠭᠠᠬᠤ ᠨᠢᠭᠡᠴᠡ ᠨᠢ ᠢᠯᠴᠢ ᠬᠠᠩᠭᠠᠬᠤ ᠠᠳᠡᠯ ᠤᠨ ᠪᠠᠴᠢᠮ ᠪᠠᠶᠢᠳᠠᠯ ᠢ ᠠᠷᠭᠠᠴᠠᠵᠤ | ᠠᠶᠤᠯ ᠠᠴᠠ ᠠᠪᠤᠷᠠᠬᠤ ᠡᠩᠨᠡᠭᠡ ᠪᠠᠶᠢᠭᠤᠯᠵᠤ᠂ ᠬᠤᠲᠠ᠂ ᠬᠤᠰᠢᠭᠤ ᠰᠢᠶᠠᠨ ᠲᠣᠭᠤᠷᠢᠭ ᠤᠨ ᠵᠢᠯᠣᠭᠤᠳᠬᠤ ᠭᠠᠵᠠᠷ ᠤᠨ ᠠᠵᠢᠯ ᠳᠤ ᠬᠠᠮᠵᠢᠯᠴᠠᠨ᠂ ᠲᠣᠰ | ᠨᠢᠭᠡᠴᠡ ᠶᠢᠨ ᠢᠶᠠᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠣᠬᠢᠶᠠᠨ ᠪᠠᠶᠢᠭᠤᠯᠬᠤ ᠠᠵᠢᠯ ᠢ ᠬᠠᠷᠢᠭᠤᠴᠠᠨ᠎ᠠ︔ ᠢᠯᠴᠢ ᠬᠠᠩᠭᠠᠬᠤ ᠬᠡᠷᠡᠭᠯᠡᠭᠴᠢᠳ ᠲᠤ | ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠮᠡᠳᠡᠯᠭᠡ ᠶᠢᠨ ᠤᠬᠠᠭᠤᠯᠭ᠎ᠠ ᠶᠢ ᠬᠠᠷᠢᠭᠤᠴᠠᠨ᠎ᠠ᠃ | 4 ᠬᠢᠨᠡᠨ ᠰᠢᠨᠵᠢᠵᠦ ᠰᠡᠷᠡᠮᠵᠢᠯᠡᠬᠦᠯᠬᠦ ᠪᠠ ᠰᠡᠷᠡᠮᠵᠢᠯᠡᠬᠦᠯᠬᠦ ᠨᠡᠶᠢᠳᠡᠯᠡᠯ | 4.1 ᠳᠥᠭᠰᠢᠬᠦᠷᠢ ᠶᠢᠨ ᠰᠡᠷᠭᠡᠶᠢᠯᠡᠯᠲᠡ | ᠬᠤᠲᠠ ᠵᠢᠴᠢ ᠡᠯ᠎ᠡ ᠬᠤᠰᠢᠭᠤ ᠰᠢᠶᠠᠨ ᠲᠣᠭᠤᠷᠢᠭ ᠤᠨ ᠬᠤᠲᠠ ᠪᠠᠯᠭᠠᠰᠤ ᠶᠢᠨ ᠢᠯᠴᠢ ᠬᠠᠩᠭᠠᠬᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ | ᠢᠯᠴᠢ ᠬᠠᠩᠭᠠᠬᠤ ᠬᠤᠭᠤᠯᠠᠶ ᠲᠣᠤᠷ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠥᠲᠥᠭᠡᠨ ᠪᠠᠶᠢᠭᠤᠯᠤᠯᠲᠠ ᠪᠠ ᠬᠠᠭᠤᠴᠢᠨ ᠢᠯᠴᠢ ᠬᠠᠩᠭᠠᠬᠤ | ᠬᠤᠭᠤᠯᠠᠶ ᠶᠢ ᠰᠢᠨᠡᠳᠬᠡᠨ ᠥᠭᠡᠷᠡᠴᠢᠯᠡᠬᠦ ᠠᠵᠢᠯ ᠢ ᠦᠷᠭᠦᠯᠵᠢᠯᠡᠨ ᠥᠷᠨᠢᠭᠦᠯᠵᠦ᠂ ᠢᠯᠴᠢ ᠶᠢᠨ ᠢᠷᠡᠯᠲᠡ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ | ᠪᠠᠴᠢᠮ ᠪᠠᠶᠢᠳᠠᠯ ᠢ ᠠᠷᠭᠠᠴᠠᠬᠤ ᠨᠡᠭᠦᠳᠡᠯ ᠢᠯᠴᠢ ᠶᠢᠨ ᠢᠷᠡᠯᠲᠡ ᠶᠢᠨ ᠲᠡᠷᠭᠡ ᠶᠢ ᠳᠣᠭᠢᠷᠠᠭᠤᠯᠵᠤ᠂ ᠢᠯᠴᠢ ᠬᠠᠩᠭᠠᠬᠤ ᠨᠢᠭᠡᠴᠡ ᠶᠢᠨ ᠲᠦᠯᠡᠰᠢ ᠶᠢᠨ ᠨᠥᠭᠡᠴᠡ ᠶᠢᠨ | ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠢᠯᠴᠢ ᠬᠠᠩᠭᠠᠬᠤ ᠠᠵᠢᠯᠯᠠᠭᠠᠨ ᠳᠤ ᠬᠥᠳᠡᠯᠦᠩᠭᠦᠶ ᠬᠢᠨᠠᠨ ᠬᠡᠮᠵᠢᠯᠲᠡ ᠬᠢᠬᠦ ᠬᠡᠷᠡᠭᠲᠡᠶ᠃ ᠢᠯᠴᠢ | ᠬᠠᠩᠭᠠᠬᠤ ᠨᠢᠭᠡᠴᠡ ᠨᠦᠭᠦᠳ ᠪᠡᠯᠡᠳᠬᠡᠮᠵᠢ ᠲᠥᠬᠦᠭᠡᠷᠦᠮᠵᠢ ᠪᠠᠨ ᠰᠡᠯᠪᠢᠨ ᠵᠠᠰᠠᠵᠤ ᠪᠠᠶᠢᠴᠠᠭᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ | ᠦᠢᠯᠡᠳᠪᠦᠷᠢᠯᠡᠯ ᠤᠨ ᠠᠵᠢᠯᠯᠠᠭᠠᠨ ᠤ ᠲᠣᠬᠢᠷᠠᠭᠤᠯᠤᠯᠲᠠ ᠪᠠᠨ ᠴᠢᠩᠭᠠᠳᠬᠠᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠤᠰᠤ ᠬᠠᠩᠭᠠᠬᠤ ᠳᠤᠯᠠᠭᠠᠨ ᠤ | ᠬᠡᠮᠵᠢᠶ᠎ᠡ᠂ ᠳᠠᠷᠤᠯᠲᠠ᠂ ᠤᠷᠤᠰᠬᠠᠯ ᠤᠨ ᠬᠡᠮᠵᠢᠶ᠎ᠡ᠂ ᠤᠰᠤ ᠬᠠᠩᠭᠠᠬᠤ᠂ ᠴᠢᠮᠡᠭᠡ ᠨᠡᠪᠲᠡᠷᠡᠯᠭᠡ ᠵᠡᠷᠭᠡ ᠶᠢ ᠴᠠᠭ ᠲᠤᠬᠠᠶ ᠳᠤᠨᠢ ᠬᠢᠨᠠᠨ ᠬᠡᠮᠵᠢᠬᠦ ᠶᠢᠨ ᠬᠠᠮᠲᠤ ᠬᠡᠲᠦ | ᠳᠤᠯᠠᠭᠠᠨ ᠬᠡᠲᠦ ᠳᠠᠷᠤᠯᠲᠠ ᠶᠢ ᠰᠡᠷᠡᠮᠵᠢᠯᠡᠭᠦᠯᠬᠦ ᠲᠥᠬᠦᠭᠡᠷᠦᠮᠵᠢ ᠳᠣᠭᠢᠷᠠᠭᠤᠯᠵᠤ᠂ ᠲᠣᠬᠢᠷᠠᠭᠤᠯᠬᠤ ᠰᠢᠰᠲ᠋ᠧᠮ ᠤᠨ ᠣᠶᠤᠨᠴᠢ ᠬᠢᠨᠠᠨ ᠬᠡᠮᠵᠢᠯᠲᠡ᠂ ᠣᠶᠤᠨᠴᠢ | ᠤᠷᠢᠳᠴᠢᠯᠠᠨ ᠰᠡᠷᠡᠮᠵᠢᠯᠡᠭᠦᠯᠬᠦ ᠪᠠ ᠣᠶᠤᠨᠴᠢ ᠪᠠᠷ ᠡᠵᠡᠮᠳᠡᠬᠦ ᠲᠠᠯ᠎ᠠ ᠶᠢᠨ ᠮᠡᠷᠭᠡᠵᠢᠯ ᠤᠨ ᠠᠷᠭ᠎ᠠ ᠬᠡᠮᠵᠢᠶ᠎ᠡ ᠪᠠᠨ ᠲᠠᠰᠤᠷᠠᠯᠲᠠ ᠥᠬᠡᠶ ᠲᠡᠭᠦᠯᠳᠡᠷᠵᠢᠭᠦᠯᠬᠦ ᠶᠢᠨ ᠬᠠᠮᠲᠤ᠂ | ᠬᠡᠷᠡᠭᠴᠡᠭᠡ ᠱᠠᠭᠠᠷᠳᠠᠯᠭ᠎ᠠ ᠶᠢᠨ ᠬᠢᠨᠠᠨ ᠬᠡᠮᠵᠢᠯᠲᠡ ᠶᠢ ᠴᠢᠩᠭᠠᠳᠬᠠᠵᠤ᠂ ᠴᠠᠬᠢᠯᠭᠠᠨ ᠬᠠᠩᠭᠠᠬᠤ᠂ ᠢᠯᠴᠢ ᠬᠠᠩᠭᠠᠬᠤ ᠳᠠᠭᠠᠭᠠᠴᠠ ᠶᠢᠨ ᠬᠤᠪᠢᠷᠠᠯᠲᠠ ᠠᠴᠠ ᠪᠣᠯᠵᠣ | ᠢᠯᠴᠢ ᠬᠠᠩᠭᠠᠬᠤ ᠬᠤᠭᠤᠯᠠᠶ ᠶᠢᠨ ᠲᠣᠤᠷ ᠤᠨ ᠠᠵᠢᠯᠯᠠᠭᠠᠨ ᠳᠤ ᠡᠪᠳᠡᠯᠡᠭᠡ ᠶᠢᠨ ᠴᠢᠨᠠᠷᠲᠠᠶ ᠨᠥᠯᠥᠭᠡ ᠡᠭᠦᠰᠬᠦ ᠠᠴᠠ ᠵᠠᠶᠢᠯᠠᠰᠬᠢᠬᠦ ᠬᠡᠷᠡᠭᠲᠡᠶ᠃ ᠲᠦᠯᠡᠰᠢ ᠶᠢᠨ | ᠨᠥᠭᠡᠴᠡ ᠶᠢ ᠰᠠᠶᠢᠲᠤᠷ ᠬᠢᠵᠦ᠂ ᠲᠦᠯᠡᠰᠢ ᠬᠦᠷᠦᠯᠴᠡᠬᠦ ᠦᠭᠡᠢ ᠠᠴᠠ ᠪᠣᠯᠵᠤ ᠬᠡᠷᠡᠭᠴᠡᠭᠡ ᠶᠢ ᠵᠣᠭᠰᠣᠭᠠᠬᠤ ᠠᠳᠡᠯ ᠭᠠᠷᠬᠤ ᠠᠴᠠ ᠵᠠᠶᠢᠯᠠᠰᠬᠢᠨ᠎ᠡ᠃ | 4.2 ᠬᠢᠨᠠᠨ ᠰᠢᠨᠵᠢᠯᠡᠵᠦ ᠤᠷᠢᠳᠴᠢᠯᠠᠨ ᠮᠡᠳᠡᠭᠡᠯᠡᠬᠦ | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠵᠢᠴᠢ ᠡᠯ᠎ᠡ ᠬᠤᠰᠢᠭᠤ ᠰᠢᠶᠠᠨ ᠲᠣᠭᠤᠷᠢᠭ ᠤᠨ | ᠬᠤᠲᠠ ᠪᠠᠯᠭᠠᠰᠤ ᠶᠢᠨ ᠢᠯᠴᠢ ᠬᠠᠩᠭᠠᠬᠤ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠢᠯᠴᠢ ᠬᠠᠩᠭᠠᠬᠤ ᠶᠢ ᠬᠢᠨᠠᠨ ᠬᠠᠮᠢᠶᠠᠷᠬᠤ ᠲᠠᠪᠴᠠᠩ ᠤᠨ | ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠵᠤ᠂ ᠮᠡᠳᠡᠭᠡ ᠵᠠᠩᠭᠢᠵᠢᠯᠲᠠ ᠪᠠ ᠢᠨᠲ᠋ᠧᠷ ᠰᠦᠯᠵᠢᠶᠡᠨ ᠤ ᠮᠡᠷᠭᠡᠵᠢᠯ ᠢ ᠠᠰᠢᠭᠯᠠᠨ᠂ ᠭᠤᠣᠯᠳᠠᠯᠭ᠎ᠠ ᠲᠠᠢ ᠪᠡᠯᠡᠳᠬᠡᠮᠵᠢ | ᠲᠥᠬᠦᠭᠡᠷᠦᠮᠵᠢ᠂ ᠭᠤᠣᠯᠳᠠᠯᠭ᠎ᠠ ᠲᠠᠢ ᠣᠷᠣᠨ ᠪᠦᠰᠡ᠂ ᠴᠢᠬᠤᠯᠠ ᠠᠵᠢᠯ ᠤᠨ ᠪᠠᠶᠢᠷᠢ ᠵᠢᠴᠢ ᠦᠢᠯᠡᠳᠪᠦᠷᠢᠯᠡᠯ ᠤᠨ ᠠᠵᠢᠯ ᠤᠨ ᠠᠮᠤᠷ ᠲᠦᠪᠰᠢᠨ ᠢ ᠨᠥᠯᠥᠭᠡᠯᠡᠬᠦ | ᠣᠷᠴᠢᠨ ᠲᠣᠭᠤᠷᠢᠨ ᠤ ᠪᠠᠶᠢᠳᠠᠯ ᠢ ᠬᠢᠨᠠᠨ ᠬᠡᠮᠵᠢᠬᠦ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ᠂ ᠠᠯᠤᠰ ᠠᠴᠠ ᠬᠢᠨᠠᠨ | ᠬᠡᠮᠵᠢᠬᠦ᠂ ᠠᠦ᠋ᠲ᠋ᠣ᠋ ᠲᠦᠭᠰᠢᠭᠦᠷᠢ ᠮᠡᠳᠡᠭᠦᠯᠬᠦ᠂ ᠣᠶᠤᠨᠴᠢ ᠪᠠᠷ ᠢᠯᠭᠠᠨ ᠲᠠᠨᠢᠬᠤ ᠵᠡᠷᠭᠡ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠰᠢᠰᠲ᠋ᠧᠮ ᠢ ᠪᠠᠶᠢᠭᠤᠯᠬᠤ ᠶᠢᠨ | ᠬᠠᠮᠲᠤ ᠲᠡᠭᠦᠯᠳᠡᠷᠵᠢᠭᠦᠯᠬᠦ ᠬᠡᠷᠡᠭᠲᠡᠢ᠃ ᠢᠯᠴᠢ ᠬᠠᠩᠭᠠᠬᠤ ᠨᠢᠭᠡᠴᠡ ᠪᠣᠯ ᠠᠳᠡᠯ ᠢ ᠬᠢᠨᠠᠨ ᠬᠡᠮᠵᠢᠬᠦ ᠬᠠᠷᠢᠭᠤᠴᠠᠯᠭ᠎ᠠ ᠶᠢᠨ ᠭᠤᠤᠯ ᠴᠣᠭᠴᠠ ᠮᠥᠨ᠂ ᠠᠳᠡᠯ ᠤᠨ | ᠮᠡᠳᠡᠭᠡ ᠵᠠᠩᠭᠢ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠳᠡᠯ ᠢ ᠬᠢᠨᠠᠨ ᠬᠡᠮᠵᠢᠭᠰᠡᠨ ᠮᠡᠳᠡᠭᠡ ᠵᠠᠩᠭᠢ ᠶᠢ ᠲᠣᠭᠲᠠᠭᠠᠯ | ᠶᠣᠰᠣᠭᠠᠷ ᠲᠤᠬᠠᠶ ᠶᠢᠨ ᠭᠠᠵᠠᠷ ᠤᠨ ᠢᠯᠴᠢ ᠬᠠᠩᠭᠠᠬᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠲᠤ ᠮᠡᠳᠡᠭᠦᠯᠬᠦ ᠶᠢᠨ | ᠬᠠᠮᠲᠤ ᠱᠠᠲᠤ ᠳᠠᠷᠠᠭᠠᠯᠠᠨ ᠵᠢᠯᠣᠭᠤᠳᠬᠤ ᠭᠠᠵᠠᠷ ᠤᠨ ᠠᠯᠪᠠᠨ ᠬᠡᠷ ᠲᠤ ᠮᠡᠳᠡᠭᠦᠯᠬᠦ ᠬᠡᠷᠡᠭᠲᠡᠶ᠃ ᠬᠢᠨᠠᠨ ᠰᠢᠨᠵᠢᠬᠦ ᠮᠡᠳᠡᠭᠡ ᠵᠠᠩᠭᠢ ᠶᠢᠨ ᠮᠡᠳᠡᠭᠦᠯᠦᠯᠲᠡ ᠶᠢᠨ ᠭᠤᠤᠯ | ᠠᠭᠤᠯᠭ᠎ᠠ ᠳᠤ᠄ ᠦᠨᠳᠦᠰᠦᠨ ᠪᠠᠶᠢᠳᠠᠯ᠂ ᠰᠤᠳᠤᠯᠤᠨ ᠮᠠᠭᠠᠳᠯᠠᠬᠤ ᠪᠠᠷ ᠳᠠᠮᠵᠢᠭᠠᠳ ᠭᠠᠷᠴᠤ ᠮᠡᠳᠡᠬᠦ ᠬᠤᠤᠷ ᠬᠥᠨᠥᠭᠡᠯ ᠵᠢᠴᠢ ᠬᠡᠮᠵᠢᠶ᠎ᠡ᠂ ᠨᠥᠯᠥᠭᠡᠯᠡᠵᠦ ᠮᠡᠳᠡᠬᠦ | ᠬᠡᠷᠡᠭᠯᠡᠭᠴᠢ ᠵᠢᠴᠢ ᠬᠡᠪᠴᠢᠶ᠎ᠡ᠂ ᠰᠠᠨᠠᠭᠤᠯᠭ᠎ᠠ ᠶᠢᠨ ᠠᠷᠭ᠎ᠠ ᠬᠡᠮᠵᠢᠶ᠎ᠡ ᠵᠡᠷᠭᠡ ᠪᠠᠭᠲᠠᠨ᠎ᠠ᠃ | 4.3 ᠰᠡᠷᠡᠮᠵᠢᠯᠡᠬᠦᠯᠬᠦ ᠳᠡᠰ ᠬᠤᠪᠢᠶᠡᠬᠤ | ᠢᠯᠴᠢ ᠬᠠᠩᠭᠠᠬᠤ ᠠᠳᠡᠯ ᠤᠨ ᠤᠴᠠᠷᠠᠭᠤᠯᠵᠤ ᠮᠡᠳᠡᠬᠦ ᠬᠤᠤᠷ ᠬᠥᠨᠥᠭᠡᠯ᠂ ᠨᠥᠯᠥᠭᠡᠯᠡᠬᠦ ᠬᠡᠪᠴᠢᠶ᠎ᠡ ᠪᠠ ᠬᠥᠭᠵᠢᠯᠲᠡ ᠶᠢᠨ ᠬᠠᠨᠳᠤᠰᠢ ᠶᠢ ᠦᠨᠳᠦᠰᠦᠯᠡᠨ᠂ | ᠡᠭᠦᠰᠴᠦ ᠮᠡᠳᠡᠬᠦ ᠠᠳᠡᠯ ᠤᠨ ᠲᠠᠰ ᠢ ᠤᠷᠢᠳᠴᠢᠯᠠᠨ ᠰᠡᠷᠡᠮᠵᠢᠯᠡᠭᠦᠯᠬᠦ ᠲᠠᠰ ᠢ ᠨᠢᠭᠡᠳᠦᠭᠡᠷ ᠳᠡᠰ᠂ ᠬᠤᠶᠠᠳᠤᠭᠠᠷ ᠳᠡᠰ᠂ ᠭᠤᠷᠪᠠᠳᠤᠭᠠᠷ ᠲᠠᠰ᠂ ᠳᠥᠷᠪᠡᠳᠦᠭᠡᠷ ᠲᠠᠰ | ᠬᠤᠪᠢᠶᠠᠵᠤ᠂ ᠲᠣᠰ ᠲᠣᠰ ᠤᠯᠠᠭᠠᠨ ᠥᠩᠭᠡ᠂ ᠤᠯᠠᠪᠤᠷ᠂ ᠰᠢᠷ᠎ᠠ᠂ ᠬᠥᠬᠡ ᠥᠩᠭᠡ ᠪᠠᠷ ᠢᠯᠡᠷᠡᠭᠦᠯᠵᠦ᠂ ᠨᠢᠭᠡᠳᠦᠭᠡᠷ ᠳᠡᠰ ᠨᠢ ᠬᠠᠮᠤᠭ ᠤᠨ ᠳᠡᠭᠡᠳᠦ ᠲᠠᠰ | ᠪᠣᠯᠤᠨ᠎ᠠ᠃ | ᠤᠯᠠᠭᠠᠨ ᠥᠩᠭᠡ ᠶᠢᠨ ᠰᠡᠷᠡᠮᠵᠢᠯᠡᠭᠦᠯᠦᠯ ︵ᠨᠢᠭᠡᠳᠦᠭᠡᠷ ᠲᠠᠰ︶᠄ ᠵᠢᠱᠢᠯᠲᠡ ᠪᠠᠷ ᠣᠨᠴᠠ ᠬᠦᠨᠳᠦ ᠶᠡᠭᠡ ᠢᠯᠴᠢ ᠬᠠᠩᠭᠠᠬᠤ ᠠᠳᠡᠯ ᠭᠠᠷᠴᠤ᠂ ᠠᠳᠡᠯ ᠴᠠᠭ | ᠲᠤᠬᠠᠶ ᠳᠤᠨᠢ ᠭᠠᠷᠴᠤ᠂ ᠬᠡᠷᠡᠭ ᠤᠨ ᠪᠠᠶᠢᠳᠠᠯ ᠶᠠᠭ ᠲᠠᠰᠤᠷᠠᠯᠲᠠ ᠥᠬᠡᠶ ᠳᠡᠯᠭᠡᠷᠡᠵᠦ ᠪᠠᠶᠢᠨ᠎ᠠ᠃ | ᠤᠯᠠᠪᠤᠷ ᠥᠩᠭᠡ ᠶᠢᠨ ᠰᠡᠷᠡᠮᠵᠢᠯᠡᠭᠦᠯᠦᠯ ︵ᠬᠤᠶᠠᠳᠤᠭᠠᠷ ᠲᠠᠰ︶᠄ ᠵᠢᠱᠢᠯᠲᠡ ᠪᠠᠷ ᠬᠦᠨᠳᠦ ᠶᠡᠭᠡ ᠠᠴᠠ ᠳᠡᠭᠡᠭᠰᠢᠬᠢ ᠢᠯᠴᠢ ᠬᠠᠩᠭᠠᠬᠤ ᠠᠳᠡᠯ ᠭᠠᠷᠴᠤ᠂ | ᠠᠳᠡᠯ ᠤᠳᠠᠯ ᠥᠬᠡᠶ ᠡᠭᠦᠰᠬᠦ ᠭᠡᠵᠦ ᠪᠠᠶᠢᠨ᠎ᠠ᠂ ᠬᠡᠷᠡᠭ ᠤᠨ ᠪᠠᠶᠢᠳᠠᠯ ᠨᠢ ᠶᠠᠭ ᠠᠯᠬᠤᠮ ᠠᠯᠬᠤᠮ ᠢᠶᠠᠷ ᠥᠷᠭᠡᠳᠬᠡᠵᠦ ᠪᠠᠶᠢᠨ᠎ᠠ᠃ | ᠰᠢᠷ᠎ᠠ ᠥᠩᠭᠡ ᠶᠢᠨ ᠰᠡᠷᠡᠮᠵᠢᠯᠡᠭᠦᠯᠦᠯ ︵ᠭᠤᠷᠪᠠᠳᠤᠭᠠᠷ ᠲᠠᠰ︶᠄ ᠵᠢᠱᠢᠯᠲᠡ ᠪᠠᠷ ᠨᠡᠯᠢᠶᠡᠳ ᠶᠡᠭᠡ ᠠᠴᠠ ᠳᠡᠭᠡᠭᠰᠢ ᠢᠯᠴᠢ ᠬᠠᠩᠭᠠᠬᠤ ᠠᠳᠡᠯ ᠭᠠᠷᠴᠤ᠂ | ᠠᠳᠡᠯ ᠨᠢᠭᠡᠨᠲᠡ ᠣᠶᠢᠷᠠᠳᠴᠤ᠂ ᠬᠡᠷᠡᠭ ᠤᠨ ᠪᠠᠶᠢᠳᠠᠯ ᠥᠷᠭᠡᠳᠬᠡᠬᠦ ᠬᠠᠨᠳᠤᠰᠢ ᠲᠠᠢ ᠪᠣᠯᠤᠨ᠎ᠠ᠃ | ᠬᠥᠬᠡ ᠥᠩᠭᠡ ᠶᠢᠨ ᠰᠡᠷᠡᠮᠵᠢᠯᠡᠭᠦᠯᠦᠯ ︵ᠳᠥᠷᠪᠡᠨ ᠱᠠᠲᠤ︶᠄ ᠵᠢᠱᠢᠯᠲᠡ ᠪᠠᠷ ᠡᠩ ᠤᠨ ᠠᠴᠠ ᠳᠡᠭᠡᠭᠰᠢᠬᠢ ᠢᠯᠴᠢ ᠬᠠᠩᠭᠠᠬᠤ ᠠᠳᠡᠯ ᠭᠠᠷᠬᠤ ᠪᠣᠯᠤᠨ᠎ᠠ᠂ | ᠠᠳᠡᠯ ᠤᠳᠠᠯ ᠥᠬᠡᠶ ᠣᠶᠢᠷᠠᠳᠴᠤ᠂ ᠬᠡᠷᠡᠭ ᠤᠨ ᠪᠠᠶᠢᠳᠠᠯ ᠶᠡᠬᠡᠳᠴᠦ ᠮᠡᠳᠡᠨ᠎ᠡ᠃ | 4.4 ᠰᠡᠷᠡᠮᠵᠢᠯᠡᠬᠦᠯᠦᠯ ᠨᠡᠶᠢᠲᠡᠯᠡᠬᠦ | 4.4.1 ᠨᠡᠶᠢᠲᠡᠯᠡᠬᠦ ᠡᠷᠬᠡ | ᠬᠤᠲᠠ ᠵᠢᠴᠢ ᠡᠯ᠎ᠡ ᠬᠤᠰᠢᠭᠤ ᠰᠢᠶᠠᠨ ᠲᠣᠭᠤᠷᠢᠭ ᠤᠨ ᠬᠤᠲᠠ ᠪᠠᠯᠭᠠᠰᠤ ᠶᠢᠨ ᠢᠯᠴᠢ ᠬᠠᠩᠭᠠᠬᠤ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ | ᠵᠥᠪᠳᠡᠯᠴᠡᠭᠡ ᠪᠠᠨ ᠴᠢᠩᠭᠠᠳᠬᠠᠵᠤ᠂ ᠢᠯᠴᠢ ᠬᠠᠩᠭᠠᠬᠤ ᠠᠳᠡᠯ ᠤᠳᠠᠯ ᠥᠬᠡᠶ ᠡᠭᠦᠰᠬᠦ ᠭᠡᠵᠦ ᠪᠠᠶᠢᠭ᠎ᠠ ᠪᠤᠶᠤ ᠡᠭᠦᠰᠬᠦ ᠪᠣᠯᠤᠯᠴᠠᠭ᠎ᠠ ᠨᠢ ᠨᠡᠮᠡᠭᠳᠡᠵᠦ ᠪᠠᠶᠢᠭ᠎ᠠ | ᠦᠶ᠎ᠡ ᠳᠤ᠂ ᠬᠠᠮᠢᠶ᠎ᠠ ᠪᠥᠬᠦᠶ ᠲᠣᠭᠲᠠᠭᠠᠯ ᠶᠣᠰᠣᠭᠠᠷ ᠰᠡᠷᠡᠮᠵᠢᠯᠡᠭᠦᠯᠬᠦ ᠮᠡᠳᠡᠭᠡ ᠵᠠᠩᠭᠢ ᠶᠢ ᠳᠠᠷᠤᠶ ᠲᠦᠷᠭᠡᠨ ᠨᠡᠶᠢᠲᠡᠯᠡᠬᠦ ᠶᠢᠨ ᠬᠠᠮᠲᠤ ᠴᠠᠭ ᠲᠤᠬᠠᠶ ᠳᠤᠨᠢ ᠳᠡᠭᠡᠷ᠎ᠡ | ᠨᠢᠭᠡ ᠱᠠᠲᠤᠨ ᠳᠤ ᠮᠡᠳᠡᠭᠦᠯᠬᠦ ᠬᠡᠷᠡᠭᠲᠡᠶ᠃ ᠤᠯᠠᠭᠠᠨ ᠦᠩᠭᠡ᠂ ᠤᠯᠠᠪᠤᠷ ᠥᠩᠭᠡ ᠶᠢᠨ ᠰᠡᠷᠡᠮᠵᠢᠯᠡᠭᠦᠯᠬᠦ ᠳᠡᠰ ᠲᠤ ᠬᠦᠷᠦᠭᠰᠡᠨ ᠢ ᠬᠤᠲᠠ ᠶᠢᠨ ᠠᠷᠠᠳ ᠤᠨ | ᠵᠠᠰᠠᠭ ᠤᠨ ᠣᠷᠳᠣᠨ ᠪᠤᠶᠤ ᠬᠤᠲᠠ ᠶᠢᠨ ᠵᠢᠯᠣᠭᠤᠳᠬᠤ ᠭᠠᠵᠠᠷ ᠠᠴᠠ ᠬᠠᠷᠢᠭᠤᠴᠠᠨ ᠨᠡᠶᠢᠲᠡᠯᠡᠵᠦ᠂ ᠬᠤᠯᠪᠣᠭᠳᠠᠯ ᠪᠥᠬᠦᠶ ᠭᠠᠵᠠᠷ ᠣᠷᠣᠨ ᠤ ᠰᠡᠷᠡᠮᠵᠢᠯᠡᠭᠦᠯᠬᠦ | ᠬᠤᠭᠤᠴᠠᠭᠠᠨ ᠳᠤ ᠣᠷᠣᠭᠰᠠᠨ ᠢ ᠨᠡᠶᠢᠲᠡᠯᠡᠨ᠎ᠡ︔ ᠰᠢᠷ᠎ᠠ ᠥᠩᠭᠡ ᠪᠠ ᠬᠥᠬᠡ ᠥᠩᠭᠡ ᠶᠢᠨ ᠰᠡᠷᠡᠮᠵᠢᠯᠡᠭᠦᠯᠬᠦ ᠳᠡᠰ ᠲᠤ ᠬᠦᠷᠦᠭᠰᠡᠨ ᠢ ᠬᠤᠲᠠ ᠶᠢᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠬᠠᠷᠢᠭᠤᠴᠠᠨ ᠨᠡᠶᠢᠲᠡᠯᠡᠵᠦ᠂ ᠬᠤᠯᠪᠣᠭᠳᠠᠯ ᠪᠥᠬᠦᠶ ᠭᠠᠵᠠᠷ ᠣᠷᠣᠨ ᠤ | ᠰᠡᠷᠡᠮᠵᠢᠯᠡᠭᠦᠯᠬᠦ ᠬᠤᠭᠤᠴᠠᠭᠠᠨ ᠳᠤ ᠤᠷᠤᠭᠰᠠᠨ ᠢ ᠨᠡᠶᠢᠲᠡᠯᠡᠨ᠎ᠡ᠃ ᠠᠲᠠᠯ ᠤᠨ ᠰᠦᠷᠲᠠᠭᠦᠯᠣᠯ ᠠᠷᠢᠯᠵᠤ᠂ ᠨᠡᠶᠢᠲᠡᠯᠡᠭᠰᠡᠨ ᠡᠷᠭᠡ ᠮᠠᠲᠠᠯ ᠤᠨ ᠶᠣᠰᠣᠭᠠᠷ ᠴᠠᠭ | ᠳᠣᠬᠠᠢ ᠳᠤᠨᠢ ᠰᠠᠷᠠᠮᠵᠢᠯᠠᠭᠦᠯᠣᠯ ᠢᠶᠠᠨ ᠵᠣᠬᠰᠣᠭᠠᠵᠤ᠂ ᠰᠡᠷᠡᠮᠵᠢᠯᠡᠭᠦᠯᠦᠭᠰᠡᠨ ᠬᠤᠭᠤᠴᠠᠭ᠎ᠠ ᠶᠢ ᠵᠣᠬᠰᠣᠭᠠᠪᠠ᠃ | ᠢᠯᠴᠢ ᠬᠠᠩᠭᠠᠬᠤ ᠠᠳᠡᠯ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠠᠭᠤᠯᠭ᠎ᠠ ᠳᠤ᠄ ᠨᠡᠶᠢᠲᠡᠯᠡᠬᠦ ᠨᠢᠭᠡᠴᠡ᠂ ᠨᠡᠶᠢᠲᠡᠯᠡᠬᠦ ᠴᠠᠭ᠂ ᠭᠠᠷᠴᠤ ᠮᠡᠳᠡᠬᠦ | ᠢᠯᠴᠢ ᠬᠠᠩᠭᠠᠬᠤ ᠠᠳᠡᠯ ᠤᠨ ᠲᠥᠷᠥᠯ ᠢᠯᠭᠠᠯ᠂ ᠢᠯᠴᠢ ᠬᠠᠩᠭᠠᠬᠤ ᠠᠳᠡᠯ ᠤᠨ ᠰᠡᠷᠡᠮᠵᠢᠯᠡᠭᠦᠯᠬᠦ ᠲᠠᠰ᠂ ᠡᠬᠢᠯᠡᠬᠦ ᠴᠠᠭ᠂ ᠨᠥᠯᠥᠭᠡᠯᠡᠵᠦ ᠮᠡᠳᠡᠬᠦ ᠬᠡᠪᠴᠢᠶ᠎ᠡ᠂ | ᠰᠡᠷᠡᠮᠵᠢᠯᠡᠭᠦᠯᠬᠦ ᠬᠦᠴᠦᠨ ᠲᠠᠢ ᠬᠤᠭᠤᠴᠠᠭ᠎ᠠ ᠵᠡᠷᠭᠡ ᠮᠡᠳᠡᠭᠡ ᠵᠠᠩᠭᠢ ᠶᠢ ᠪᠠᠭᠲᠠᠭᠠᠬᠤ ᠬᠡᠷᠡᠭᠲᠡᠶ᠃ ᠢᠯᠴᠢ ᠬᠠᠩᠭᠠᠬᠤ ᠠᠳᠡᠯ ᠢ ᠬᠦᠴᠦᠨ ᠥᠬᠡᠶ ᠪᠣᠯᠭᠠᠬᠤ | ᠰᠡᠷᠡᠮᠵᠢ ᠶᠢᠨ ᠮᠡᠳᠡᠭᠡ ᠵᠠᠩᠭᠢ ᠶᠢᠨ ᠠᠭᠤᠯᠭ᠎ᠠ ᠳᠤ ᠪᠠᠭᠲᠠᠬᠤ ᠪᠣᠯᠪᠠᠴᠤ ᠪᠠᠭᠲᠠᠬᠤ ᠥᠬᠡᠶ᠄ ᠬᠦᠴᠦᠨ ᠥᠬᠡᠶ ᠪᠣᠯᠭᠠᠬᠤ ᠨᠢᠭᠡᠴᠢ ᠶᠢᠨ ᠨᠡᠷᠡᠶᠢᠳᠦᠯ᠂ ᠢᠯᠴᠢ | ᠬᠠᠩᠭᠠᠬᠤ ᠠᠳᠡᠯ ᠤᠨ ᠤᠷᠢᠳᠴᠢᠯᠠᠨ ᠰᠡᠷᠡᠮᠵᠢᠯᠡᠭᠦᠯᠬᠦ ᠲᠠᠰ ᠪᠠ ᠬᠦᠴᠦᠨ ᠥᠬᠡᠶ ᠪᠣᠯᠭᠠᠬᠤ ᠴᠠᠭ ᠲᠤ᠃ | 4.4.2 ᠰᠡᠷᠡᠮᠵᠢᠯᠡᠬᠦᠯᠬᠦ ᠲᠤᠬᠢᠷᠠᠭᠤᠯᠤᠯᠳᠠ | ᠢᠯᠴᠢ ᠬᠠᠩᠭᠠᠬᠤ ᠠᠳᠡᠯ ᠤᠨ ᠬᠥᠭᠵᠢᠯᠲᠡ ᠶᠢᠨ ᠪᠠᠶᠢᠳᠠᠯ ᠪᠣᠯᠤᠨ ᠰᠢᠢᠳᠪᠦᠷᠢᠯᠡᠬᠦ ᠠᠬᠢᠴᠠ ᠶᠢ ᠦᠨᠳᠦᠰᠦᠯᠡᠨ᠂ ᠰᠡᠷᠡᠮᠵᠢᠯᠡᠭᠦᠯᠬᠦ ᠮᠡᠳᠡᠭᠡ ᠵᠠᠩᠭᠢ ᠶᠢ | ᠨᠡᠶᠢᠲᠡᠯᠡᠬᠦ ᠰᠠᠯᠠᠭ᠎ᠠ ᠮᠥᠴᠢᠷ ᠤᠳ ᠰᠡᠷᠡᠮᠵᠢᠯᠡᠭᠦᠯᠬᠦ ᠳᠡᠰ ᠪᠠ ᠰᠢᠢᠳᠪᠦᠷᠢᠯᠡᠬᠦ ᠠᠷᠭ᠎ᠠ ᠬᠡᠮᠵᠢᠶ᠎ᠡ ᠳᠤ ᠴᠠᠭ ᠲᠤᠬᠠᠶ ᠳᠤᠨᠢ ᠲᠣᠬᠢᠷᠠᠭᠤᠯᠤᠯᠲᠠ ᠬᠢᠬᠦ ᠬᠡᠷᠡᠭᠲᠡᠶ᠃ | 4.4.3 ᠨᠡᠶᠢᠲᠡᠯᠡᠬᠦ ᠠᠷᠭ᠎ᠠ ᠵᠠᠮ | ᠰᠡᠷᠡᠮᠵᠢᠯᠡᠭᠦᠯᠬᠦ ᠮᠡᠳᠡᠭᠡ ᠵᠠᠩᠭᠢ ᠶᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠨᠥᠯᠥᠭᠡᠯᠡᠭᠳᠡᠬᠦ ᠪᠣᠯᠤᠯᠴᠠᠭ᠎ᠠ ᠲᠠᠢ ᠬᠥᠮᠦᠰ ᠲᠤ ᠨᠡᠶᠢᠲᠡᠯᠡᠵᠦ᠂ | ᠠᠳᠡᠯ ᠤᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠰᠢᠰᠲ᠋ᠧᠮ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠷᠠᠳᠢᠣ᠋ ᠨᠡᠪᠲᠡᠷᠡᠭᠦᠯᠭᠡ᠂ ᠲᠧᠯᠸᠢᠰ᠂ ᠭᠠᠷ | ᠤᠲᠠᠰᠤ᠂ ᠴᠢᠮᠡᠭᠡ ᠬᠤᠯᠪᠣᠭ᠎ᠠ ᠬᠢᠭᠡᠳ ᠮᠡᠳᠡᠭᠡ ᠵᠠᠩᠭᠢ ᠶᠢᠨ ᠰᠦᠯᠵᠢᠶ᠎ᠡ᠂ ᠰᠡᠷᠡᠮᠵᠢ ᠶᠢᠨ ᠳᠣᠬᠢᠶᠠᠨ ᠤ ᠮᠠᠰᠢᠨ᠂ ᠤᠬᠠᠭᠤᠯᠬᠤ ᠲᠡᠷᠭᠡ ᠪᠤᠶᠤ ᠬᠥᠮᠦᠰ ᠢ ᠵᠣᠬᠢᠶᠠᠨ | ᠪᠠᠶᠢᠭᠤᠯᠤᠨ ᠡᠷᠦᠬᠡ ᠳᠠᠷᠠᠭᠠᠯᠠᠨ ᠮᠡᠳᠡᠭᠳᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠰᠤᠲᠠᠨ᠂ ᠨᠢᠯᠬ᠎ᠠ ᠬᠡᠦᠬᠡᠳ᠂ ᠡᠪᠡᠳᠴᠢᠨ᠂ ᠵᠡᠮᠳᠡᠭ᠂ ᠵᠢᠷᠮᠦᠰᠦᠯᠡᠭᠰᠡᠨ | ᠵᠡᠷᠭᠡ ᠣᠨᠴᠣᠭᠤᠶ ᠬᠥᠮᠦᠰ ᠪᠣᠯᠤᠨ ᠰᠤᠷᠭᠠᠭᠤᠯᠢ ᠵᠡᠷᠭᠡ ᠣᠨᠴᠣᠭᠤᠶ ᠲᠠᠯᠠᠪᠤᠷ ᠭᠠᠵᠠᠷ ᠵᠢᠴᠢ ᠰᠡᠷᠡᠮᠵᠢ ᠶᠢᠨ ᠳᠣᠬᠢᠶᠠᠨ ᠤ ᠪᠠᠯᠠᠶ ᠣᠷᠣᠨ ᠳᠤ ᠴᠢᠭᠯᠡᠭᠦᠯᠬᠦ ᠴᠢᠨᠠᠷᠲᠠᠶ | ᠮᠡᠳᠡᠭᠳᠡᠬᠦ ᠠᠷᠭ᠎ᠠ ᠮᠠᠶ᠋ᠢᠭ ᠢ ᠠᠪᠬᠤ ᠬᠡᠷᠡᠭᠲᠡᠶ᠃ ᠵᠠᠭᠤᠴᠢᠯᠠᠭᠤᠷ ᠤᠨ ᠨᠢᠭᠡᠴᠡ ᠨᠦᠭᠦᠳ ᠰᠡᠷᠡᠮᠵᠢᠯᠡᠭᠦᠯᠬᠦ ᠮᠡᠳᠡᠭᠡ ᠵᠠᠩᠭᠢ ᠶᠢ ᠳᠠᠮᠵᠢᠭᠤᠯᠬᠤ ᠪᠠ ᠪᠠᠴᠢᠮ ᠪᠠᠶᠢᠳᠠᠯ ᠢ | ᠠᠷᠭᠠᠴᠠᠬᠤ ᠤᠬᠠᠭᠤᠯᠭ᠎ᠠ ᠶᠢᠨ ᠠᠵᠢᠯ ᠢ ᠡᠩ ᠲᠡᠷᠢᠭᠦᠨ ᠳᠤ ᠰᠠᠶᠢᠲᠤᠷ ᠬᠢᠬᠦ ᠬᠡᠷᠡᠭᠲᠡᠶ᠃ | 4.5 ᠰᠡᠷᠡᠮᠵᠢᠯᠡᠭᠦᠯᠬᠦ ᠠᠵᠢᠯᠯᠠᠭ᠎ᠠ | ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠭᠰᠡᠨ ᠤ ᠳᠠᠷᠠᠭ᠎ᠠ᠂ ᠬᠤᠲᠠ ᠵᠢᠴᠢ ᠡᠯ᠎ᠡ ᠬᠤᠰᠢᠭᠤ ᠰᠢᠶᠠᠨ ᠲᠣᠭᠤᠷᠢᠭ ᠤᠨ ᠬᠤᠲᠠ ᠪᠠᠯᠭᠠᠰᠤ ᠶᠢᠨ ᠢᠯᠴᠢ | ᠬᠠᠩᠭᠠᠬᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠠᠴᠠ ᠠᠳᠡᠯ ᠤᠨ ᠮᠡᠳᠡᠭᠡ ᠵᠠᠩᠭᠢ ᠶᠢ ᠨᠢᠭᠲᠠ ᠠᠩᠬᠠᠷᠴᠤ᠂ | ᠦᠨᠡᠯᠡᠨ ᠵᠢᠱᠢᠵᠦ ᠵᠠᠳᠠᠯᠤᠨ᠂ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ ᠤᠴᠠᠷᠠᠭᠤᠯᠵᠤ ᠮᠡᠳᠡᠬᠦ ᠨᠥᠯᠥᠭᠡ ᠪᠠ ᠬᠥᠨᠥᠭᠡᠯ ᠤᠨ ᠬᠡᠮᠵᠢᠶ᠎ᠡ ᠶᠢ ᠦᠨᠳᠦᠰᠦᠯᠡᠨ᠂ | ᠠᠷᠭᠠᠴᠠᠭᠠᠬᠤ ᠲᠥᠰᠦᠯ ᠢ ᠰᠤᠳᠤᠯᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠬᠤᠲᠠ ᠵᠢᠴᠢ ᠡᠯ᠎ᠡ ᠬᠤᠰᠢᠭᠤ ᠰᠢᠶᠠᠨ | ᠲᠣᠭᠤᠷᠢᠭ ᠤᠨ ᠬᠤᠲᠠ ᠪᠠᠯᠭᠠᠰᠤ ᠶᠢᠨ ᠢᠯᠴᠢ ᠬᠠᠩᠭᠠᠬᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠵᠢᠴᠢ ᠠᠵᠢᠯᠯᠠᠬᠤ ᠳᠤᠭᠤᠶᠢᠯᠠᠩ ᠤᠨ | ᠪᠦᠷᠢᠯᠳᠦᠬᠦᠨ ᠨᠢᠭᠡᠴᠡ ᠨᠦᠭᠦᠳ ᠲᠣᠰ ᠪᠡᠯᠡᠳᠬᠡᠯ ᠲᠥᠰᠦᠯ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠦᠨᠳᠦᠰᠦᠯᠡᠨ | ᠳᠠᠷᠦ᠋ᠢᠬᠠᠨ ᠴᠤᠤᠷᠢᠶᠠᠲᠤᠨ ᠳᠠᠭᠠᠵᠤ᠂ ᠳᠣᠤᠷᠠᠬᠢ ᠨᠢᠭᠡ ᠵᠦᠢᠯ ᠤᠨ ᠪᠤᠶᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠠᠪᠴᠤ᠂ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ᠃ | ︵1︶ 24 ᠴᠠᠭ ᠢᠶᠠᠷ ᠵᠢᠵᠢᠭᠦᠷᠯᠡᠬᠦ ᠲᠦᠷᠢᠮ ᠢ ᠨᠠᠶᠢᠳᠠᠪᠤᠷᠢᠵᠢᠭᠤᠯᠵᠤ᠂ ᠮᠡᠳᠡᠭᠡ ᠵᠠᠩᠭᠢ ᠶᠢ ᠬᠢᠨᠠᠨ ᠡᠵᠡᠮᠳᠡᠬᠦ᠂ ᠴᠤᠭᠯᠠᠭᠤᠯᠬᠤ ᠶᠢ ᠴᠢᠩᠭᠠᠳᠬᠠᠨ᠎ᠠ︔ | ︵2︶ ᠨᠥᠯᠥᠭᠡ ᠪᠣᠯᠬᠤ ᠪᠣᠯᠣᠯᠴᠠᠭ᠎ᠠ ᠪᠦᠬᠦᠢ ᠬᠡᠷᠡᠭᠯᠡᠭᠴᠢ ᠳᠤ ᠬᠤᠯᠪᠣᠭᠳᠠᠯ ᠪᠦᠬᠦᠢ ᠵᠠᠩᠬᠢ ᠶᠢ ᠨᠡᠶᠢᠲᠡᠯᠡᠨ᠎ᠡ᠃ | ︵3︶ ᠬᠤᠯᠪᠣᠭᠳᠠᠯ ᠪᠦᠬᠦᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠪᠣᠯᠤᠨ ᠬᠥᠮᠦᠰ ᠢ ᠵᠠᠷᠯᠢᠭ ᠬᠦᠯᠢᠶᠡᠬᠦ ᠪᠠᠶᠢᠳᠠᠯ ᠳᠤ | ᠣᠷᠣᠭᠤᠯᠬᠤ ᠶᠢ ᠮᠡᠳᠡᠭᠳᠡᠨ᠎ᠡ᠃ | ︵4︶ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠳ᠋ ᠪᠣᠳᠠᠰ᠂ ᠲᠥᠬᠦᠭᠡᠷᠦᠮᠵᠢ᠂ ᠪᠠᠭᠠᠵᠢ ᠬᠡᠷᠡᠭᠰᠡᠯ᠂ ᠪᠠᠴᠢᠮ ᠪᠠᠶᠢᠳᠠᠯ ᠢ ᠠᠷᠭᠠᠴᠠᠬᠤ | ᠰᠢᠯᠵᠢᠮᠡᠯ ᠲᠡᠷᠭᠡ ᠵᠡᠷᠭᠡ ᠶᠢ ᠪᠠᠶᠢᠴᠠᠭᠠᠪᠠ︔ | ︵5︶ ᠲᠣᠰ ᠭᠠᠵᠠᠷ ᠣᠷᠣᠨ ᠤ ᠪᠤᠰᠤᠳ ᠢᠯᠴᠢ ᠬᠠᠩᠭᠠᠬᠤ ᠨᠢᠭᠡᠴᠢ ᠳᠤ ᠮᠡᠳᠡᠭᠳᠡᠵᠦ ᠣᠷᠣᠯᠠᠨ ᠬᠠᠮᠢᠶᠠᠷᠬᠤ ᠪᠡᠯᠡᠳᠬᠡᠯ ᠠᠵᠢᠯ ᠢ ᠰᠠᠶᠢᠲᠤᠷ ᠬᠢᠨ᠎ᠡ︔ | ︵6︶ ᠬᠤᠯᠪᠣᠭᠳᠠᠯ ᠪᠥᠬᠦᠶ ᠠᠵᠤ ᠠᠬᠤᠶᠢᠯᠠᠯ ᠳᠤ ᠢᠯᠴᠢ ᠶᠢᠨ ᠢᠷᠡᠯᠲᠡ ᠶᠢ ᠨᠥᠭᠡᠴᠡᠯᠡᠬᠦ ᠵᠡᠷᠭᠡ ᠪᠠᠴᠢᠮ ᠪᠠᠶᠢᠳᠠᠯ ᠢ ᠠᠷᠭᠠᠴᠠᠵᠤ ᠢᠯᠴᠢ ᠬᠠᠩᠭᠠᠬᠤ | ᠪᠤᠰᠤᠳ ᠠᠷᠭ᠎ᠠ ᠬᠡᠮᠵᠢᠶ᠎ᠡ ᠶᠢ ᠡᠬᠢᠯᠡᠭᠦᠯᠬᠦ ᠪᠡᠯᠡᠳᠬᠡᠯ ᠠᠵᠢᠯ ᠢ ᠰᠠᠶᠢᠲᠤᠷ ᠬᠢᠬᠦ ᠶᠢ ᠮᠡᠳᠡᠭᠳᠡᠨ᠎ᠡ︔ | ︵7︶ ᠨᠡᠭᠦᠷᠡᠰᠦ ᠬᠠᠩᠭᠠᠬᠤ ᠠᠵᠤ ᠠᠬᠤᠶᠢᠯᠠᠯ ᠢ ᠵᠣᠬᠢᠴᠠᠭᠤᠯᠵᠤ᠂ ᠨᠡᠭᠦᠷᠡᠰᠦ ᠰᠢᠲᠠᠭᠠᠬᠤ ᠲᠡᠭᠡᠭᠡᠪᠦᠷᠢ ᠶᠢᠨ ᠪᠡᠯᠡᠳᠬᠡᠯ ᠢ ᠰᠠᠶᠢᠲᠤᠷ ᠬᠢᠨ᠎ᠡ︔ | ︵8︶ ᠠᠳᠡᠯ ᠡᠭᠦᠰᠦᠭᠰᠡᠨ᠂ ᠬᠥᠭᠵᠢᠯᠲᠡ ᠶᠢᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠲᠤᠰᠬᠠᠶ | ᠮᠡᠷᠭᠡᠵᠢᠯᠲᠡᠨ ᠢ ᠵᠣᠬᠢᠶᠠᠨ ᠪᠠᠶᠢᠭᠤᠯᠤᠨ ᠠᠳᠡᠯ ᠤᠨ ᠨᠥᠯᠥᠭᠡᠯᠡᠬᠦ ᠬᠡᠪᠴᠢᠶ᠎ᠡ ᠪᠠ ᠬᠦᠴᠦᠯᠡᠴᠡ᠂ ᠠᠳᠡᠯ ᠤᠨ ᠳᠡᠰ ᠢ ᠰᠤᠳᠤᠯᠤᠨ ᠮᠠᠭᠠᠳᠯᠠᠬᠤ ᠶᠢᠨ ᠬᠠᠮᠲᠤ ᠬᠠᠮᠢᠶ᠎ᠠ | ᠪᠥᠬᠦᠶ ᠰᠠᠨᠠᠭᠤᠯᠭ᠎ᠠ ᠳᠤᠷᠠᠳᠤᠨ᠎ᠠ︔ | ︵9︶ ᠲᠣᠭᠲᠠᠭᠠᠯ ᠶᠣᠰᠣᠭᠠᠷ ᠠᠳᠡᠯ ᠤᠨ ᠬᠤᠤᠷ ᠬᠥᠨᠥᠭᠡᠯ ᠳᠤ ᠤᠴᠠᠷᠠᠵᠤ ᠮᠡᠳᠡᠬᠦ ᠰᠡᠷᠡᠮᠵᠢ ᠶᠢᠨ ᠳᠣᠬᠢᠶ᠎ᠠ ᠶᠢ ᠨᠡᠶᠢᠲᠡᠯᠡᠵᠦ᠂ ᠣᠨᠴᠠ ᠲᠣᠭᠲᠠᠭᠰᠠᠨ | ᠠᠷᠭ᠎ᠠ ᠬᠡᠮᠵᠢᠶ᠎ᠡ ᠠᠪᠴᠤ ᠪᠠᠶᠢᠭᠠᠳ ᠬᠤᠤᠷ ᠬᠥᠨᠥᠭᠡᠯ ᠠᠴᠠ ᠵᠠᠶᠢᠯᠠᠬᠤ ᠪᠤᠶᠤ ᠬᠥᠩᠭᠡᠷᠡᠭᠦᠯᠬᠦ ᠰᠠᠨᠠᠭᠤᠯᠭ᠎ᠠ᠂ ᠢᠳᠬᠠᠯ᠃ | ︵10︶ ᠡᠯ᠎ᠡ ᠵᠦᠢᠯ ᠤᠨ ᠠᠷᠭ᠎ᠠ ᠮᠠᠶ᠋ᠢᠭ ᠢ ᠠᠪᠴᠤ ᠪᠠᠶᠢᠭᠠᠳ ᠨᠥᠯᠥᠭᠡᠯᠡᠭᠳᠡᠭᠰᠡᠨ ᠪᠤᠶᠤ ᠨᠥᠯᠥᠭᠡᠯᠡᠭᠳᠡᠬᠦ ᠮᠡᠳᠡᠬᠦ ᠣᠷᠣᠨ ᠪᠦᠰᠡ ᠶᠢᠨ ᠨᠢᠭᠡᠴᠢ ᠪᠠ | ᠰᠠᠭᠤᠭᠠᠯᠢ ᠠᠷᠠᠳ ᠤᠨ ᠢᠯᠴᠢ ᠬᠠᠩᠭᠠᠬᠤ ᠬᠠᠩᠭᠠᠯᠭ᠎ᠠ ᠶᠢ ᠲᠠᠰᠤᠯᠳᠠᠭᠤᠯᠬᠤ ᠠᠵᠢᠯ ᠢ ᠰᠠᠶᠢᠲᠤᠷ ᠬᠢᠬᠦ ᠶᠢ ᠰᠠᠨᠠᠭᠤᠯᠬᠤ ᠬᠡᠷᠡᠭᠲᠡᠶ︔ | ︵11︶ ᠲᠣᠰ ᠱᠠᠲᠤᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ᠂ ᠬᠠᠮᠢᠶ᠎ᠠ ᠪᠦᠬᠦᠢ ᠬᠥᠮᠦᠰ ᠤᠨ ᠵᠠᠷᠯᠢᠭ ᠬᠦᠯᠢᠶᠡᠬᠦ ᠪᠠᠶᠢᠳᠠᠯ ᠳᠤ | ᠣᠷᠣᠬᠤ ᠶᠢ ᠵᠣᠬᠢᠴᠠᠭᠤᠯᠬᠤ ᠶᠢᠨ ᠬᠠᠮᠲᠤ ᠪᠡᠯᠡᠳᠬᠡᠯ ᠬᠥᠮᠦᠰ ᠢ ᠳᠠᠶᠢᠴᠢᠯᠠᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠ ᠰᠢᠢᠳᠪᠦᠷᠢᠯᠡᠬᠦ ᠠᠵᠢᠯ ᠳᠤ | ᠣᠷᠣᠯᠴᠠᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠶ︔ | ︵12︶ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠳᠤ ᠬᠡᠷᠡᠭᠰᠡᠬᠦ ᠡᠳ᠋ ᠪᠣᠳᠠᠰ᠂ ᠲᠣᠨᠤᠭ ᠲᠥᠬᠦᠭᠡᠷᠦᠮᠵᠢ᠂ ᠪᠠᠭᠠᠵᠢ ᠬᠡᠷᠡᠭᠰᠡᠯ ᠢ ᠰᠢᠯᠵᠢᠭᠦᠯᠦᠨ | ᠴᠤᠭᠯᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠬᠦᠭᠡᠷᠦᠮᠵᠢ ᠶᠢ ᠪᠡᠯᠡᠳᠬᠡᠬᠦ ᠶᠢᠨ ᠬᠠᠮᠲᠤ ᠲᠡᠭᠦᠨ ᠤ ᠰᠠᠶᠢᠨ ᠰᠠᠶᠢᠬᠠᠨ ᠪᠠᠶᠢᠳᠠᠯ ᠳᠤ ᠪᠠᠶᠢᠬᠤ᠂ ᠴᠠᠭ | ᠲᠤᠬᠠᠶ ᠳᠤᠨᠢ ᠬᠡᠪ ᠤᠨ ᠶᠣᠰᠣᠭᠠᠷ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ︵13︶ ᠲᠣᠰ ᠱᠠᠲᠤᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡ ᠶᠢ ᠵᠣᠬᠢᠶᠠᠨ ᠪᠠᠶᠢᠭᠤᠯᠵᠤ ᠬᠠᠮᠵᠢᠯᠴᠠᠨ ᠰᠢᠢᠳᠪᠦᠷᠢᠯᠡᠨ᠎ᠡ︔ | ︵14︶ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠨᠥᠯᠥᠭᠡᠯᠡᠭᠳᠡᠬᠦ ᠬᠡᠪᠴᠢᠶᠡᠨ ᠳᠤ ᠰᠠᠭᠤᠭᠠᠯᠢ ᠠᠷᠠᠳ ᠤᠨ ᠪᠠᠴᠢᠮ ᠪᠠᠶᠢᠳᠠᠯ ᠢ ᠠᠷᠭᠠᠴᠠᠵᠤ | ᠳᠤᠯᠠᠭᠠᠯᠠᠭ᠎ᠠ ᠬᠠᠩᠭᠠᠬᠤ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ︔ | ︵15︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ ᠴᠢᠬᠤᠯᠠ ᠪᠦᠬᠦᠢ ᠰᠡᠷᠭᠡᠶᠢᠯᠡᠬᠦ ᠴᠢᠨᠠᠷᠲᠠᠶ᠂ | ᠬᠠᠮᠠᠭᠠᠯᠠᠬᠤ ᠴᠢᠨᠠᠷᠲᠠᠶ ᠠᠷᠭ᠎ᠠ ᠬᠡᠮᠵᠢᠶ᠎ᠡ | 5 ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | 5.1 ᠳᠡᠰ ᠬᠤᠪᠢᠶᠠᠵᠤ ᠠᠷᠭᠠᠴᠠᠬᠤ | ᠢᠯᠴᠢ ᠬᠠᠩᠭᠠᠬᠤ ᠠᠳᠡᠯ ᠢ ᠠᠷᠭᠠᠴᠠᠬᠤ ᠳᠤ ᠱᠠᠲᠤ ᠬᠤᠪᠢᠶᠠᠨ ᠬᠠᠷᠢᠭᠤᠴᠠᠬᠤ᠂ ᠬᠠᠷᠢᠶ᠎ᠠ ᠣᠷᠣᠨ ᠢᠶᠠᠷ ᠭᠤᠤᠯ ᠪᠣᠯᠭᠠᠬᠤ ᠵᠠᠷᠴᠢᠮ ᠢ ᠵᠢᠷᠤᠮᠯᠠᠬᠤ ᠬᠡᠷᠡᠭᠲᠡᠶ᠃ | ᠠᠳᠡᠯ ᠨᠢ ᠬᠡᠷᠡᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠠᠷᠭᠠᠴᠠᠨ ᠰᠢᠢᠳᠪᠦᠷᠢᠯᠡᠬᠦ ᠴᠢᠳᠠᠪᠤᠷᠢ ᠠᠴᠠ ᠬᠡᠲᠦᠷᠡᠭᠰᠡᠨ ᠦᠶ᠎ᠡ ᠳᠤ᠂ ᠳᠡᠭᠡᠷ᠎ᠡ | ᠨᠢᠭᠡ ᠱᠠᠲᠤᠨ ᠤ ᠵᠠᠰᠠᠭ ᠤᠨ ᠣᠷᠳᠣᠨ ᠠᠴᠠ ᠳᠡᠮᠵᠢᠯᠭᠡ ᠬᠠᠩᠭᠠᠬᠤ ᠪᠤᠶᠤ ᠵᠣᠬᠢᠶᠠᠨ ᠪᠠᠶᠢᠭᠤᠯᠤᠨ ᠠᠷᠭᠠᠴᠠᠬᠤ ᠬᠡᠷᠡᠭᠲᠡᠶ᠃ ᠣᠨᠴᠠ ᠬᠦᠨᠳᠦ ᠶᠡᠭᠡ᠂ ᠬᠦᠨᠳᠦ ᠶᠡᠭᠡ | ᠠᠳᠡᠯ ᠢ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠭᠠᠵᠠᠷ ᠠᠴᠠ ᠵᠣᠬᠢᠶᠠᠨ ᠪᠠᠶᠢᠭᠤᠯᠤᠨ ᠠᠷᠭᠠᠴᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ | ᠤᠷᠢᠳᠠᠪᠠᠷ ᠠᠷᠭᠠᠴᠠᠬᠤ ᠠᠵᠢᠯ ᠢ ᠰᠠᠶᠢᠲᠤᠷ ᠬᠢᠨ᠎ᠡ᠃ ᠨᠡᠯᠢᠶᠡᠳ ᠶᠡᠭᠡ ᠠᠳᠡᠯ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠣᠬᠢᠶᠠᠨ ᠪᠠᠶᠢᠭᠤᠯᠤᠨ | ᠠᠷᠭᠠᠴᠠᠭᠠᠵᠤ᠂ ᠡᠩ ᠤᠨ ᠠᠳᠡᠯ ᠢ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠣᠬᠢᠶᠠᠨ ᠪᠠᠶᠢᠭᠤᠯᠤᠨ ᠠᠷᠭᠠᠴᠠᠭᠠᠨ᠎ᠠ᠃ | 5.2 ᠳᠠᠭᠠᠵᠤ ᠬᠢᠬᠦ ᠶᠢ ᠳᠡᠰ ᠬᠤᠪᠢᠶᠡᠬᠤ | ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠶᠢ ᠨᠢᠭᠡᠳᠦᠭᠡᠷ ᠳᠡᠰ᠂ ᠬᠤᠶᠠᠳᠤᠭᠠᠷ ᠳᠡᠰ᠂ ᠭᠤᠷᠪᠠᠳᠤᠭᠠᠷ ᠳᠡᠰ ᠪᠣᠯᠤᠨ ᠳᠥᠷᠪᠡᠳᠦᠭᠡᠷ ᠳᠡᠰ ᠬᠤᠪᠢᠶᠠᠵᠤ᠂ | ᠨᠢᠭᠡᠳᠦᠭᠡᠷ ᠳᠡᠰ ᠨᠢ ᠬᠠᠮᠤᠭ ᠤᠨ ᠳᠡᠭᠡᠳᠦ ᠳᠡᠰ ᠪᠣᠯᠤᠨ᠎ᠠ᠃ ᠢᠯᠴᠢ ᠬᠠᠩᠭᠠᠬᠤ ᠠᠳᠡᠯ ᠤᠨ ᠳᠡᠰ ᠬᠤᠪᠢᠶᠠᠬᠤ ᠪᠠᠷᠢᠮᠵᠢᠶ᠎ᠠ ᠶᠣᠰᠣᠭᠠᠷ᠂ ᠨᠢᠭᠡᠳᠦᠭᠡᠷ ᠳᠡᠰ᠂ | ᠬᠤᠶᠠᠳᠤᠭᠠᠷ ᠳᠡᠰ ᠤᠨ ᠳᠠᠭᠠᠬᠤ ᠶᠢ ᠡᠬᠢᠯᠡᠭᠦᠯᠵᠦ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠤᠶᠤ ᠬᠤᠲᠠ ᠶᠢᠨ ᠵᠢᠯᠣᠭᠤᠳᠬᠤ ᠭᠠᠵᠠᠷ ᠠᠴᠠ | ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠬᠤ ᠳᠤ ᠳᠠᠭᠠᠬᠤ ᠵᠠᠷᠯᠢᠭ ᠢ ᠶᠡᠷᠦᠩᠬᠡᠶ ᠵᠢᠯᠣᠭᠤᠳᠣᠭᠴᠢ ᠠᠴᠠ ᠭᠠᠷ ᠤᠨ ᠦᠰᠦᠭ ᠵᠢᠷᠤᠵᠤ ᠶᠠᠪᠤᠭᠤᠯᠣᠨᠠ︔ | ᠭᠤᠷᠪᠠᠳᠤᠭᠠᠷ ᠳᠡᠰ᠂ ᠳᠥᠷᠪᠡᠳᠦᠭᠡᠷ ᠳᠡᠰ ᠤᠨ ᠳᠠᠭᠠᠬᠤ ᠶᠢ ᠡᠬᠢᠯᠡᠭᠦᠯᠵᠦ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠠᠴᠠ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠬᠤ ᠳᠤ ᠳᠠᠭᠠᠬᠤ ᠵᠠᠷᠯᠢᠭ ᠢ ᠳᠡᠳ᠋ ᠶᠡᠷᠦᠩᠬᠡᠶ ᠵᠢᠯᠣᠭᠤᠳᠣᠭᠴᠢ ᠪᠤᠶᠤ | ᠵᠢᠯᠣᠭᠤᠳᠬᠤ ᠭᠠᠵᠠᠷ ᠤᠨ ᠠᠯᠪᠠᠨ ᠭᠡᠷ ᠤᠨ ᠡᠷᠬᠢᠯᠡᠭᠴᠢ ᠠᠴᠠ ᠭᠠᠷ ᠤᠨ ᠦᠰᠦᠭ ᠵᠢᠷᠤᠵᠤ ᠪᠠᠭᠤᠯᠭᠠᠨ᠎ᠠ︔ ᠠᠳᠡᠯ ᠤᠨ ᠲᠣᠰ ᠪᠡᠶ᠎ᠡ ᠪᠠᠷ ᠨᠡᠯᠢᠶᠡᠳ ᠰᠡᠷᠭᠡᠭ᠂ | ᠶᠠᠷᠢᠶ᠎ᠠ ᠬᠡᠯᠡᠯᠴᠡᠭᠡᠨ ᠤ ᠬᠠᠯᠠᠭᠤᠨ ᠶᠠᠷᠢᠯᠴᠠᠭ᠎ᠠ ᠡᠭᠦᠰᠭᠡᠬᠦ ᠪᠤᠶᠤ ᠭᠤᠤᠯᠳᠠᠯᠭ᠎ᠠ ᠲᠠᠢ ᠭᠠᠵᠠᠷ ᠣᠷᠣᠨ᠂ ᠴᠢᠬᠤᠯᠠ ᠬᠤᠷᠠᠯ ᠵᠢᠴᠢ ᠴᠢᠬᠤᠯᠠ ᠶᠡᠭᠡ ᠠᠵᠢᠯᠯᠠᠭ᠎ᠠ ᠶᠢᠨ | ᠬᠤᠭᠤᠴᠠᠭᠠᠨ ᠳᠤ ᠭᠠᠷᠤᠭᠰᠠᠨ ᠪᠠᠶᠢᠪᠠᠯ᠂ ᠪᠠᠶᠢᠳᠠᠯ ᠢ ᠦᠵᠡᠵᠦ ᠮᠡᠳᠡᠭᠦᠯᠦᠨ ᠵᠥᠪᠰᠢᠶᠡᠷᠡᠭᠦᠯᠵᠦ ᠲᠠᠰ ᠳᠡᠪᠰᠢᠭᠦᠯᠦᠨ ᠡᠬᠢᠯᠡᠭᠦᠯᠵᠦ ᠪᠣᠯᠤᠨ᠎ᠠ᠃ | 5.3 ᠡᠮᠦᠨ᠎ᠡ ᠬᠤᠭᠤᠴᠠᠭᠠᠨ ᠳᠤ ᠰᠢᠢᠳᠪᠦᠷᠢᠯᠡᠬᠦ | ᠠᠳᠡᠯ ᠭᠠᠷᠴᠤ ᠮᠡᠳᠡᠬᠦ ᠪᠤᠶᠤ ᠨᠢᠭᠡᠨᠲᠡ ᠡᠭᠦᠰᠬᠦ ᠦᠶ᠎ᠡ ᠳᠤ᠂ ᠢᠯᠴᠢ ᠬᠠᠩᠭᠠᠬᠤ ᠨᠢᠭᠡᠴᠡ ᠨᠢ ᠲᠤᠰ ᠨᠢᠭᠡᠴᠡ ᠶᠢᠨ ᠢᠶᠠᠨ ᠪᠠᠴᠢᠮ ᠪᠠᠶᠢᠳᠠᠯ ᠢ ᠠᠷᠭᠠᠴᠠᠵᠤ | ᠠᠪᠤᠷᠠᠨ ᠲᠤᠰᠠᠯᠠᠬᠤ ᠪᠡᠯᠡᠳᠬᠡᠯ ᠲᠥᠰᠦᠯ ᠢᠶᠠᠨ ᠳᠠᠷᠦ᠋ᠢᠬᠠᠨ ᠡᠬᠢᠯᠡᠭᠦᠯᠬᠦ ᠬᠡᠷᠡᠭᠲᠡᠶ᠃ ᠭᠠᠵᠠᠷ ᠬᠥᠳᠡᠯᠦᠯᠲᠡ ᠵᠡᠷᠭᠡ ᠪᠠᠶᠢᠭᠠᠯᠢ ᠶᠢᠨ ᠭᠠᠮᠰᠢᠭ ᠪᠤᠶᠤ ᠢᠯᠴᠢ | ᠬᠠᠩᠭᠠᠬᠤ ᠪᠡᠯᠡᠳᠬᠡᠮᠵᠢ᠂ ᠬᠤᠭᠤᠯᠠᠶ ᠶᠢᠨ ᠲᠣᠤᠷ ᠤᠨ ᠭᠡᠮᠲᠦᠯ ᠠᠴᠠ ᠪᠣᠯᠤᠭᠰᠠᠨ ᠠᠳᠡᠯ ᠢ ᠢᠯᠴᠢ ᠬᠠᠩᠭᠠᠬᠤ ᠨᠢᠭᠡᠴᠡ ᠪᠦᠲᠦᠮᠵᠢᠲᠡᠶ ᠰᠡᠷᠭᠡᠶᠢᠯᠡᠨ ᠬᠠᠮᠠᠭᠠᠯᠠᠬᠤ ᠶᠢ | ᠰᠠᠶᠢᠲᠤᠷ ᠬᠢᠭᠰᠡᠨ ᠤᠷᠢᠲᠠᠯ ᠳᠣᠤᠷ᠎ᠠ᠂ ᠠᠵᠢᠯᠲᠠᠨ ᠢ ᠵᠣᠬᠢᠶᠠᠨ ᠪᠠᠶᠢᠭᠤᠯᠤᠨ ᠱᠠᠯᠠᠪᠳᠠᠨ ᠵᠠᠰᠠᠬᠤ ᠶᠢᠨ ᠬᠠᠮᠲᠤ ᠲᠣᠭᠲᠠᠭᠠᠯ ᠶᠣᠰᠣᠭᠠᠷ ᠬᠡᠷᠡᠭ ᠭᠠᠷᠤᠭᠰᠠᠨ | ᠭᠠᠵᠠᠷ ᠲᠤ ᠢᠯᠴᠢ ᠬᠠᠩᠭᠠᠬᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠢ ᠴᠠᠭ ᠲᠤᠬᠠᠶ ᠳᠤᠨᠢ ᠳᠡᠭᠡᠭᠰᠢ ᠮᠡᠳᠡᠭᠦᠯᠬᠦ | ᠬᠡᠷᠡᠭᠲᠡᠶ︔ ᠲᠥᠪᠯᠡᠷᠡᠭᠦᠯᠦᠨ ᠢᠯᠴᠢ ᠬᠠᠩᠭᠠᠬᠤ ᠨᠢᠭᠡᠴᠡ ᠨᠢ ᠰᠠᠭᠤᠭᠠᠯᠢ ᠠᠷᠠᠳ ᠤᠨ ᠢᠯᠴᠢ ᠬᠠᠩᠭᠠᠬᠤ ᠠᠴᠠ ᠪᠣᠯᠤᠭᠰᠠᠨ ᠠᠳᠡᠯ ᠪᠠ ᠢᠯᠴᠢ ᠬᠠᠩᠭᠠᠬᠤ | ᠨᠢᠭᠡᠴᠡ ᠶᠢᠨ ᠰᠢᠲᠠᠭᠠᠯᠭ᠎ᠠ ᠶᠢᠨ ᠨᠥᠭᠡᠴᠡ ᠨᠢ ᠬᠦᠷᠦᠯᠴᠡᠬᠦ ᠥᠬᠡᠶ ᠠᠴᠠ ᠪᠣᠯᠤᠭᠰᠠᠨ ᠠᠳᠡᠯ ᠢ ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ᠲᠣᠭᠤᠷᠢᠭ ᠤᠨ | ᠢᠯᠴᠢ ᠬᠠᠩᠭᠠᠬᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠠᠴᠠ ᠳᠠᠷᠦ᠋ᠢᠬᠠᠨ ᠪᠠᠴᠢᠮ ᠪᠠᠶᠢᠳᠠᠯ ᠢ ᠠᠷᠭᠠᠴᠠᠬᠤ ᠶᠢ ᠡᠬᠢᠯᠡᠭᠦᠯᠵᠦ᠂ ︽ | ᠨᠢᠭᠡᠳᠦᠯᠲᠡᠶ ᠵᠢᠯᠣᠭᠤᠳᠬᠤ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠲᠤᠰᠬᠠᠶ ᠮᠡᠷᠭᠡᠵᠢᠯ ᠢᠶᠠᠷ ᠰᠢᠢᠳᠪᠦᠷᠢᠯᠡᠬᠦ︾ ᠱᠠᠭᠠᠷᠳᠠᠯᠭ᠎ᠠ ᠶᠣᠰᠣᠭᠠᠷ᠂ ᠡᠯ᠎ᠡ | ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠢᠯᠣᠭᠤᠳᠤᠨ ᠵᠣᠬᠢᠴᠠᠭᠤᠯᠵᠤ ᠪᠠᠶᠢᠭᠠᠳ ᠪᠠᠴᠢᠮ ᠪᠠᠶᠢᠳᠠᠯ ᠢ ᠠᠷᠭᠠᠴᠠᠬᠤ ᠶᠢ ᠭᠥᠯᠢᠶᠡᠨ ᠠᠪᠴᠤ ᠬᠠᠮᠢᠶᠠᠷᠬᠤ᠂ ᠢᠯᠴᠢ | ᠬᠠᠩᠭᠠᠬᠤ ᠳᠤ ᠬᠡᠷᠡᠭᠯᠡᠬᠦ ᠨᠡᠭᠦᠷᠡᠰᠦ ᠶᠢ ᠵᠣᠬᠢᠴᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠤᠷᠢᠳᠠᠪᠠᠷ ᠰᠢᠢᠳᠪᠦᠷᠢᠯᠡᠬᠦ ᠬᠡᠷᠡᠭᠲᠡᠶ᠃ | 5.4 ᠱᠠᠲᠤ ᠬᠤᠪᠢᠶᠠᠨ ᠰᠢᠢᠳᠪᠦᠷᠢᠯᠡᠬᠦ | 5.4.1 ᠨᠢᠭᠡᠳᠦᠭᠡᠷ ᠳᠡᠰ ᠢᠶᠠᠷ ᠳᠠᠭᠠᠵᠤ ᠰᠢᠢᠳᠪᠦᠷᠢᠯᠡᠬᠦ | ᠨᠢᠭᠡᠳᠦᠭᠡᠷ ᠳᠡᠰ ᠤᠨ ᠴᠤᠤᠷᠢᠶ᠎ᠠ ᠶᠢ ᠡᠬᠢᠯᠡᠭᠦᠯᠬᠦ ᠦᠶ᠎ᠡ ᠳᠤ᠂ ᠬᠤᠲᠠ ᠶᠢᠨ ᠵᠢᠯᠣᠭᠤᠳᠬᠤ ᠭᠠᠵᠠᠷ ᠨᠢᠭᠡᠳᠦᠭᠡᠷ ᠳᠡᠰ ᠤᠨ ᠪᠠᠴᠢᠮ ᠪᠠᠶᠢᠳᠠᠯ ᠢ ᠠᠷᠭᠠᠴᠠᠬᠤ | ᠪᠠᠶᠢᠳᠠᠯ ᠳᠤ ᠣᠷᠣᠵᠤ᠂ ᠵᠢᠯᠣᠭᠤᠳᠬᠤ ᠭᠠᠵᠠᠷ ᠤᠨ ᠪᠥᠬᠦ ᠪᠦᠷᠢᠯᠳᠦᠬᠦᠨ ᠨᠢᠭᠡᠴᠡ 24 ᠴᠠᠭ ᠢᠶᠠᠷ ᠵᠢᠵᠢᠭᠦᠷᠯᠡᠬᠦ ᠲᠦᠷᠢᠮ ᠢ ᠬᠡᠷᠡᠭᠵᠢᠭᠦᠯᠦᠨ᠎ᠡ᠃ ᠵᠢᠯᠣᠭᠤᠳᠬᠤ | ᠭᠠᠵᠠᠷ ᠤᠨ ᠪᠦᠷᠢᠯᠳᠦᠬᠦᠨ ᠨᠢᠭᠡᠴᠡ ᠨᠦᠭᠦᠳ ᠦᠳᠲᠡᠷ ᠲᠦᠷᠭᠡᠨ ᠪᠣᠳᠠᠲᠠᠶᠢᠵᠢᠭᠤᠯᠵᠤ᠂ ᠶᠡᠷᠦᠩᠬᠡᠶ ᠵᠢᠯᠣᠭᠤᠳᠣᠭᠴᠢ ᠬᠠᠮᠢᠶ᠎ᠠ ᠪᠥᠬᠦᠶ ᠪᠦᠷᠢᠯᠳᠦᠬᠦᠨ ᠨᠢᠭᠡᠴᠢ᠂ | ᠬᠤᠲᠠ ᠶᠢᠨ ᠱᠠᠲᠤᠨ ᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠪᠠ ᠬᠤᠲᠠ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠡᠩᠨᠡᠭᠡ ᠶᠢ | ᠳᠠᠭᠠᠭᠤᠯᠤᠨ ᠲᠤᠬᠠᠶ ᠶᠢᠨ ᠲᠠᠯᠠᠪᠤᠷ ᠲᠤ ᠬᠦᠷᠴᠦ᠂ ᠪᠠᠴᠢᠮ ᠪᠠᠶᠢᠳᠠᠯ ᠢ ᠠᠷᠭᠠᠴᠠᠵᠤ ᠵᠠᠪᠳᠤᠨ ᠵᠠᠰᠠᠬᠤ ᠠᠵᠢᠯ ᠢ ᠥᠷᠨᠢᠭᠦᠯᠪᠡ︔ ᠭᠠᠵᠠᠷ ᠣᠷᠣᠨ ᠠᠯᠤᠰᠯᠠᠭᠰᠠᠨ | ᠪᠠᠴᠢᠮ ᠪᠠᠶᠢᠳᠠᠯ ᠢ ᠠᠷᠭᠠᠴᠠᠵᠤ ᠵᠠᠪᠳᠤᠨ ᠵᠠᠰᠠᠬᠤ ᠲᠤᠰᠬᠠᠶ ᠲᠥᠬᠦᠭᠡᠷᠦᠮᠵᠢ ᠪᠠ ᠡᠳ᠋ ᠪᠣᠳᠠᠰ ᠢ ᠬᠦᠯᠢᠶᠡᠨ ᠠᠪᠴᠤ ᠬᠤᠪᠢᠶᠠᠷᠢᠯᠠᠨ᠂ ᠨᠡᠶᠢᠭᠡᠮ ᠤᠨ ᠠᠪᠤᠷᠠᠨ | ᠲᠤᠰᠠᠯᠠᠯᠲᠠ ᠶᠢ ᠵᠣᠬᠢᠶᠠᠨ ᠪᠠᠶᠢᠭᠤᠯᠵᠤ᠂ ᠡᠷᠢᠵᠦ ᠠᠪᠤᠷᠠᠬᠤ ᠡᠭᠦᠷᠭᠡ ᠶᠢ ᠬᠤᠪᠢᠶᠠᠷᠢᠯᠠᠨ᠎ᠠ︔ ᠠᠶᠤᠯᠲᠤ ᠣᠷᠣᠨ ᠤ ᠳᠣᠲᠣᠷᠠᠬᠢ ᠤᠯᠤᠰ ᠤᠨ ᠴᠢᠬᠤᠯᠠ | ᠲᠥᠬᠦᠭᠡᠷᠦᠮᠵᠢ ᠪᠠ ᠬᠠᠷᠠᠯᠲᠠ ᠳᠤ ᠴᠢᠬᠤᠯᠠ ᠪᠦᠬᠦᠢ ᠰᠡᠷᠭᠡᠶᠢᠯᠡᠨ ᠪᠠᠬᠢᠵᠢᠬᠦᠯᠬᠦ ᠵᠡᠷᠭᠡ ᠲᠦᠷ ᠴᠠᠭ ᠤᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠴᠤ᠂ ᠬᠤᠶᠠᠳᠠᠬᠢ | ᠤᠳᠠᠭᠠᠨ ᠤ ᠠᠳᠡᠯ ᠪᠠ ᠡᠭᠦᠰᠦᠮᠡᠯ ᠭᠠᠮᠰᠢᠭ ᠢ ᠰᠡᠷᠭᠡᠶᠢᠯᠡᠨ᠎ᠡ︔ ᠬᠤᠲᠠ ᠶᠢᠨ ᠵᠢᠯᠣᠭᠤᠳᠬᠤ ᠭᠠᠵᠠᠷ ᠠᠴᠠ ᠬᠤᠲᠠ ᠶᠢᠨ ᠳᠣᠲᠣᠷᠠᠬᠢ ᠡᠬᠢ ᠪᠠᠶᠠᠯᠢᠭ ᠢ | ᠰᠢᠯᠵᠢᠭᠦᠯᠦᠨ ᠲᠡᠭᠡᠭᠡᠪᠦᠷᠢᠯᠡᠬᠦ ᠳᠤ ᠴᠢᠬᠤᠯᠠ ᠲᠠᠢ ᠦᠶ᠎ᠡ ᠳᠤ ᠥᠪᠡᠷᠲᠡᠭᠡᠨ ᠵᠠᠰᠠᠬᠤ ᠣᠷᠣᠨ ᠪᠠ ᠲᠥᠷᠥ ᠶᠢᠨ ᠶᠠᠪᠤᠳᠠᠯ ᠤᠨ ᠬᠤᠷᠢᠶᠠᠨ ᠤ ᠲᠤᠰᠠᠯᠠᠮᠵᠢ ᠶᠢ | ᠭᠤᠶᠤᠴᠢᠯᠠᠨ᠎ᠠ᠃ | ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠠᠳᠡᠯ ᠤᠨ ᠮᠡᠳᠡᠭᠡ ᠵᠠᠩᠭᠢ ᠶᠢᠨ ᠮᠡᠳᠡᠭᠦᠯᠦᠯᠲᠡ ᠶᠢ ᠴᠠᠭ ᠲᠤᠬᠠᠶ ᠳᠤᠨᠢ ᠴᠤᠭᠯᠠᠭᠤᠯᠤᠨ ᠲᠣᠬᠢᠷᠠᠭᠤᠯᠵᠤ᠂ | ᠠᠳᠡᠯ ᠢ ᠰᠢᠢᠳᠪᠦᠷᠢᠯᠡᠭᠰᠡᠨ ᠪᠠᠶᠢᠳᠠᠯ ᠢ ᠴᠠᠭ ᠲᠤᠬᠠᠶ ᠳᠤᠨᠢ ᠡᠵᠡᠮᠰᠢᠬᠦ ᠬᠡᠷᠡᠭᠲᠡᠶ︔ ᠲᠣᠭᠲᠠᠭᠠᠯ ᠶᠣᠰᠣᠭᠠᠷ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠳᠤ ᠠᠳᠡᠯ ᠤᠨ ᠮᠡᠳᠡᠭᠡ ᠵᠠᠩᠭᠢ ᠶᠢ ᠮᠡᠳᠡᠭᠦᠯᠵᠦ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠠᠳᠡᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠬᠦ ᠬᠡᠷᠡᠭᠲᠡᠶ᠃ | 5.4.2 ᠬᠤᠶᠠᠳᠤᠭᠠᠷ ᠳᠡᠰ ᠢᠶᠠᠷ ᠳᠠᠭᠠᠵᠤ ᠰᠢᠢᠳᠪᠦᠷᠢᠯᠡᠬᠦ | ᠬᠤᠶᠠᠳᠤᠭᠠᠷ ᠳᠡᠰ ᠤᠨ ᠴᠤᠤᠷᠢᠶᠠᠳᠣᠯ ᠢ ᠡᠬᠢᠯᠡᠭᠦᠯᠬᠦ ᠦᠶ᠎ᠡ ᠳᠤ᠂ ᠬᠤᠲᠠ ᠶᠢᠨ ᠵᠢᠯᠣᠭᠤᠳᠬᠤ ᠭᠠᠵᠠᠷ ᠬᠤᠶᠠᠳᠤᠭᠠᠷ ᠳᠡᠰ ᠤᠨ ᠪᠠᠴᠢᠮ ᠪᠠᠶᠢᠳᠠᠯ ᠢ | ᠠᠷᠭᠠᠴᠠᠬᠤ ᠪᠠᠶᠢᠳᠠᠯ ᠳᠤ ᠣᠷᠣᠵᠤ᠂ ᠵᠢᠯᠣᠭᠤᠳᠬᠤ ᠭᠠᠵᠠᠷ ᠤᠨ ᠪᠥᠬᠦ ᠪᠦᠷᠢᠯᠳᠦᠬᠦᠨ ᠨᠢᠭᠡᠴᠡ 24 ᠴᠠᠭ ᠢᠶᠠᠷ ᠵᠢᠵᠢᠭᠦᠷᠯᠡᠬᠦ ᠲᠦᠷᠢᠮ ᠢ ᠬᠡᠷᠡᠭᠵᠢᠭᠦᠯᠦᠨ᠎ᠡ᠃ ᠳᠡᠳ᠋ | ᠶᠡᠷᠦᠩᠬᠡᠶ ᠵᠢᠯᠣᠭᠤᠳᠣᠭᠴᠢ ᠬᠠᠮᠢᠶ᠎ᠠ ᠪᠥᠬᠦᠶ ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠲᠠᠨ᠂ ᠬᠤᠲᠠ ᠶᠢᠨ ᠱᠠᠲᠤᠨ ᠤ ᠲᠤᠰᠬᠠᠶ ᠮᠡᠷᠭᠡᠵᠢᠯᠲᠡᠨ ᠤ ᠳᠤᠭᠤᠶᠢᠯᠠᠩ | ᠪᠠ ᠬᠤᠲᠠ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠡᠩᠨᠡᠭᠡ ᠶᠢ ᠳᠠᠭᠠᠭᠤᠯᠤᠨ ᠲᠤᠬᠠᠶ ᠶᠢᠨ ᠲᠠᠯᠠᠪᠤᠷ ᠲᠤ ᠬᠦᠷᠴᠦ᠂ ᠲᠤᠬᠠᠶ ᠶᠢᠨ | ᠲᠠᠯᠠᠪᠤᠷ ᠤᠨ ᠵᠢᠯᠣᠭᠤᠳᠬᠤ ᠭᠠᠵᠠᠷ ᠢ ᠪᠠᠶᠢᠭᠤᠯᠤᠨ᠂ ᠲᠤᠬᠠᠶ ᠶᠢᠨ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠨᠢᠭᠡᠳᠦᠯᠲᠡᠶ ᠲᠥᠯᠥᠪᠯᠡᠨ | ᠰᠠᠶᠢᠲᠤᠷ ᠬᠢᠵᠦ᠂ ᠬᠤᠰᠢᠭᠤ ᠰᠢᠶᠠᠨ ᠲᠣᠭᠤᠷᠢᠭ ᠠᠯᠤᠰᠯᠠᠭᠰᠠᠨ᠂ ᠠᠵᠤ ᠠᠬᠤᠶᠢᠯᠠᠯ ᠠᠯᠤᠰᠯᠠᠭᠰᠠᠨ ᠢᠯᠴᠢ ᠬᠠᠩᠭᠠᠬᠤ ᠡᠬᠢ ᠪᠠᠶᠠᠯᠢᠭ᠂ ᠪᠠᠴᠢᠮ ᠪᠠᠶᠢᠳᠠᠯ ᠢ | ᠠᠷᠭᠠᠴᠠᠬᠤ ᠡᠳ᠋ ᠪᠣᠳᠠᠰ ᠤᠨ ᠲᠣᠬᠢᠷᠠᠭᠤᠯᠤᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠬᠡᠪ ᠤᠨ ᠢᠯᠴᠢ ᠬᠠᠩᠭᠠᠬᠤ ᠶᠢ ᠲᠦᠷᠭᠡᠬᠡᠨ ᠰᠡᠷᠭᠦᠭᠡᠪᠡ᠃ | ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠠᠳᠡᠯ ᠤᠨ ᠮᠡᠳᠡᠭᠡ ᠵᠠᠩᠭᠢ ᠶᠢᠨ ᠮᠡᠳᠡᠭᠦᠯᠦᠯᠲᠡ ᠶᠢ ᠴᠠᠭ ᠲᠤᠬᠠᠶ ᠳᠤᠨᠢ ᠴᠤᠭᠯᠠᠭᠤᠯᠤᠨ | ᠲᠣᠬᠢᠷᠠᠭᠤᠯᠵᠤ᠂ ᠠᠳᠡᠯ ᠢ ᠰᠢᠢᠳᠪᠦᠷᠢᠯᠡᠭᠰᠡᠨ ᠪᠠᠶᠢᠳᠠᠯ ᠢ ᠴᠠᠭ ᠲᠤᠬᠠᠶ ᠳᠤᠨᠢ ᠡᠵᠡᠮᠰᠢᠬᠦ ᠬᠡᠷᠡᠭᠲᠡᠶ︔ ᠲᠣᠭᠲᠠᠭᠠᠯ ᠶᠣᠰᠣᠭᠠᠷ ᠬᠤᠲᠠ ᠶᠢᠨ ᠠᠷᠠᠳ ᠤᠨ ᠵᠠᠰᠠᠭ ᠤᠨ | ᠣᠷᠳᠣᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠳᠤ ᠠᠳᠡᠯ ᠤᠨ ᠮᠡᠳᠡᠭᠡ ᠵᠠᠩᠭᠢ ᠶᠢ ᠮᠡᠳᠡᠭᠦᠯᠦᠨ᠎ᠡ᠃ | 5.4.3 ᠭᠤᠷᠪᠠᠳᠤᠭᠠᠷ ᠳᠡᠰ ᠢᠶᠠᠷ ᠳᠠᠭᠠᠵᠤ ᠰᠢᠢᠳᠪᠦᠷᠢᠯᠡᠬᠦ | ᠭᠤᠷᠪᠠᠳᠤᠭᠠᠷ ᠳᠡᠰ ᠤᠨ ᠴᠤᠤᠷᠢᠶᠠᠲᠤᠯ ᠢ ᠡᠬᠢᠯᠡᠭᠦᠯᠬᠦ ᠦᠶ᠎ᠡ ᠳᠤ᠂ ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠭᠤᠷᠪᠠᠳᠤᠭᠠᠷ ᠳᠡᠰ ᠤᠨ ᠪᠠᠴᠢᠮ | ᠪᠠᠶᠢᠳᠠᠯ ᠢ ᠠᠷᠭᠠᠴᠠᠬᠤ ᠪᠠᠶᠢᠳᠠᠯ ᠳᠤ ᠣᠷᠣᠵᠤ᠂ ᠵᠢᠯᠣᠭᠤᠳᠬᠤ ᠭᠠᠵᠠᠷ ᠤᠨ ᠪᠤᠰᠤᠳ ᠬᠠᠮᠢᠶ᠎ᠠ ᠪᠦᠬᠦᠢ ᠪᠦᠷᠢᠯᠳᠦᠬᠦᠨ ᠨᠢᠭᠡᠴᠡ ᠪᠠᠶᠢᠳᠠᠯ ᠢᠶᠠᠨ ᠦᠨᠳᠦᠰᠦᠯᠡᠨ ᠬᠡᠷᠡᠭ | ᠭᠠᠷᠤᠭᠰᠠᠨ ᠭᠠᠵᠠᠷ ᠲᠤ ᠠᠵᠢᠯᠯᠠᠬᠤ ᠳᠤᠭᠤᠶᠢᠯᠠᠩ ᠪᠠ ᠮᠡᠷᠭᠡᠵᠢᠯ ᠤᠨ ᠳᠤᠭᠤᠶᠢᠯᠠᠩ ᠳᠤ ᠲᠣᠮᠢᠯᠠᠨ ᠰᠠᠭᠤᠯᠭᠠᠵᠤ ᠠᠳᠡᠯ ᠢ ᠠᠪᠤᠷᠠᠨ ᠲᠤᠰᠠᠯᠠᠬᠤ ᠠᠵᠢᠯ ᠢ | ᠵᠢᠯᠣᠭᠤᠳᠤᠨ᠎ᠠ᠃ ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠠᠳᠡᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠴᠤᠭᠯᠠᠭᠤᠯᠤᠨ ᠲᠣᠬᠢᠷᠠᠭᠤᠯᠵᠤ᠂ | ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠠᠬᠢᠴᠠ ᠶᠢ ᠮᠥᠷᠳᠡᠵᠦ᠂ ᠲᠣᠭᠲᠠᠭᠠᠯ ᠶᠣᠰᠣᠭᠠᠷ ᠬᠤᠲᠠ ᠶᠢᠨ ᠠᠷᠠᠳ ᠤᠨ ᠵᠠᠰᠠᠭ ᠤᠨ | ᠣᠷᠳᠣᠨ ᠳᠤ ᠠᠳᠡᠯ ᠤᠨ ᠮᠡᠳᠡᠭᠡ ᠵᠠᠩᠭᠢ ᠶᠢ ᠮᠡᠳᠡᠭᠦᠯᠦᠨ᠎ᠡ᠃ | ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠡᠷᠡᠰ ᠰᠢᠭᠤᠷᠬᠠᠶ ᠪᠦᠲᠦᠮᠵᠢᠲᠡᠶ ᠰᠢᠢᠳᠪᠦᠷᠢᠯᠡᠬᠦ | ᠠᠷᠭ᠎ᠠ ᠬᠡᠮᠵᠢᠶ᠎ᠡ ᠠᠪᠴᠤ᠂ ᠬᠡᠷᠡᠭ ᠤᠨ ᠬᠥᠭᠵᠢᠯᠲᠡ ᠶᠢ ᠬᠢᠵᠠᠭᠠᠷᠯᠠᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠠᠷᠤᠶ ᠲᠦᠷᠭᠡᠨ ᠲᠣᠰ ᠱᠠᠲᠤᠨ ᠤ | ᠵᠣᠬᠢᠴᠠᠩᠭᠤᠶ ᠪᠠᠷᠢᠮᠵᠢᠶ᠎ᠠ ᠶᠢᠨ ᠲᠠᠰ ᠤᠨ ᠴᠤᠤᠷᠢᠶᠠᠲᠤᠯ ᠢ ᠡᠬᠢᠯᠡᠭᠦᠯᠵᠦ᠂ ᠲᠤᠬᠠᠶ ᠶᠢᠨ ᠲᠠᠯᠠᠪᠠᠶ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ | ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠬᠤᠰᠢᠭᠤ ᠰᠢᠶᠠᠨ ᠲᠣᠭᠤᠷᠢᠭ ᠠᠯᠤᠰᠯᠠᠭᠰᠠᠨ᠂ ᠠᠵᠤ ᠠᠬᠤᠶᠢᠯᠠᠯ ᠠᠯᠤᠰᠯᠠᠭᠰᠠᠨ ᠢᠯᠴᠢ ᠬᠠᠩᠭᠠᠬᠤ ᠡᠬᠢ ᠪᠠᠶᠠᠯᠢᠭ᠂ | ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠲᠣᠬᠢᠷᠠᠭᠤᠯᠤᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠬᠡᠪ ᠤᠨ ᠢᠯᠴᠢ ᠬᠠᠩᠭᠠᠬᠤ ᠶᠢ ᠲᠦᠷᠭᠡᠬᠡᠨ | ᠰᠡᠷᠭᠦᠭᠡᠨ᠎ᠡ︔ ᠬᠤᠲᠠ ᠶᠢᠨ ᠱᠠᠲᠤᠨ ᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠵᠢᠴᠢ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ ᠵᠢᠯᠣᠭᠤᠳᠤᠨ ᠲᠣᠮᠢᠯᠠᠵᠤ | ᠠᠶᠤᠯ ᠠᠴᠠ ᠠᠪᠤᠷᠠᠨ ᠵᠠᠰᠠᠬᠤ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠳᠤ ᠣᠷᠣᠯᠴᠠᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠢ | ᠵᠣᠬᠢᠴᠠᠭᠤᠯᠤᠨ ᠵᠠᠮ ᠬᠠᠷᠢᠯᠴᠠᠭ᠎ᠠ᠂ ᠴᠠᠬᠢᠯᠭᠠᠨ ᠬᠦᠴᠦᠨ᠂ ᠴᠢᠮᠡᠭᠡ ᠬᠤᠯᠪᠣᠭ᠎ᠠ ᠵᠡᠷᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ︔ ᠬᠤᠲᠠ ᠶᠢᠨ ᠵᠢᠯᠣᠭᠤᠳᠬᠤ | ᠭᠠᠵᠠᠷ ᠲᠤ ᠳᠠᠷᠤᠶ ᠲᠦᠷᠭᠡᠨ ᠮᠡᠳᠡᠭᠡ ᠵᠠᠩᠭᠢ ᠶᠢ ᠮᠡᠳᠡᠭᠦᠯᠵᠦ᠂ ᠴᠠᠭ ᠲᠤᠬᠠᠶ ᠳᠤᠨᠢ᠂ ᠣᠨᠣᠪᠴᠢᠲᠠᠶ ᠭᠠᠳᠠᠭᠰᠢ ᠠᠳᠡᠯ ᠤᠨ ᠮᠡᠳᠡᠭᠡ ᠵᠠᠩᠭᠢ ᠶᠢ ᠨᠡᠶᠢᠲᠡᠯᠡᠨ᠎ᠡ᠃ | 5.4.4 ᠳᠥᠷᠪᠡᠳᠦᠭᠡᠷ ᠳᠡᠰ ᠤᠨ ᠳᠠᠭᠠᠵᠤ ᠰᠢᠢᠳᠪᠦᠷᠢᠯᠡᠬᠦ | ᠳᠥᠷᠪᠡᠳᠦᠭᠡᠷ ᠳᠡᠰ ᠤᠨ ᠴᠤᠤᠷᠢᠶᠠᠲᠤᠯ ᠢ ᠡᠬᠢᠯᠡᠭᠦᠯᠬᠦ ᠦᠶ᠎ᠡ ᠳᠤ᠂ ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠳᠥᠷᠪᠡᠳᠦᠭᠡᠷ ᠳᠡᠰ ᠤᠨ ᠪᠠᠴᠢᠮ | ᠪᠠᠶᠢᠳᠠᠯ ᠢ ᠠᠷᠭᠠᠴᠠᠬᠤ ᠪᠠᠶᠢᠳᠠᠯ ᠳᠤ ᠣᠷᠣᠵᠤ᠂ ᠮᠡᠳᠡᠭᠡ ᠵᠠᠩᠭᠢ ᠶᠢ ᠬᠠᠮᠢᠶ᠎ᠠ ᠪᠦᠬᠦᠢ ᠪᠦᠷᠢᠯᠳᠦᠬᠦᠨ ᠨᠢᠭᠡᠴᠡ ᠳᠤ ᠴᠠᠭ ᠲᠤᠬᠠᠢ ᠳᠤᠨᠢ ᠮᠡᠳᠡᠭᠳᠡᠵᠦ᠂ ᠠᠳᠡᠯ ᠤᠨ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠠᠬᠢᠴᠠ ᠶᠢ ᠮᠥᠷᠳᠡᠵᠦ᠂ ᠲᠣᠭᠲᠠᠭᠠᠯ ᠶᠣᠰᠣᠭᠠᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ | ᠠᠳᠡᠯ ᠤᠨ ᠮᠡᠳᠡᠭᠡ ᠵᠠᠩᠭᠢ ᠶᠢ ᠮᠡᠳᠡᠭᠦᠯᠦᠨ᠎ᠡ᠃ | ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠠᠷᠤᠶ ᠲᠦᠷᠭᠡᠨ ᠲᠣᠰ ᠱᠠᠲᠤᠨ ᠤ ᠵᠣᠬᠢᠴᠠᠩᠭᠤᠶ | ᠪᠠᠷᠢᠮᠵᠢᠶ᠎ᠠ ᠶᠢᠨ ᠲᠠᠰ ᠤᠨ ᠴᠤᠤᠷᠢᠶᠠᠳᠤᠯ ᠢ ᠡᠬᠢᠯᠡᠭᠦᠯᠵᠦ᠂ ᠲᠤᠬᠠᠶ ᠶᠢᠨ ᠲᠠᠯᠠᠪᠤᠷ ᠤᠨ ᠵᠢᠯᠣᠭᠤᠳᠬᠤ ᠭᠠᠵᠠᠷ ᠪᠠᠶᠢᠭᠤᠯᠤᠨ᠂ ᠠᠳᠡᠯ ᠤᠨ ᠮᠡᠳᠡᠭᠡ ᠵᠠᠩᠭᠢ ᠶᠢ ᠴᠠᠭ | ᠲᠤᠬᠠᠶ ᠳᠤᠨᠢ ᠴᠤᠭᠯᠠᠭᠤᠯᠵᠤ᠂ ᠬᠡᠷᠡᠭ ᠤᠨ ᠪᠠᠶᠢᠳᠠᠯ ᠤᠨ ᠬᠥᠭᠵᠢᠯᠲᠡ ᠶᠢ ᠦᠨᠡᠯᠡᠨ ᠵᠢᠱᠢᠵᠦ᠂ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠲᠤᠬᠠᠶ ᠶᠢᠨ | ᠲᠠᠯᠠᠪᠤᠷ ᠤᠨ ᠰᠢᠢᠳᠪᠦᠷᠢᠯᠡᠬᠦ ᠲᠥᠰᠦᠯ ᠢ ᠰᠤᠳᠤᠯᠤᠨ ᠲᠣᠭᠲᠠᠭᠠᠵᠤ᠂ ᠡᠷᠡᠰ ᠰᠢᠭᠤᠷᠬᠠᠶ ᠪᠥᠭᠡᠳ ᠪᠦᠲᠦᠮᠵᠢᠲᠡᠶ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ᠂ | ᠬᠡᠷᠡᠭ ᠤᠨ ᠪᠠᠶᠢᠳᠠᠯ ᠤᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠡᠵᠡᠮᠳᠡᠨ᠎ᠡ︔ ᠢᠯᠴᠢ ᠬᠠᠩᠭᠠᠬᠤ ᠠᠳᠡᠯ ᠤᠨ ᠬᠤᠤᠷ ᠬᠥᠨᠥᠭᠡᠯ ᠤᠨ ᠬᠦᠷᠢᠶ᠎ᠡ ᠬᠡᠪᠴᠢᠶ᠎ᠡ᠂ | ᠬᠤᠤᠷ ᠬᠥᠨᠥᠭᠡᠯ ᠤᠨ ᠬᠡᠮᠵᠢᠶ᠎ᠡ ᠬᠢᠭᠡᠳ ᠠᠳᠡᠯ ᠭᠠᠷᠴᠤ ᠮᠡᠳᠡᠬᠦ ᠣᠷᠣᠨ ᠪᠦᠰᠡ ᠶᠢ ᠦᠨᠳᠦᠰᠦᠯᠡᠨ᠂ ᠰᠡᠷᠭᠡᠶᠢᠯᠡᠯᠲᠡ ᠶᠢᠨ ᠱᠤᠭᠤᠮ ᠳᠣᠭᠢᠷᠠᠭᠤᠯᠵᠤ᠂ ᠨᠡᠶᠢᠭᠡᠮ ᠤᠨ | ᠠᠮᠤᠷ ᠲᠦᠪᠰᠢᠨ ᠢ ᠰᠠᠶᠢᠲᠤᠷ ᠬᠠᠮᠠᠭᠠᠯᠠᠵᠤ᠂ ᠬᠡᠷᠡᠭ ᠤᠨ ᠪᠠᠶᠢᠳᠠᠯ ᠤᠨ ᠥᠷᠭᠡᠳᠬᠦ ᠪᠠ ᠡᠭᠦᠰᠦᠮᠡᠯ ᠠᠳᠡᠯ ᠭᠠᠷᠬᠤ ᠶᠢ ᠰᠡᠷᠭᠡᠶᠢᠯᠡᠨ᠎ᠡ︔ ᠲᠤᠬᠠᠶ ᠶᠢᠨ ᠲᠠᠯᠠᠪᠤᠷ ᠲᠤ | ᠬᠥᠮᠦᠨ ᠦᠬᠦᠵᠦ ᠰᠢᠷᠬᠠᠲᠤᠭᠰᠠᠨ ᠪᠠᠶᠢᠪᠠᠯ ᠡᠮᠴᠢᠯᠡᠭᠡᠨ ᠤ ᠠᠪᠤᠷᠠᠨ ᠵᠠᠰᠠᠬᠤ ᠶᠢ ᠵᠣᠬᠢᠴᠠᠭᠤᠯᠤᠨ ᠵᠣᠬᠢᠶᠠᠨ ᠪᠠᠶᠢᠭᠤᠯᠤᠨ᠎ᠠ︔ ᠠᠳᠡᠯ ᠤᠨ ᠮᠡᠳᠡᠭᠡ ᠵᠠᠩᠭᠢ ᠶᠢ ᠴᠠᠭ | ᠲᠤᠬᠠᠶ ᠳᠤᠨᠢ᠂ ᠣᠨᠣᠪᠴᠢᠲᠠᠶ ᠭᠠᠳᠠᠭᠰᠢ ᠨᠡᠶᠢᠲᠡᠯᠡᠬᠦ ᠬᠡᠷᠡᠭᠲᠡᠶ᠃ ᠬᠤᠲᠠ ᠶᠢᠨ ᠢᠯᠴᠢ ᠬᠠᠩᠭᠠᠬᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ | ᠭᠠᠵᠠᠷ ᠨᠢ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠢᠯᠣᠭᠤᠳᠤᠨ ᠵᠣᠬᠢᠴᠠᠭᠤᠯᠬᠤ ᠪᠠᠨ ᠴᠢᠩᠭᠠᠳᠬᠠᠬᠤ ᠬᠡᠷᠡᠭᠲᠡᠶ᠃ | 5.5 ᠮᠡᠳᠡᠭᠡ ᠵᠠᠩᠭᠢ ᠶᠢᠨ ᠨᠡᠶᠢᠲᠡᠯᠡᠯ | ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠲᠠᠢ ᠬᠠᠮᠲᠤᠷᠠᠨ᠂ ᠬᠦᠨᠳᠦ ᠶᠡᠭᠡ᠂ | ᠣᠨᠴᠠᠭᠠᠢ ᠬᠦᠨᠳᠦ ᠶᠡᠭᠡ ᠠᠳᠡᠯ ᠤᠨ ᠮᠡᠳᠡᠭᠡ ᠵᠠᠩᠭᠢ ᠨᠡᠶᠢᠲᠡᠯᠡᠬᠦ ᠪᠠ ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠨ᠎ᠡ᠃ | 5.6 ᠳᠠᠭᠠᠬᠤ ᠪᠠ ᠳᠠᠭᠠᠬᠤ ᠶᠢ ᠳᠠᠭᠤᠰᠬᠠᠬᠤ | ᠠᠳᠡᠯ ᠢ ᠪᠦᠲᠦᠮᠵᠢᠲᠡᠶ ᠡᠵᠡᠮᠳᠡᠵᠦ᠂ ᠠᠶᠤᠯᠲᠠᠶ ᠬᠦᠴᠦᠨ ᠵᠦᠢᠯ ᠢ ᠦᠨᠳᠦᠰᠦᠨ ᠳᠡᠭᠡᠨ ᠠᠷᠢᠯᠭᠠᠭᠰᠠᠨ ᠤ ᠳᠠᠷᠠᠭ᠎ᠠ᠂ ᠠᠳᠡᠯ ᠤᠨ ᠵᠡᠷᠭᠡ ᠳᠡᠰ ᠶᠣᠰᠣᠭᠠᠷ᠂ | ᠢᠯᠴᠢ ᠬᠠᠩᠭᠠᠬᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠪᠠᠶᠢᠭᠤᠯᠤᠮᠵᠢ ᠵᠠᠳᠠᠯᠤᠨ ᠨᠤᠲᠠᠯᠠᠬᠤ ᠶᠢ ᠵᠣᠬᠢᠶᠠᠨ ᠪᠠᠶᠢᠭᠤᠯᠵᠤ᠂ ᠳᠠᠭᠠᠬᠤ ᠶᠢ | ᠵᠣᠭᠰᠣᠭᠠᠬᠤ ᠰᠠᠨᠠᠭᠤᠯᠭ᠎ᠠ ᠳᠤᠷᠠᠳᠴᠤ᠂ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠪᠠᠴᠢᠮ ᠪᠠᠶᠢᠳᠠᠯ ᠢ | ᠠᠷᠭᠠᠴᠠᠭᠠᠬᠤ ᠠᠵᠢᠯᠯᠠᠭ᠎ᠠ ᠳᠠᠭᠤᠰᠤᠭᠰᠠᠨ ᠢ ᠨᠡᠶᠢᠲᠡᠯᠡᠬᠦ ᠶᠢᠨ ᠬᠠᠮᠲᠤ ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠲᠤ ᠮᠡᠳᠡᠭᠦᠯᠬᠦ ᠬᠡᠷᠡᠭᠲᠡᠶ᠃ | 6 ᠬᠤᠶᠢᠨᠠᠬᠢ ᠠᠵᠢᠯ | 6.1 ᠬᠤᠶᠢᠳᠤᠬᠢ ᠶᠠᠪᠤᠳᠠᠯ ᠢ ᠰᠢᠢᠳᠪᠦᠷᠢᠯᠡᠬᠦ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠠᠳᠡᠯ ᠤᠨ ᠰᠡᠭᠦᠯᠴᠢ ᠶᠢᠨ ᠰᠢᠢᠳᠪᠦᠷᠢᠯᠡᠬᠦ ᠠᠵᠢᠯ ᠢ ᠬᠠᠷᠢᠭᠤᠴᠠᠨ ᠥᠷᠨᠢᠭᠦᠯᠵᠦ᠂ | ᠠᠵᠢᠯᠲᠠᠨ ᠢ ᠲᠥᠪᠬᠢᠨᠡᠭᠦᠯᠬᠦ᠂ ᠲᠥᠯᠥᠬᠦ᠂ ᠲᠠᠲᠠᠪᠤᠷᠢᠯᠠᠨ ᠬᠡᠷᠡᠭᠯᠡᠬᠦ ᠡᠳ᠋ ᠪᠣᠳᠠᠰ ᠤᠨ ᠨᠥᠬᠦᠪᠥᠷᠢ᠂ ᠳᠠᠭᠠᠳᠬᠠᠯ ᠤᠨ ᠲᠥᠯᠥᠪᠦᠷᠢ᠂ ᠪᠠᠷᠢᠯᠭ᠎ᠠ ᠶᠢ ᠰᠡᠷᠭᠦᠭᠡᠵᠦ | ᠳᠠᠬᠢᠨ ᠪᠠᠶᠢᠭᠤᠯᠬᠤ ᠵᠡᠷᠭᠡ ᠶᠢ ᠪᠠᠭᠲᠠᠭᠠᠵᠤ᠂ ᠠᠳᠡᠯ ᠤᠨ ᠨᠥᠯᠥᠭᠡ ᠶᠢ ᠲᠦᠷᠭᠡᠬᠡᠨ ᠠᠷᠢᠯᠭᠠᠵᠤ᠂ ᠨᠡᠶᠢᠭᠡᠮ ᠤᠨ ᠲᠣᠭᠲᠠᠭᠤᠨ ᠢ ᠦᠨᠡᠨᠬᠦ ᠪᠠᠲᠤᠯᠠᠬᠤ ᠬᠡᠷᠡᠭᠲᠡᠶ᠃ | 6.2 ᠪᠠᠶᠢᠴᠠᠭᠠᠨ ᠦᠨᠡᠯᠡᠨ ᠵᠢᠱᠢᠬᠦ | ᠡᠯ᠎ᠡ ᠱᠠᠲᠤᠨ ᠤ ᠢᠯᠴᠢ ᠬᠠᠩᠭᠠᠬᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠶᠢᠨ ᠵᠢᠯᠣᠭᠤᠳᠬᠤ ᠪᠠᠶᠢᠭᠤᠯᠤᠮᠵᠢ ᠨᠤᠭᠤᠳ ᠠᠳᠡᠯ ᠤᠨ ᠵᠡᠷᠭᠡ ᠲᠠᠰ ᠤᠨ | ᠶᠣᠰᠣᠭᠠᠷ ᠠᠳᠡᠯ ᠢ ᠪᠠᠶᠢᠴᠠᠭᠠᠵᠤ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠵᠤ᠂ ᠠᠳᠡᠯ ᠤᠨ ᠰᠢᠯᠲᠠᠭᠠᠨ᠂ ᠰᠢᠨᠵᠢ ᠴᠢᠨᠠᠷ᠂ ᠬᠠᠷᠢᠭᠤᠴᠠᠯᠭ᠎ᠠ ᠶᠢ ᠵᠠᠳᠠᠯᠵᠤ᠂ | ᠲᠤᠷᠰᠢᠯᠭ᠎ᠠ ᠰᠤᠷᠭᠠᠮᠵᠢ ᠪᠠᠨ ᠳ᠋ᠦᠩᠨᠡᠨ᠂ ᠡᠶᠢᠮᠦᠷᠬᠦᠦ ᠠᠳᠡᠯ ᠭᠠᠷᠬᠤ ᠶᠢ ᠰᠡᠷᠭᠡᠶᠢᠯᠡᠬᠦ ᠰᠠᠨᠠᠯ ᠳᠤᠷᠠᠳᠬᠤ ᠬᠡᠷᠡᠭᠲᠡᠶ᠃ ᠦᠢᠯᠡᠳᠪᠦᠷᠢᠯᠡᠯ ᠤᠨ ᠠᠶᠤᠯ ᠦᠭᠡᠶ ᠶᠢᠨ | ᠠᠳᠡᠯ ᠳᠤ ᠬᠤᠯᠪᠣᠭᠳᠠᠪᠠᠯ᠂ ︽ᠦᠢᠯᠡᠳᠪᠦᠷᠢᠯᠡᠯ ᠤᠨ ᠠᠶᠤᠯ ᠦᠭᠡᠶ ᠶᠢᠨ ᠠᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ︾ ᠤᠨ ᠲᠣᠭᠲᠠᠭᠠᠯ | ᠶᠣᠰᠣᠭᠠᠷ ᠠᠳᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ | 7 ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ | 7.1 ᠴᠢᠮᠡᠭᠡ ᠬᠤᠯᠪᠣᠭᠠᠨ ᠤ ᠪᠠᠲᠤᠯᠠᠭ᠎ᠠ | ᠡᠯ᠎ᠡ ᠱᠠᠲᠤᠨ ᠤ ᠢᠯᠴᠢ ᠬᠠᠩᠭᠠᠬᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠨᠢ ᠬᠤᠲᠠ ᠪᠠᠯᠭᠠᠰᠤᠨ ᠤ ᠢᠯᠴᠢ ᠬᠠᠩᠭᠠᠬᠤ | ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠪᠠᠷ ᠭᠤᠤᠯ ᠪᠣᠯᠭᠠᠭᠰᠠᠨ ᠴᠢᠮᠡᠭᠡ ᠬᠤᠯᠪᠣᠭᠠᠨ ᠤ ᠰᠢᠰᠲ᠋ᠧᠮ ᠵᠢᠴᠢ ᠵᠣᠬᠢᠴᠠᠩᠭᠤᠶ ᠴᠢᠮᠡᠭᠡ | ᠬᠤᠯᠪᠣᠭᠠᠨ ᠤ ᠴᠢᠳᠠᠪᠤᠷᠢ ᠶᠢᠨ ᠪᠠᠲᠤᠯᠠᠭ᠎ᠠ ᠶᠢᠨ ᠲᠦᠷᠢᠮ ᠢ ᠠᠯᠬᠤᠮ ᠠᠯᠬᠤᠮ ᠢᠶᠠᠷ ᠪᠠᠶᠢᠭᠤᠯᠤᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠶᠢ ᠳᠠᠭᠠᠵᠤ | ᠬᠢᠬᠦ ᠶᠢ ᠡᠬᠢᠯᠡᠭᠦᠯᠦᠭᠰᠡᠨ ᠤ ᠳᠠᠷᠠᠭ᠎ᠠ᠂ ᠴᠢᠮᠡᠭᠡ ᠬᠤᠯᠪᠣᠭᠠᠨ ᠤ ᠰᠠᠯᠠᠭ᠎ᠠ ᠮᠥᠴᠢᠷ ᠤᠳ ᠴᠢᠮᠡᠭᠡ ᠬᠤᠯᠪᠣᠭᠠᠨ ᠤ ᠲᠥᠬᠦᠭᠡᠷᠦᠮᠵᠢ ᠶᠢ ᠪᠥᠬᠦ ᠲᠠᠯ᠎ᠠ ᠪᠠᠷ ᠪᠠᠶᠢᠴᠠᠭᠠᠨ | ᠵᠠᠰᠠᠵᠤ᠂ ᠪᠡᠯᠡᠳᠬᠡᠯ ᠲᠥᠰᠦᠯ ᠢ ᠬᠡᠷᠡᠭᠵᠢᠭᠦᠯᠬᠦ ᠶᠠᠪᠤᠴᠠ ᠳᠠᠬᠢ ᠴᠢᠮᠡᠭᠡ ᠬᠤᠯᠪᠣᠭᠠᠨ ᠤ ᠪᠠ ᠮᠡᠳᠡᠭᠡ ᠵᠠᠩᠭᠢ ᠶᠢᠨ ᠰᠠᠭᠠᠳ ᠥᠬᠡᠶ ᠨᠡᠪᠲᠡᠷᠡᠬᠦ ᠶᠢ | ᠦᠨᠡᠨᠬᠦ ᠪᠠᠲᠤᠯᠠᠵᠤ᠂ ᠬᠤᠲᠠ ᠶᠢᠨ ᠵᠢᠯᠣᠭᠤᠳᠬᠤ ᠭᠠᠵᠠᠷ ᠤᠨ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ᠂ ᠡᠯ᠎ᠡ ᠱᠠᠲᠤᠨ ᠤ ᠵᠠᠰᠠᠭ ᠤᠨ ᠣᠷᠳᠣᠨ᠂ | ᠢᠯᠴᠢ ᠬᠠᠩᠭᠠᠬᠤ ᠨᠢᠭᠡᠴᠡ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠨᠢᠭᠡᠴᠡ ᠲᠠᠢ ᠴᠢᠮᠡᠭᠡ ᠬᠤᠯᠪᠣᠭᠠᠨ ᠤ ᠬᠡᠷᠡᠭᠴᠡᠭᠡ ᠶᠢ ᠭᠤᠤᠯᠳᠠᠯᠭ᠎ᠠ ᠲᠠᠢ | ᠪᠠᠲᠤᠯᠠᠬᠤ ᠬᠡᠷᠡᠭᠲᠡᠶ᠃ | 7.2 ᠡᠩᠨᠡᠭᠡ ᠶᠢᠨ ᠪᠠᠳᠣᠯᠠᠭ᠎ᠠ | ᠡᠯ᠎ᠡ ᠱᠠᠲᠤᠨ ᠤ ᠢᠯᠴᠢ ᠬᠠᠩᠭᠠᠬᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠶᠢᠨ ᠵᠢᠯᠣᠭᠤᠳᠬᠤ ᠪᠠᠶᠢᠭᠤᠯᠤᠮᠵᠢ ᠨᠤᠭᠤᠳ ᠲᠤᠰᠬᠠᠶ ᠮᠡᠷᠭᠡᠵᠢᠯᠲᠡᠨ ᠤ | ᠬᠥᠮᠥᠷᠭᠡ ᠵᠢᠴᠢ ᠪᠠᠴᠢᠮ ᠪᠠᠶᠢᠳᠠᠯ ᠢ ᠠᠷᠭᠠᠴᠠᠬᠤ ᠶᠢᠨ ᠠᠶᠤᠯ ᠠᠴᠠ ᠠᠪᠤᠷᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ | ᠠᠷᠭᠠᠴᠠᠬᠤ ᠶᠢᠨ ᠠᠪᠤᠷᠠᠨ ᠲᠤᠰᠠᠯᠠᠬᠤ ᠡᠳ᠋ ᠪᠠᠷᠠᠭ᠎ᠠ ᠶᠢ ᠪᠦᠷᠢᠨ ᠭᠦᠢᠴᠡᠳ ᠪᠡᠯᠡᠳᠬᠡᠵᠦ᠂ ᠪᠠᠴᠢᠮ ᠪᠠᠶᠢᠳᠠᠯ ᠢ ᠠᠷᠭᠠᠴᠠᠬᠤ ᠨᠡᠭᠦᠳᠡᠯ ᠢᠯᠴᠢ ᠶᠢᠨ ᠢᠷᠡᠯᠲᠡ ᠶᠢᠨ | ᠲᠡᠷᠭᠡ ᠶᠢ ᠲᠣᠬᠢᠷᠠᠭᠤᠯᠬᠤ ᠬᠡᠷᠡᠭᠲᠡᠶ᠃ ᠬᠤᠲᠠ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠡᠩᠨᠡᠭᠡ ᠨᠢ ᠠᠶᠤᠯ ᠠᠴᠠ ᠠᠪᠤᠷᠠᠬᠤ | ᠲᠤᠰᠬᠠᠶ ᠠᠵᠢᠯᠲᠠᠨ ᠳᠣᠭᠢᠷᠠᠭᠤᠯᠵᠤ᠂ ᠠᠶᠤᠯ ᠠᠴᠠ ᠠᠪᠤᠷᠠᠵᠤ ᠰᠡᠯᠪᠢᠨ ᠵᠠᠰᠠᠬᠤ ᠲᠣᠨᠤᠭ ᠲᠥᠬᠦᠭᠡᠷᠦᠮᠵᠢ ᠡᠳ᠋ ᠪᠣᠳᠠᠰ ᠢ ᠭᠦᠢᠴᠡᠳ ᠳᠣᠭᠢᠷᠠᠭᠤᠯᠤᠨ᠂ ᠪᠠᠴᠢᠮ | ᠪᠠᠶᠢᠳᠠᠯ ᠢ ᠠᠷᠭᠠᠴᠠᠬᠤ ᠶᠢ ᠳᠠᠭᠠᠬᠤ ᠬᠤᠭᠤᠴᠠᠭᠠᠨ ᠳᠤ᠂ ᠵᠢᠯᠣᠭᠤᠳᠬᠤ ᠭᠠᠵᠠᠷ ᠤᠨ ᠵᠢᠭᠠᠪᠤᠷᠢ ᠶᠣᠰᠣᠭᠠᠷ ᠲᠤᠬᠠᠶ ᠶᠢᠨ ᠲᠠᠯᠠᠪᠤᠷ ᠲᠤ ᠬᠦᠷᠴᠦ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠠᠵᠢᠯ ᠢ ᠥᠷᠨᠢᠭᠦᠯᠬᠦ ᠬᠡᠷᠡᠭᠲᠡᠶ᠃ | 7.3 ᠡᠳ᠋ ᠪᠠᠷᠠᠭ᠎ᠠ ᠶᠢᠨ ᠪᠠᠲᠤᠯᠠᠭ᠎ᠠ | ᠬᠤᠰᠢᠭᠤ ᠰᠢᠶᠠᠨ ᠲᠣᠭᠤᠷᠢᠭ ᠤᠨ ᠢᠯᠴᠢ ᠬᠠᠩᠭᠠᠬᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠪᠠᠶᠢᠭᠤᠯᠤᠮᠵᠢ ᠨᠢ ᠪᠣᠳᠠᠲᠤ | ᠪᠠᠶᠢᠳᠠᠯ ᠢᠶᠠᠨ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠳ᠋ ᠪᠣᠳᠠᠰ ᠤᠨ ᠬᠥᠳᠡᠯᠦᠩᠭᠦᠶ ᠳ᠋ᠠᠶᠢᠲ᠋ᠠ ᠬᠥᠮᠥᠷᠭᠡ ᠶᠢ ᠪᠠᠶᠢᠭᠤᠯᠵᠤ᠂ | ᠠᠶᠤᠯ ᠠᠴᠠ ᠵᠠᠪᠳᠤᠨ ᠵᠠᠰᠠᠬᠤ ᠲᠣᠨᠤᠭ ᠲᠥᠬᠦᠭᠡᠷᠦᠮᠵᠢ ᠡᠳ᠋ ᠪᠣᠳᠠᠰ ᠤᠨ ᠲᠥᠷᠥᠯ ᠬᠡᠯᠪᠡᠷᠢ᠂ ᠲᠤᠭ᠎ᠠ ᠬᠡᠮᠵᠢᠶ᠎ᠡ ᠵᠢᠴᠢ ᠲᠠᠷᠬᠠᠯᠲᠠ ᠶᠢᠨ ᠭᠠᠵᠠᠷ ᠢ | ᠲᠣᠳᠣᠷᠬᠠᠶᠢᠯᠠᠵᠤ᠂ ᠪᠠᠴᠢᠮ ᠪᠠᠶᠢᠳᠠᠯ ᠢ ᠠᠷᠭᠠᠴᠠᠭᠠᠬᠤ ᠬᠡᠷᠡᠭᠴᠡᠭᠡ ᠶᠢ ᠪᠠᠲᠤᠯᠠᠨ᠂ ᠪᠠᠴᠢᠮ ᠪᠠᠶᠢᠳᠠᠯ ᠢ ᠠᠷᠭᠠᠴᠠᠭᠠᠬᠤ ᠳᠤ ᠳᠠᠭᠠᠬᠤ ᠦᠶ᠎ᠡ ᠳᠤ ᠲᠣᠬᠢᠷᠠᠭᠤᠯᠤᠯᠲᠠ ᠶᠢ | ᠳᠠᠭᠠᠬᠤ ᠬᠡᠷᠡᠭᠲᠡᠶ᠃ | ᠡᠯ᠎ᠡ ᠢᠯᠴᠢ ᠬᠠᠩᠭᠠᠬᠤ ᠨᠢᠭᠡᠴᠡ ᠨᠦᠭᠦᠳ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠲᠣᠭᠲᠠᠭᠠᠯ ᠢ ᠦᠨᠳᠦᠰᠦᠯᠡᠨ᠂ | ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠭᠦᠢᠴᠡᠳ ᠬᠡᠮᠵᠢᠶᠡᠨ ᠤ ᠡᠳ᠋ ᠪᠣᠳᠠᠰ ᠲᠣᠨᠤᠭ ᠲᠥᠬᠦᠭᠡᠷᠦᠮᠵᠢ ᠶᠢ ᠭᠦᠢᠴᠡᠳ ᠲᠣᠬᠢᠷᠠᠭᠤᠯᠵᠤ᠂ | ᠬᠠᠮᠢᠶᠠᠷᠬᠤ᠂ ᠬᠠᠮᠠᠭᠠᠯᠠᠬᠤ᠂ ᠠᠷᠠᠴᠢᠯᠠᠨ ᠬᠠᠮᠠᠭᠠᠯᠠᠬᠤ ᠪᠠ ᠪᠠᠶᠢᠴᠠᠭᠠᠨ ᠬᠡᠮᠵᠢᠬᠦ ᠵᠡᠷᠭᠡ ᠳᠦᠷᠢᠮ ᠢ ᠪᠠᠶᠢᠭᠤᠯᠵᠤ᠂ ᠬᠠᠮᠠᠭᠠᠯᠠᠬᠤ ᠪᠠ ᠰᠢᠨᠡᠳᠬᠡᠬᠦ ᠠᠵᠢᠯ ᠢ ᠰᠠᠶᠢᠲᠤᠷ | ᠬᠢᠬᠦ ᠬᠡᠷᠡᠭᠲᠡᠶ᠃ | 7.4 ᠵᠠᠮ ᠬᠠᠷᠢᠯᠴᠠᠭᠠᠨ ᠤ ᠪᠠᠲᠤᠯᠠᠭ᠎ᠠ | ᠵᠠᠮ ᠬᠠᠷᠢᠯᠴᠠᠭ᠎ᠠ ᠲᠡᠭᠡᠭᠡᠪᠦᠷᠢ᠂ ᠲᠡᠮᠦᠷ ᠵᠠᠮ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ | ᠲᠤᠰᠠᠯᠠᠬᠤ ᠵᠠᠮ ᠭᠠᠷᠭᠠᠵᠤ᠂ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠲᠡᠷᠭᠡ ᠬᠥᠰᠬᠡ ᠶᠢ ᠡᠩ ᠲᠡᠷᠢᠭᠦᠨ ᠳᠤ ᠲᠣᠬᠢᠷᠠᠭᠤᠯᠬᠤ᠂ ᠲᠣᠬᠢᠷᠠᠭᠤᠯᠬᠤ | ᠪᠠ ᠲᠠᠯᠪᠢᠵᠤ ᠶᠠᠪᠤᠭᠤᠯᠬᠤ ᠬᠡᠷᠡᠭᠲᠡᠶ᠃ | 8 ᠪᠡᠯᠡᠳᠭᠡᠯ ᠳᠥᠰᠥᠯ ᠤᠨ ᠬᠠᠮᠢᠶᠡᠷᠦᠯᠳᠡ | 8.1 ᠤᠬᠠᠭᠤᠯᠭ᠎ᠠ ᠪᠣᠯᠪᠠᠰᠤᠷᠠᠯ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠲᠠ ᠪᠠᠯᠭᠠᠰᠤ ᠶᠢᠨ ᠢᠯᠴᠢ ᠬᠠᠩᠭᠠᠬᠤ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ | ᠠᠮᠤᠷ ᠲᠦᠪᠰᠢᠨ ᠢᠶᠠᠷ ᠢᠯᠴᠢ ᠬᠡᠷᠡᠭᠯᠡᠬᠦ ᠪᠠ ᠢᠯᠴᠢ ᠬᠠᠩᠭᠠᠬᠤ ᠠᠳᠡᠯ ᠢ ᠰᠢᠢᠳᠪᠦᠷᠢᠯᠡᠬᠦ ᠠᠷᠭ᠎ᠠ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠬᠤᠯᠪᠣᠭᠳᠠᠯ | ᠪᠦᠬᠦᠢ ᠬᠥᠮᠦᠰ ᠲᠤ ᠪᠣᠯᠪᠠᠰᠤᠷᠠᠭᠤᠯᠤᠯ ᠥᠷᠨᠢᠭᠦᠯᠦᠨ᠂ ᠠᠮᠤᠷ ᠲᠦᠪᠰᠢᠨ ᠢᠶᠠᠷ ᠢᠯᠴᠢ ᠬᠡᠷᠡᠭᠯᠡᠬᠦ ᠦᠵᠡᠯ ᠤᠬᠠᠮᠰᠠᠷ ᠪᠣᠯᠤᠨ ᠠᠳᠡᠯ ᠤᠨ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ | 8.2 ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠬᠤ | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠣᠳᠠᠲᠤ ᠪᠠᠶᠢᠳᠠᠯ ᠢᠶᠠᠨ ᠦᠨᠳᠦᠰᠦᠯᠡᠨ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠶ ᠳᠤᠨᠢ ᠳᠡᠪᠰᠢᠭᠦᠯᠦᠨ ᠵᠠᠰᠠᠪᠤᠷᠢ ᠣᠷᠣᠭᠤᠯᠬᠤ ᠪᠠ ᠲᠣᠰ ᠪᠡᠯᠡᠳᠬᠡᠯ ᠲᠥᠰᠦᠯ ᠢ | ᠲᠡᠭᠦᠯᠳᠡᠷᠵᠢᠭᠦᠯᠦᠨ᠎ᠡ᠃ | 8.3 ᠬᠠᠷᠢᠭᠤᠴᠠᠯᠭ᠎ᠠ ᠨᠡᠬᠡᠮᠵᠢᠯᠡᠬᠦ | ᠠᠳᠡᠯ ᠢ ᠰᠢᠢᠳᠪᠦᠷᠢᠯᠡᠬᠦ ᠠᠵᠢᠯ ᠤᠨ ᠳᠤᠮᠳᠠ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠭᠰᠠᠨ᠂ ᠲᠤᠰᠢᠶᠠᠯ ᠢᠶᠠᠨ ᠭᠤᠲᠤᠭᠠᠭᠰᠠᠨ᠂ | ᠬᠠᠷᠢᠭᠤᠴᠠᠯᠭ᠎ᠠ ᠪᠠᠨ ᠠᠯᠳᠠᠭᠰᠠᠨ ᠠᠴᠠ ᠪᠣᠯᠵᠤ ᠬᠦᠨᠳᠦ ᠨᠣᠴᠢᠲᠠᠢ ᠬᠤᠬᠢᠷᠠᠯ ᠤᠴᠠᠷᠠᠭᠤᠯᠤᠭᠰᠠᠨ ᠬᠠᠮᠢᠶ᠎ᠠ ᠪᠦᠬᠦᠢ ᠬᠠᠷᠢᠭᠤᠴᠠᠯᠭ᠎ᠠ ᠲᠠᠢ ᠨᠢᠭᠡᠴᠡ ᠪᠣᠯᠣᠨ | ᠬᠥᠮᠥᠰ ᠠᠴᠠ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ︔ ᠬᠠᠤᠯᠢ ᠴᠠᠭᠠᠵᠠ ᠳᠤ ᠬᠠᠯᠳᠠᠭᠰᠠᠨ ᠪᠠᠶᠢᠪᠠᠯ᠂ ᠬᠠᠤᠯᠢ ᠶᠣᠰᠣᠭᠠᠷ | ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠳᠠᠭᠠᠯᠳᠤᠭᠤᠯᠤᠭᠰᠠᠨ ᠳᠦᠷᠢᠮ | ᠲᠣᠰ ᠪᠡᠯᠡᠳᠬᠡᠯ ᠲᠥᠰᠦᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | | | | | | | | |