ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︽ᠪᠠᠶᠠᠨᠨᠠᠭᠤᠷ ᠬᠤᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ ᠲᠠᠯᠪᠢᠬᠤ ᠬᠡᠷᠡᠭᠵᠢᠭᠦᠯᠬᠦ ᠨᠠᠷᠢᠨ ᠳᠦᠷᠢᠮ︾᠎ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/10/11
ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠭᠠᠭᠴᠠᠮᠣᠳᠣ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠵᠡᠷᠭᠡ ᠶᠢᠨ ᠲᠣᠭᠤᠷᠢᠭ ᠤᠨ ᠬᠠᠮᠢᠶᠠᠷᠤᠯᠲᠠ ︵ᠪᠡᠯᠡᠳᠬᠡᠬᠦ︶᠎ ᠶᠢᠨ ᠵᠥᠪᠯᠡᠯ ᠤᠨ ᠠᠯᠪᠠᠨ ᠬᠡᠷ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠲᠠ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ︽ᠪᠠᠶᠠᠨᠨᠠᠭᠤᠷ ᠬᠤᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ ᠲᠠᠯᠪᠢᠬᠤ ᠬᠡᠷᠡᠭᠵᠢᠭᠦᠯᠬᠦ ᠨᠠᠷᠢᠨ ᠲᠦᠷᠢᠮ︾᠎ ᠢ ᠨᠢᠭᠡᠨᠲᠡ ᠬᠤᠲᠠ ᠶᠢᠨ ᠵᠠᠰᠠᠭ ᠤᠨ ᠣᠷᠳᠣᠨ ᠤ 2023 ᠣᠨ ᠤ 7 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠶᠠᠷᠢᠯᠴᠠᠨ ᠪᠠᠲᠤᠯᠠᠵᠤ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠲᠤᠭᠠᠶ᠃                                    ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                             2023 ᠣᠨ ᠤ 6 ᠰᠠᠷ᠎ᠠ ᠶᠢᠨ 28᠎ ᠤ ᠡᠳᠦᠷ︵ᠲᠤᠰ ᠵᠦᠢᠯ ᠢ ᠢᠯᠡ ᠪᠠᠷ ᠨᠡᠶᠢᠲᠡᠯᠡᠵᠡᠢ᠃︶          ᠪᠠᠶᠠᠨᠨᠠᠭᠤᠷ ᠬᠤᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ ᠲᠠᠯᠪᠢᠬᠤ ᠬᠡᠷᠡᠭᠵᠢᠭᠦᠯᠬᠦ ᠨᠠᠷᠢᠨ ᠳᠦᠷᠢᠮ      ᠨᠢᠭᠡᠳᠦᠭᠡᠷ ᠪᠦᠯᠦᠭ ᠶᠡᠷᠦᠩᠬᠡᠢ ᠳᠦᠷᠢᠮ      ᠨᠢᠭᠡᠳᠦᠭᠡᠷ ᠵᠦᠢᠯ ᠬᠤᠲᠠ ᠰᠢᠶᠠᠨ ᠰᠢᠶᠠᠩ ᠤᠨ ᠭᠤᠷᠪᠠᠨ ᠱᠠᠲᠤ ᠶᠢ ᠪᠦᠬᠦᠨ ᠢ ᠬᠠᠮᠤᠷᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠵᠣᠬᠢᠴᠠᠭᠤᠯᠤᠨ ᠬᠢᠨᠠᠯᠲᠠ ᠲᠠᠯᠪᠢᠬᠤ ᠠᠵᠢᠯ ᠤᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠬᠢᠨᠠᠯᠲᠠ ᠲᠠᠯᠪᠢᠬᠤ ᠲᠣᠭᠲᠠᠴᠠ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠬᠠᠤᠯᠢ ᠶᠢ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ ᠠᠬᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠬᠢᠨᠠᠯᠲᠠ ᠲᠠᠯᠪᠢᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ︾ ᠵᠡᠷᠭᠡ ᠲᠣᠭᠲᠠᠭᠠᠯ ᠢ ᠦᠨᠳᠦᠰᠦᠯᠡᠨ᠂ ᠲᠤᠰ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ ᠲᠤᠰ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠪᠠ᠃      ᠬᠤᠶᠠᠳᠤᠭᠠᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ ᠲᠠᠯᠪᠢᠬᠤ ᠠᠵᠢᠯ ᠢ ᠨᠢᠭᠡᠳᠦᠯᠲᠡᠶ ᠤᠳᠤᠷᠢᠳᠤᠨ᠎ᠠ᠃      ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ ᠲᠠᠯᠪᠢᠬᠤ ᠪᠠᠶᠢᠭᠤᠯᠤᠮᠵᠢ ᠪᠠᠶᠢᠵᠤ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ ᠲᠠᠯᠪᠢᠬᠤ ᠠᠵᠢᠯ ᠢ ᠪᠣᠳᠠᠲᠠᠶ ᠬᠠᠷᠢᠭᠤᠴᠠᠬᠤ ᠶᠢᠨ ᠬᠠᠮᠲᠤ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠶᠢ ᠬᠦᠯᠢᠶᠡᠨ᠎ᠡ᠃      ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷ᠎ᠠ ᠪᠠᠶᠢᠭᠤᠯᠤᠭᠰᠠᠨ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠬᠠᠷᠢᠶᠠᠯᠠᠭᠳᠠᠬᠤ ᠦᠭᠡᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠠᠤᠯᠢ ᠶᠣᠰᠣᠭᠠᠷ ᠬᠢᠨᠠᠯᠲᠠ ᠲᠠᠯᠪᠢᠬᠤ ᠬᠡᠷᠡᠭᠲᠡᠶ᠃      ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠷᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠤᠯᠢ ᠳᠦᠷᠢᠮ ᠤᠨ ᠠᠵᠢᠯ ᠤᠨ ᠪᠠᠶᠢᠭᠤᠯᠤᠮᠵᠢ ᠪᠣᠯ ᠲᠤᠰ ᠰᠠᠯᠠᠭ᠎ᠠ ᠮᠥᠴᠢᠷ ᠤᠨ ᠢᠶᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠶᠢᠭᠤᠯᠤᠮᠵᠢ ᠪᠣᠯᠬᠤᠷ᠂ ᠲᠤᠰ ᠰᠠᠯᠠᠭ᠎ᠠ ᠮᠥᠴᠢᠷ ᠤᠨ ᠢᠶᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠪᠣᠳᠠᠲᠠᠶ ᠬᠠᠷᠢᠭᠤᠴᠠᠬᠤ ᠶᠢᠨ ᠬᠠᠮᠲᠤ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠶᠢ ᠬᠦᠯᠢᠶᠡᠬᠦ ᠬᠡᠷᠡᠭᠲᠡᠶ᠃      ᠬᠤᠲᠠ᠂ ᠬᠤᠰᠢᠭᠤ ᠰᠢᠶᠠᠨ ᠲᠣᠭᠤᠷᠢᠭ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠨᠠᠶᠢᠳᠠᠯᠭ᠎ᠠ ᠪᠠᠷ ᠬᠠᠤᠯᠢ ᠬᠡᠷᠡᠭᠵᠢᠭᠦᠯᠬᠦ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠨᠢ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠣᠬᠢᠴᠠᠩᠭᠤᠶ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠ ᠬᠢᠨᠠᠯᠲᠠ ᠶᠢ ᠬᠦᠯᠢᠶᠡᠬᠦ ᠬᠡᠷᠡᠭᠲᠡᠶ︔ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠨᠢ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠣᠬᠢᠴᠠᠩᠭᠤᠶ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠ ᠬᠢᠨᠠᠯᠲᠠ ᠶᠢ ᠬᠦᠯᠢᠶᠡᠬᠦ ᠬᠡᠷᠡᠭᠲᠡᠶ᠃      ᠭᠤᠷᠪᠠᠳᠤᠭᠠᠷ ᠵᠦᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠪᠦᠬᠦ ᠬᠤᠲᠠ ᠶᠢᠨ ᠨᠢᠭᠡᠳᠦᠯᠲᠡᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠬᠤ ᠶᠢᠨ ᠬᠠᠮᠲᠤ ᠬᠠᠮᠢᠶᠠᠷᠬᠤ ᠶᠢ ᠬᠠᠷᠢᠭᠤᠴᠠᠨ᠎ᠠ᠃ ᠡᠯ᠎ᠡ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠵᠣᠯᠭᠠᠭᠤᠯᠤᠨ ᠬᠡᠷᠡᠭᠯᠡᠵᠦ᠂ ᠬᠠᠤᠯᠢ ᠬᠡᠷᠡᠭᠵᠢᠭᠦᠯᠬᠦ ᠶᠢ ᠢᠯᠡ ᠪᠣᠯᠭᠠᠬᠤ ᠪᠠ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠰᠦᠯᠵᠢᠶᠡᠨ ᠳᠡᠭᠡᠷ᠎ᠡ ᠬᠡᠷᠡᠭ ᠰᠢᠢᠳᠪᠦᠷᠢᠯᠡᠬᠦ ᠪᠠ ᠰᠦᠯᠵᠢᠶᠡᠨ ᠳᠡᠭᠡᠷ᠎ᠡ ᠬᠢᠨᠠᠯᠲᠠ ᠲᠠᠯᠪᠢᠬᠤ ᠶᠢ ᠲᠡᠭᠦᠯᠳᠡᠷᠵᠢᠭᠦᠯᠦᠨ᠎ᠡ᠃      ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠪᠥᠬᠦ ᠬᠤᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠰᠢᠰᠲ᠋ᠧᠮ ᠢ ᠬᠡᠷᠡᠭᠯᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠵᠦᠢᠯᠡᠰ ᠲᠤ ᠬᠥᠳᠡᠯᠦᠩᠭᠦᠶ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠃      ᠬᠤᠶᠠᠳᠤᠭᠠᠷ ᠪᠦᠯᠦᠭ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠬᠤ      ᠳᠥᠷᠪᠡᠳᠦᠭᠡᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠬᠤ ᠵᠦᠢᠯ ᠳᠤ ᠭᠤᠤᠯᠳᠠᠭᠤ᠄      ︵ᠨᠢᠭᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠪᠤᠴᠠ ᠳᠠᠬᠢ ᠲᠦᠭᠡᠮᠡᠯ ᠴᠢᠨᠠᠷ ᠤᠨ ᠴᠢᠬᠤᠯᠠ ᠴᠢᠨᠠᠷ ᠤᠨ ᠠᠰᠠᠭᠤᠳᠠᠯ ᠢ ᠵᠣᠬᠢᠴᠠᠭᠤᠯᠤᠨ᠎ᠠ︔      ︵ᠬᠤᠶᠠᠷ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠵᠣᠯᠭᠠᠭᠤᠯᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠬᠠᠮᠵᠢᠯᠴᠠᠭ᠎ᠠ ᠶᠢ ᠠᠬᠢᠭᠤᠯᠤᠨ᠎ᠠ᠃      ︵ᠭᠤᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢᠨ ᠳᠤᠮᠳᠠ ᠡᠭᠦᠰᠦᠭᠰᠡᠨ ᠮᠠᠷᠭᠤᠯᠳᠤᠭᠠᠨ᠃      ︵ᠲᠦᠷᠪᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠤᠯᠢ ᠲᠣᠭᠲᠠᠭᠠᠬᠤ᠂ ᠡᠷᠡᠭᠦᠦ ᠶᠢᠨ ᠬᠠᠤᠯᠢ ᠴᠠᠭᠠᠵᠠ᠂ ᠬᠠᠤᠯᠢ ᠲᠦᠭᠡᠮᠡᠯᠵᠢᠭᠦᠯᠬᠦ ᠵᠡᠷᠭᠡ ᠠᠵᠢᠯ ᠲᠠᠢ ᠵᠣᠯᠭᠠᠭᠤᠯᠤᠨ ᠬᠠᠮᠵᠢᠯᠴᠠᠬᠤ ᠶᠢ ᠠᠬᠢᠭᠤᠯᠤᠨ᠎ᠠ︔      ︵ᠲᠠᠪᠤ︶ ᠬᠠᠤᠯᠢ ᠶᠣᠰᠣᠭᠠᠷ ᠵᠣᠬᠢᠴᠠᠭᠤᠯᠬᠤ ᠴᠢᠬᠤᠯᠠ ᠲᠠᠢ ᠪᠤᠰᠤᠳ ᠵᠦᠢᠯ ᠤᠳ᠃      ᠲᠠᠪᠤᠳᠤᠭᠠᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠵᠣᠬᠢᠴᠠᠭᠤᠯᠤᠨ ᠬᠠᠮᠵᠢᠯᠴᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠪᠠᠨ ᠴᠢᠩᠭᠠᠳᠬᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠬᠤ ᠠᠵᠢᠯ ᠤᠨ ᠳᠤᠮᠳᠠᠬᠢ ᠬᠤᠯᠪᠣᠭᠳᠠᠯ ᠪᠥᠬᠦᠶ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠮᠡᠳᠡᠭᠳᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠪᠤᠴᠠ ᠳᠠᠬᠢ ᠲᠦᠭᠡᠮᠡᠯ ᠴᠢᠨᠠᠷᠲᠠᠶ ᠴᠢᠬᠤᠯᠠ ᠴᠢᠨᠠᠷᠲᠠᠶ ᠠᠰᠠᠭᠤᠳᠠᠯ ᠢ ᠴᠠᠭ ᠲᠤᠬᠠᠶ ᠳᠤ ᠨᠢ ᠵᠣᠬᠢᠶᠠᠨ ᠪᠠᠶᠢᠭᠤᠯᠤᠨ ᠰᠤᠳᠤᠯᠬᠤ ᠪᠠ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃      ᠵᠢᠷᠭᠤᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠤᠭᠤᠷᠣᠨᠳᠣ ᠪᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢᠨ ᠳᠤᠮᠳᠠ ᠮᠠᠷᠭᠤᠭᠠᠨ ᠭᠠᠷᠪᠠᠯ᠂ ᠬᠠᠤᠯᠢ ᠶᠣᠰᠣᠭᠠᠷ ᠰᠠᠨᠠᠭᠠᠴᠢᠯᠠᠭ᠎ᠠ ᠠᠴᠠ ᠪᠠᠨ ᠵᠥᠪᠳᠡᠯᠴᠡᠨ  ᠰᠢᠢᠳᠪᠦᠷᠢᠯᠡᠬᠦ ᠬᠡᠷᠡᠭᠲᠡᠶ᠃ ᠵᠥᠪᠳᠡᠯᠴᠡᠭᠡᠳ ᠪᠦᠲᠦᠬᠦ ᠦᠭᠡᠶ ᠪᠣᠯ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠠᠷᠢᠭᠤᠴᠠᠨ ᠵᠣᠬᠢᠴᠠᠭᠤᠯᠤᠨ᠎ᠠ︔ ᠵᠣᠬᠢᠴᠠᠭᠤᠯᠬᠤ ᠳᠤ ᠰᠠᠨᠠᠯ ᠨᠢᠭᠡᠳᠴᠦ ᠴᠢᠳᠠᠬᠤ ᠦᠭᠡᠶ ᠪᠣᠯ ᠬᠠᠷᠢᠭᠤᠴᠠᠨ ᠵᠣᠬᠢᠴᠠᠭᠤᠯᠤᠭᠰᠠᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠰᠠᠨᠠᠯ ᠢᠶᠠᠨ ᠳᠤᠷᠠᠳᠴᠤ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠲᠣᠭᠲᠠᠭᠠᠯᠭᠠᠨ᠎ᠠ︔ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠲᠣᠭᠲᠠᠭᠠᠬᠤ ᠡᠷᠬᠡ ᠦᠭᠡᠶ ᠪᠣᠯ᠂ ᠲᠣᠭᠲᠠᠭᠠᠬᠤ ᠡᠷᠬᠡ ᠲᠠᠢ ᠪᠠᠶᠢᠭᠤᠯᠤᠯᠭ᠎ᠠ ᠳᠤ ᠮᠡᠳᠡᠭᠦᠯᠦᠨ  ᠰᠢᠢᠳᠪᠦᠷᠢᠯᠡᠭᠦᠯᠬᠦ ᠬᠡᠷᠡᠭᠲᠡᠶ᠃      ᠳᠣᠯᠣᠳᠤᠭᠠᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠬᠠᠷᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠬᠠᠤᠯᠢ ᠲᠣᠭᠲᠠᠭᠠᠬᠤ᠂ ᠬᠢᠨᠠᠨ ᠪᠠᠶᠢᠴᠠᠭᠠᠬᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ ᠯᠤᠭ᠎ᠠ ᠠᠵᠢᠯ ᠢᠶᠠᠨ ᠵᠣᠯᠭᠠᠭᠤᠯᠬᠤ ᠶᠢ ᠴᠢᠩᠭᠠᠳᠬᠠᠵᠤ᠂ ᠠᠰᠠᠭᠤᠳᠠᠯ ᠢ ᠲᠤᠰᠬᠠᠬᠤ᠂ ᠬᠡᠷᠡᠭ ᠢ ᠰᠢᠯᠵᠢᠭᠦᠯᠦᠨ ᠬᠦᠷᠭᠡᠬᠦ᠂ ᠮᠡᠳᠡᠭᠡ ᠵᠠᠩᠭᠢ ᠶᠢ ᠰᠣᠯᠢᠯᠴᠠᠬᠤ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠬᠠᠮᠢᠶ᠎ᠠ ᠪᠦᠬᠦᠢ ᠠᠵᠢᠯ ᠤᠨ ᠬᠠᠮᠵᠢᠯᠴᠠᠭ᠎ᠠ ᠶᠢ ᠴᠢᠩᠭᠠᠳᠬᠠᠬᠤ ᠬᠡᠷᠡᠭᠲᠡᠶ᠃      ᠭᠤᠷᠪᠠᠳᠣᠭᠠᠷ ᠪᠦᠯᠦᠭ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠦᠯᠳᠡ ᠳᠤ ᠬᠢᠨᠠᠯᠳᠠ ᠲᠠᠯᠪᠢᠬᠤ      ᠨᠠᠢᠮᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠭᠤᠤᠯ ᠠᠭᠤᠯᠭ᠎ᠠ᠄      ︵ᠨᠢᠭᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠨ᠎ᠠ︔      ︵ᠬᠤᠶᠠᠷ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ᠂ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠬᠠᠷᠭᠤᠭᠤᠯᠬᠤ ᠳᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ︔      ︵ᠭᠤᠷᠪᠠ ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ᠎ᠠ᠂ ᠡᠭᠦᠨ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠤᠨ ᠵᠦᠢᠯᠡᠰ ︵ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠠᠭᠲᠠᠨ᠎ᠠ︶  ᠨᠠᠶᠢᠷᠠᠭᠤᠯᠤᠨ ᠵᠣᠬᠢᠶᠠᠵᠤ ᠲᠣᠬᠢᠷᠠᠭᠤᠯᠤᠯᠲᠠ ᠬᠢᠬᠦ ᠶᠢ ᠢᠯᠡ ᠪᠣᠯᠭᠠᠭᠰᠠᠨ᠂ ᠬᠦᠨᠳᠦ ᠶᠡᠭᠡ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢ ᠳᠠᠩᠰᠠᠯᠠᠭᠰᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠬᠡᠷᠡᠭ ᠤᠨ ᠵᠢᠱᠢᠶ᠎ᠡ ᠶᠢᠨ ᠵᠢᠯᠣᠭᠤᠳᠬᠤ ᠳᠦᠷᠢᠮ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠮᠢᠶ᠎ᠠ ᠪᠦᠬᠦᠢ ᠳᠦᠷᠢᠮ ᠢ ᠲᠣᠭᠲᠠᠭᠠᠭᠰᠠᠨ ᠵᠢᠴᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ︔      ︵ᠲᠦᠷᠪᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠡᠶᠡᠴᠢ ᠴᠣᠭᠴᠠ ᠶᠢ ᠢᠯᠭᠠᠷᠠᠭᠤᠯᠬᠤ ᠪᠠ ᠨᠤᠲᠠᠯᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠎ᠡ︔      ︵ᠲᠠᠪᠤ ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠬᠢᠨᠠᠨ ᠬᠠᠮᠢᠶᠠᠷᠤᠨ᠎ᠠ ᠃ ᠠᠵᠢᠯᠲᠠᠨ ᠤ ᠬᠢᠷᠢ ᠬᠡᠮ ᠤᠨ ᠭᠡᠷᠡᠴᠢᠯᠡᠯ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ︔      ︵ᠵᠢᠷᠭᠤᠭ᠎ᠠ︶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠪᠠ ᠲᠣᠬᠢᠷᠠᠮᠵᠢᠲᠠᠶ ᠴᠢᠨᠠᠷ ᠢ ᠬᠢᠨᠠᠨ ᠪᠠᠶᠢᠴᠠᠭᠠᠨ᠎ᠠ︔      ︵ᠳᠤᠯᠤᠭ᠎ᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠵᠢᠯᠣᠭᠤᠳᠴᠤ᠂ ᠣᠷᠣᠯᠴᠠᠵᠤ᠂ ᠵᠠᠰᠠᠭ ᠵᠠᠬᠢᠷᠭᠠᠨ ᠤ ᠪᠣᠳᠠᠲᠠᠶ ᠦᠢᠯᠡ ᠠᠵᠢᠯᠯᠠᠭ᠎ᠠ ᠶᠢᠨ ᠬᠠᠤᠯᠢ ᠶᠣᠰᠣᠴᠢ ᠴᠢᠨᠠᠷ ᠪᠠ ᠲᠣᠬᠢᠷᠠᠮᠵᠢᠲᠤ ᠴᠢᠨᠠᠷ ᠢ ᠬᠢᠨᠠᠨ ᠪᠠᠶᠢᠴᠠᠭᠠᠨ᠎ᠠ︔ ᠬᠠᠤᠯᠢ ᠶᠢ ᠵᠥᠷᠢᠴᠡᠭᠰᠡᠨ᠂ ᠵᠣᠬᠢᠰ ᠦᠭᠡᠶ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠬᠤᠷᠢᠭᠯᠠᠨ ᠵᠣᠭᠰᠣᠭᠠᠬᠤ ᠪᠠ ᠵᠠᠯᠠᠷᠠᠭᠤᠯᠤᠨ᠎ᠠ᠃      ︵ᠨᠠᠢᠮᠠ︶ ᠵᠠᠰᠠᠭ ᠵᠠᠬᠢᠷᠭᠠᠨ ᠤ ᠬᠠᠦᠯᠢ ᠭᠡᠷᠡᠭᠵᠢᠬᠦᠯᠬᠦ ᠰᠠᠯᠠᠭ᠎ᠠ ᠮᠦᠴᠢᠷ ᠤᠨ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠲᠠᠰᠣᠯᠥᠯᠳᠡ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠲᠣᠬᠢᠷᠡᠭᠤᠯᠥᠨ ᠨᠡᠶᠢᠳᠡᠯᠡᠭᠰᠡᠨ ᠪᠠ ᠭᠡᠷᠡᠭᠵᠢᠬᠦᠯᠦᠭᠰᠡᠨ ᠪᠠᠶᠢᠳᠡᠯ ᠳᠤ ᠬᠢᠨᠡᠯᠳᠡ ᠳᠡᠯᠪᠢᠬᠤ ᠭᠡᠷᠡᠭᠳᠡᠢ︔      ︵ᠶᠢᠰᠦ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠪᠠᠭᠲᠠᠭᠠᠮᠵᠢᠲᠠᠶ ᠬᠢᠨᠠᠭᠤᠷ ᠪᠣᠯᠭᠤᠮᠵᠢᠲᠠᠶ ᠬᠠᠤᠯᠢ ᠬᠡᠷᠡᠭᠵᠢᠭᠦᠯᠬᠦ ᠠᠵᠢᠯ ᠤᠨ ᠪᠠᠶᠢᠳᠠᠯ ᠢ ᠪᠠᠶᠢᠴᠠᠭᠠᠨ᠎ᠠ᠂ ᠡᠭᠦᠨ ᠳᠤ ︽ᠳᠥᠷᠪᠡᠨ ᠨᠠᠷᠢᠨ ᠲᠠᠩᠰᠠ︾ ᠲᠤᠬᠠᠶᠢᠯᠠᠪᠠᠯ ᠰᠢᠳᠬᠡᠨ ᠲᠣᠷᠭᠠᠬᠤ ᠥᠬᠡᠶ᠂ ᠬᠥᠩᠭᠡᠨ ᠢᠶᠠᠷ ᠰᠢᠳᠬᠡᠨ ᠲᠣᠷᠭᠠᠬᠤ ᠵᠦᠢᠯᠡᠰ ᠂ ᠬᠥᠩᠭᠡᠨ ᠢᠶᠠᠷ ᠰᠢᠳᠬᠡᠨ ᠲᠣᠷᠭᠠᠬᠤ ᠵᠦᠢᠯᠡᠰ ᠪᠠ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠥᠬᠡᠶ ᠵᠦᠢᠯᠡᠰ ᠤᠨ ᠨᠠᠷᠢᠨ ᠲᠠᠩᠰᠠ ᠶᠢ ᠨᠠᠶᠢᠷᠠᠭᠤᠯᠤᠨ ᠵᠣᠬᠢᠶᠠᠭᠰᠠᠨ ᠪᠠ ᠨᠡᠶᠢᠲᠡᠯᠡᠨ ᠬᠡᠷᠡᠭᠵᠢᠭᠦᠯᠦᠭᠰᠡᠨ ᠪᠠᠶᠢᠳᠠᠯ︔ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ︽ᠳᠥᠷᠪᠡᠨ ᠨᠠᠷᠢᠨ ᠲᠠᠩᠰᠠ︾᠎ ᠶᠢ ︽ᠬᠠᠤᠯᠢ ᠪᠠᠷ ᠵᠠᠰᠠᠬᠤ ᠪᠠᠶᠠᠨᠨᠠᠭᠤᠷ ᠤᠨ ᠤᠶᠤᠨᠴᠢᠯᠠᠭᠰᠠᠨ ᠨᠢᠭᠡ ᠴᠣᠭᠴᠠᠵᠢᠭᠰᠠᠨ ᠲᠠᠪᠴᠠᠩ︾᠎ ᠳᠤ ᠣᠷᠣᠭᠤᠯᠤᠭᠰᠠᠨ ᠪᠠᠶᠢᠳᠠᠯ︔      ︵ᠠᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ᠂ ᠰᠠᠯᠠᠭ᠎ᠠ ᠮᠥᠴᠢᠷ ᠠᠯᠤᠰᠯᠠᠨ ᠬᠠᠮᠲᠤᠷᠠᠨ ᠬᠠᠤᠯᠢ ᠬᠡᠷᠡᠭᠵᠢᠭᠦᠯᠬᠦ᠂ ᠭᠤᠤᠯᠳᠠᠯᠭ᠎ᠠ ᠲᠠᠢ ᠠᠵᠢᠯ ᠲᠥᠷᠥᠯ ᠪᠠ ᠰᠢᠨ᠎ᠡ ᠪᠠᠷ ᠬᠥᠭᠵᠢᠭᠰᠡᠨ ᠬᠦᠷᠢᠶᠡᠨ ᠳᠤ ᠴᠢᠭᠯᠡᠭᠦᠯᠦᠨ ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠶᠢᠨ ᠵᠦᠢᠯᠡᠰ ᠤᠨ ᠨᠠᠷᠢᠨ ᠬᠠᠭᠤᠳᠠᠰᠤ ᠶᠢ ᠲᠣᠭᠲᠠᠭᠠᠭᠰᠠᠨ ᠵᠡᠷᠭᠡ ᠪᠠᠶᠢᠳᠠᠯ ᠢ ᠪᠠᠶᠢᠴᠠᠭᠠᠨ᠎ᠠ︔ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠲᠣᠭᠲᠠᠭᠠᠭᠰᠠᠨ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠶᠢ ︽ᠬᠠᠤᠯᠢ ᠪᠠᠷ ᠵᠠᠰᠠᠬᠤ ᠪᠠᠶᠠᠨᠨᠠᠭᠤᠷ ᠤᠨ ᠤᠶᠤᠨᠴᠢᠯᠠᠭᠰᠠᠨ ᠨᠢᠭᠡ ᠴᠣᠭᠴᠠᠵᠢᠭᠰᠠᠨ ᠲᠠᠪᠴᠠᠩ︾᠎ ᠳᠤ ᠣᠷᠣᠭᠤᠯᠤᠭᠰᠠᠨ ᠪᠠᠶᠢᠳᠠᠯ︔      ︵ᠠᠷᠪᠠᠨ ᠨᠢᠭᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠨᠠᠶᠢᠳᠠᠭᠰᠠᠨ ᠪᠠᠶᠢᠳᠠᠯ ᠢ ᠪᠠᠶᠢᠴᠠᠭᠠᠨ᠎ᠠ᠂ ᠡᠭᠦᠨ ᠳᠤ ᠨᠠᠶᠢᠳᠠᠯᠭ᠎ᠠ ᠬᠦᠯᠢᠶᠡᠭᠰᠡᠨ ᠵᠠᠰᠠᠭ ᠵᠠᠬᠢᠷᠭᠠᠨ ᠤ ᠪᠠᠶᠢᠭᠤᠯᠭ᠎ᠠ᠂ ᠨᠠᠶᠢᠳᠠᠯᠭ᠎ᠠ ᠬᠦᠯᠢᠶᠡᠭᠰᠡᠨ ᠵᠣᠬᠢᠶᠠᠨ ᠪᠠᠶᠢᠭᠤᠯᠤᠯᠲᠠ ᠶᠢᠨ ᠨᠠᠶᠢᠳᠠᠯᠭ᠎ᠠ ᠶᠢᠨ ᠨᠠᠶᠢᠳᠠᠯᠭ᠎ᠠ ᠶᠢᠨ ᠪᠢᠴᠢᠭ ᠵᠢᠴᠢ ᠨᠠᠶᠢᠳᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠵᠤ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠳᠠᠩᠰᠠᠯᠠᠭᠤᠯᠵᠤ ᠪᠠᠶᠢᠭ᠎ᠠ ᠪᠠᠶᠢᠳᠠᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠭᠰᠠᠨ ᠪᠠ ᠨᠡᠶᠢᠲᠡᠯᠡᠭᠰᠡᠨ ᠪᠠᠶᠢᠳᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠳᠤ ᠨᠠᠶᠢᠳᠠᠵᠤ ᠨᠠᠶᠢᠳᠠᠯᠭ᠎ᠠ ᠬᠦᠯᠢᠶᠡᠭᠰᠡᠨ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠬᠢᠭᠡᠳ ᠵᠢᠯᠣᠭᠤᠳᠤᠯᠭ᠎ᠠ᠂ ᠲᠣᠭᠲᠠᠭᠠᠯ ᠠᠴᠠ ᠵᠥᠷᠢᠴᠡᠨ ᠡᠷᠬᠡ ᠮᠡᠳᠡᠯ ᠠᠴᠠ ᠪᠠᠨ ᠬᠡᠲᠦᠷᠡᠭᠦᠯᠦᠨ ᠨᠠᠶᠢᠳᠠᠵᠤ ᠬᠠᠤᠯᠢ ᠬᠡᠷᠡᠭᠵᠢᠭᠦᠯᠬᠦ ᠶᠢ ᠬᠡᠷᠡᠭᠵᠢᠭᠦᠯᠵᠦ ᠪᠠᠶᠢᠭ᠎ᠠ ᠵᠡᠷᠭᠡ ᠪᠠᠶᠢᠳᠠᠯ︔      ︵ᠠᠷᠪᠠᠨ ᠬᠤᠶᠠᠷ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠵᠢᠴᠢ ᠬᠡᠷᠡᠭᠯᠡᠭᠡᠨ ᠤ ᠪᠠᠶᠢᠳᠠᠯ ᠢ ᠪᠠᠶᠢᠴᠠᠭᠠᠵᠤ᠂ ᠡᠭᠦᠨ ᠳᠤ ︽ᠬᠠᠤᠯᠢ ᠪᠠᠷ ᠵᠠᠰᠠᠬᠤ ᠪᠠᠶᠠᠨᠨᠠᠭᠤᠷ ᠤᠨ ᠣᠶᠤᠨᠴᠢᠯᠠᠭᠰᠠᠨ ᠨᠢᠭᠡ ᠴᠣᠭᠴᠠᠵᠢᠭᠰᠠᠨ ᠲᠠᠪᠴᠠᠩ︾᠎ ᠤᠨ ᠬᠡᠷᠡᠭᠯᠡᠯᠲᠡ᠂ ᠬᠠᠤᠯᠢ ᠶᠣᠰᠣᠭᠠᠷ ᠢᠯᠡ ᠪᠣᠯᠭᠠᠬᠤ ᠶᠣᠰᠣᠲᠠᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠮᠡᠳᠡᠭᠡ ᠵᠠᠩᠭᠢ᠂ ᠵᠠᠰᠠᠭ ᠵᠠᠬᠢᠷᠭᠠᠨ ᠤ ᠰᠢᠢᠳᠬᠡᠯ ᠤᠨ ᠬᠡᠷᠡᠭ ᠢ ᠣᠷᠣᠭᠤᠯᠬᠤ ᠲᠠᠪᠴᠠᠩ ᠳᠤ ᠴᠤᠭᠯᠠᠭᠤᠯᠤᠨ ᠵᠠᠷᠯᠠᠨ ᠨᠡᠶᠢᠲᠡᠯᠡᠭᠰᠡᠨ᠂ ᠰᠢᠯᠵᠢᠮᠡᠯ ᠬᠠᠤᠯᠢ ᠬᠡᠷᠡᠭᠵᠢᠭᠦᠯᠬᠦ ᠦᠵᠦᠭᠦᠷ ᠤᠨ ᠬᠡᠷᠡᠭᠯᠡᠯᠲᠡ ᠵᠡᠷᠭᠡ ᠪᠠᠶᠢᠳᠠᠯ ᠪᠠᠭᠲᠠᠨ᠎ᠠ︔      ︵ᠠᠷᠪᠠᠨ ᠭᠤᠷᠪᠠ︶ ᠨᠢᠭᠡᠨᠲᠡ ᠡᠷᠬᠡ ᠣᠯᠭᠤᠭᠰᠠᠨ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠨ᠎ᠠ᠂ ᠡᠭᠦᠨ ᠳᠤ ᠬᠤᠰᠢᠭᠤ ᠰᠢᠶᠠᠨ ᠲᠣᠭᠤᠷᠢᠭ ᠤᠨ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠬᠤ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠨᠠᠷᠢᠨ ᠲᠠᠩᠰᠠ ᠶᠢ ᠨᠡᠶᠢᠲᠡᠯᠡᠭᠰᠡᠨ ᠵᠢᠴᠢ ᠬᠡᠷᠡᠭᠵᠢᠭᠦᠯᠦᠭᠰᠡᠨ ᠪᠠᠶᠢᠳᠠᠯ ᠢ ᠪᠠᠭᠲᠠᠭᠠᠨ᠎ᠠ︔      ︵ᠠᠷᠪᠠᠨ ᠳᠥᠷᠪᠡᠳᠦᠭᠡᠷ︶ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠠᠷᠢᠴᠠᠩᠭᠤᠶ ᠬᠥᠮᠦᠨ ᠤ ᠢᠯᠡᠴᠢᠯᠡᠨ ᠮᠡᠳᠡᠭᠦᠯᠬᠦ᠂ ᠵᠡᠭᠠᠯᠳᠦᠬᠤ ᠶᠢ ᠬᠦᠯᠢᠶᠡᠨ ᠠᠪᠴᠤ  ᠰᠢᠢᠳᠪᠦᠷᠢᠯᠡᠬᠦ︔      ︵ᠠᠷᠪᠠᠨ ᠲᠠᠪᠤ︶ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠤᠰᠤᠳ ᠵᠦᠢᠯ ᠤᠳ᠃      ᠶᠢᠰᠦᠳᠦᠭᠡᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠬᠢᠨᠠᠯᠲᠠ ᠲᠠᠯᠪᠢᠯᠲᠠ ᠶᠢᠨ ᠬᠡᠯᠪᠡᠷᠢ ᠮᠠᠶᠢᠭ ᠲᠤ ᠭᠤᠤᠯᠳᠠᠭᠤ᠄      ︵ᠨᠢᠭᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠪᠠᠶᠢᠳᠠᠯ ᠤᠨ ᠡᠳᠦᠷ ᠲᠤᠲᠤᠮ ᠤᠨ ᠬᠢᠨᠠᠯᠲᠠ ᠲᠠᠯᠪᠢᠵᠤ ᠪᠠᠶᠢᠴᠠᠭᠠᠨ᠎ᠠ︔      ︵ᠬᠤᠶᠠᠷ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ︔      ︵ᠭᠤᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠦᠨᠡᠯᠡᠨ ᠶᠠᠷᠢᠯᠴᠠᠬᠤ︔      ︵ᠲᠦᠷᠪᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠲᠤᠰᠬᠠᠢ ᠵᠦᠢᠯ ᠤᠨ ᠬᠢᠨᠠᠯᠲᠠ ᠲᠠᠯᠪᠢᠬᠤ︔      ︵ᠲᠠᠪᠤ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠣᠨᠴᠠᠭᠠᠢ ᠬᠡᠷᠡᠭ ᠲᠤ ᠬᠢᠨᠠᠯᠲᠠ ᠲᠠᠯᠪᠢᠬᠤ︔      ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ ᠬᠢᠨᠠᠯᠲᠠ ᠲᠠᠯᠪᠢᠬᠤ ᠠᠷᠭ᠎ᠠ ᠬᠡᠯᠪᠡᠷᠢ᠃      ᠠᠷᠪᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠬᠢᠨᠠᠯᠲᠠ ᠲᠠᠯᠪᠢᠬᠤ ᠪᠠᠶᠢᠭᠤᠯᠤᠮᠵᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠬᠢᠨᠠᠯᠲᠠ ᠲᠠᠯᠪᠢᠬᠤ ᠶᠢ ᠬᠡᠷᠡᠭᠵᠢᠭᠦᠯᠬᠦ  ᠦᠶ᠎ᠡ ᠳᠤ᠂ ᠳᠣᠤᠷᠠᠬᠢ ᠮᠡᠲᠦ ᠠᠷᠭ᠎ᠠ ᠮᠠᠶ᠋ᠢᠭ ᠢ ᠠᠪᠴᠤ ᠪᠠᠶᠢᠴᠠᠭᠠᠨ ᠭᠡᠷᠡᠴᠢ ᠣᠯᠵᠤ ᠪᠣᠯᠤᠨ᠎ᠠ᠄      ︵ᠨᠢᠭᠡ︶ ᠬᠢᠨᠠᠯᠲᠠ ᠲᠠᠯᠪᠢᠭᠳᠠᠭᠰᠠᠨ ᠨᠢᠭᠡᠴᠡ ᠶᠢ ᠬᠤᠯᠪᠣᠭᠳᠠᠯ ᠪᠦᠬᠦᠢ ᠬᠠᠤᠯᠢ ᠬᠡᠷᠡᠭᠵᠢᠭᠦᠯᠦᠭᠰᠡᠨ ᠪᠠᠶᠢᠳᠠᠯ ᠢᠶᠠᠨ ᠮᠡᠳᠡᠭᠦᠯᠬᠦ ᠪᠠᠷ ᠱᠠᠭᠠᠷᠳᠠᠨ᠎ᠠ︔      ︵ᠬᠤᠶᠠᠷ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠠᠷᠢᠴᠠᠩᠭᠤᠶ ᠬᠥᠮᠦᠨ ᠪᠠ ᠪᠤᠰᠤᠳ ᠬᠠᠮᠢᠶ᠎ᠠ ᠪᠦᠬᠦᠢ ᠬᠥᠮᠦᠰ ᠢ ᠯᠠᠪᠯᠠᠨ ᠠᠰᠠᠭᠤᠬᠤ︔      ︵ᠭᠤᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠬᠡᠷᠡᠭ ᠤᠨ ᠡᠪᠬᠡᠮᠡᠯ᠂ ᠦᠵᠡᠵᠦ ᠰᠣᠨᠣᠰᠬᠤ ᠮᠠᠲ᠋ᠧᠷᠢᠶᠠᠯ᠂  ᠡᠯᠧᠺᠲᠷᠣᠨ ᠲᠤᠭ᠎ᠠ ᠪᠠᠷᠢᠮᠲᠠ ᠵᠢᠴᠢ ᠪᠤᠰᠤᠳ ᠬᠤᠯᠪᠣᠭᠳᠠᠯ ᠪᠥᠬᠦᠶ ᠮᠠᠲ᠋ᠧᠷᠢᠶᠠᠯ ᠢ ᠰᠢᠯᠵᠢᠭᠦᠯᠦᠨ ᠦᠵᠡᠬᠦ ᠬᠡᠷᠡᠭᠲᠡᠢ᠃      ︵ᠲᠦᠷᠪᠡ︶ ᠴᠢᠬᠤᠯᠠ ᠪᠦᠬᠦᠢ ᠳᠠᠭᠤ ᠰᠢᠩᠭᠡᠭᠡᠯᠲᠡ᠂ ᠳᠦᠷᠰᠦ ᠰᠢᠩᠭᠡᠭᠡᠯᠲᠡ ᠵᠡᠷᠭᠡ ᠠᠷᠭ᠎ᠠ ᠮᠠᠶ᠋ᠢᠭ ᠢᠶᠠᠷ ᠭᠡᠷᠡᠴᠢ ᠪᠠᠷᠢᠮᠲᠠ ᠶᠢ ᠴᠤᠭᠯᠠᠭᠤᠯᠵᠤ᠂ ᠪᠦᠲᠦᠨ ᠪᠠᠶᠢᠯᠭᠠᠨ᠎ᠠ︔      ︵ᠲᠠᠪᠤ︶ ᠬᠠᠤᠯᠢ ᠳᠤ ᠳᠣᠭᠲᠠᠭᠠᠭᠰᠠᠨ ᠨᠦᠬᠦᠴᠡᠯ ᠳᠤ ᠨᠡᠶᠢᠴᠡᠭᠰᠡᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠨᠠᠶᠢᠳᠠᠵᠤ ᠰᠢᠯᠭᠠᠨ ᠳᠣᠭᠲᠠᠭᠠᠬᠤ᠂ ᠦᠨᠡᠯᠡᠨ ᠵᠢᠱᠢᠬᠦ᠂ ᠪᠠᠶᠢᠴᠠᠭᠠᠨ ᠰᠢᠯᠭᠠᠬᠤ᠂ ᠬᠠᠶᠢᠨ ᠰᠢᠯᠭᠠᠬᠤ      ︵ᠵᠢᠷᠭᠤᠭ᠎ᠠ︶ ᠭᠡᠷᠡᠴᠢᠯᠡᠭᠡ ᠰᠣᠨᠣᠰᠬᠤ ᠬᠤᠷᠠᠯ᠂ ᠲᠤᠰᠬᠠᠶ ᠮᠡᠷᠭᠡᠵᠢᠯᠲᠡᠨ ᠤ ᠨᠤᠲᠠᠯᠠᠯᠲᠠ ᠶᠢᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠤᠨ᠎ᠠ︔      ︵ᠳᠤᠯᠤᠭ᠎ᠠ︶ ᠬᠠᠤᠯᠢ ᠶᠣᠰᠣᠭᠠᠷ ᠠᠪᠴᠤ ᠪᠣᠯᠬᠤ ᠪᠤᠰᠤᠳ ᠬᠢᠨᠠᠯᠲᠠ ᠲᠠᠯᠪᠢᠬᠤ ᠠᠷᠭ᠎ᠠ ᠬᠡᠮᠵᠢᠶ᠎ᠡ᠃      ᠬᠢᠨᠠᠯᠲᠠ ᠲᠠᠯᠪᠢᠭᠳᠠᠭᠰᠠᠨ ᠨᠢᠭᠡᠴᠡ ᠵᠢᠴᠢ ᠠᠵᠢᠯᠲᠠᠳ ᠪᠠᠶᠢᠴᠠᠭᠠᠯᠲᠠ ᠬᠢᠬᠦ ᠳᠤ ᠬᠠᠮᠵᠢᠯᠴᠠᠨ᠂ ᠬᠢᠨᠠᠯᠲᠠ ᠲᠠᠯᠪᠢᠵᠤ ᠪᠠᠶᠢᠴᠠᠭᠠᠬᠤ ᠶᠢ ᠬᠦᠯᠢᠶᠡᠵᠦ᠂ ᠪᠠᠶᠢᠳᠠᠯ ᠢᠶᠠᠨ ᠦᠨᠡᠨ ᠪᠣᠳᠠᠲᠠᠶ ᠪᠠᠷ ᠲᠤᠰᠬᠠᠵᠤ᠂ ᠲᠡᠪᠴᠢᠬᠦ᠂ ᠬᠠᠷᠰᠢᠯᠠᠵᠤ ᠪᠣᠯᠬᠤ ᠦᠭᠡᠶ᠃      ᠠᠷᠪᠠᠨ ᠨᠢᠭᠡᠳᠦᠭᠡᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ ᠪᠠᠶᠢᠭᠤᠯᠵᠤ᠂ ᠬᠠᠤᠯᠢ ᠠᠴᠠ ᠵᠥᠷᠢᠴᠡᠭᠰᠡᠨ ᠪᠤᠶᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠵᠤᠬᠢᠰ ᠦᠭᠡᠢ ᠦᠢᠯᠡ ᠠᠵᠢᠯᠯᠠᠭ᠎ᠠ ᠶᠢ ᠴᠠᠭ ᠲᠤᠬᠠᠶ ᠳᠤ ᠨᠢ ᠵᠠᠯᠠᠷᠠᠭᠤᠯᠵᠤ᠂ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠴᠢᠬᠤᠯᠠ ᠶᠡᠭᠡ ᠠᠰᠠᠭᠤᠳᠠᠯ ᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃      ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠷᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠲᠤᠰ ᠰᠠᠯᠠᠭ᠎ᠠ ᠮᠥᠴᠢᠷ ᠵᠢᠴᠢ ᠳᠣᠤᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠷᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠬᠢᠨᠠᠯᠲᠠ ᠲᠠᠯᠪᠢᠨ ᠪᠠᠶᠢᠴᠠᠭᠠᠯᠲᠠ ᠬᠢᠵᠦ᠂ ᠬᠠᠤᠯᠢ ᠠᠴᠠ ᠵᠥᠷᠢᠴᠡᠭᠰᠡᠨ ᠪᠤᠶᠤ ᠵᠣᠬᠢᠰ ᠦᠭᠡᠶ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠵᠠᠯᠠᠷᠠᠭᠤᠯᠵᠤ᠂ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠴᠢᠬᠤᠯᠠ ᠶᠡᠭᠡ ᠠᠰᠠᠭᠤᠳᠠᠯ ᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠳᠡᠭᠡᠷ᠎ᠡ ᠨᠢᠭᠡ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃      ᠬᠠᠤᠯᠢ ᠬᠡᠷᠡᠭᠵᠢᠭᠦᠯᠵᠦ ᠪᠠᠶᠢᠭ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤ ᠨᠠᠶᠢᠳᠠᠵᠤ᠂ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠬᠢᠨᠠᠯᠲᠠ ᠲᠠᠯᠪᠢᠨ ᠪᠠᠶᠢᠴᠠᠭᠠᠯᠲᠠ ᠬᠢᠵᠦ᠂ ᠨᠠᠶᠢᠳᠠᠭᠰᠠᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠬᠠᠤᠯᠢ ᠠᠴᠠ ᠵᠥᠷᠢᠴᠡᠭᠰᠡᠨ ᠪᠤᠶᠤ ᠵᠦᠢ ᠵᠣᠬᠢᠰ ᠦᠭᠡᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠵᠦ ᠪᠠᠶᠢᠭ᠎ᠠ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠵᠠᠯᠠᠷᠠᠭᠤᠯᠬᠤ ᠬᠡᠷᠡᠭᠲᠡᠶ᠃      ᠠᠷᠪᠠᠨ ᠬᠤᠶᠠᠳᠤᠭᠠᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠲᠦᠷᠢᠮ ᠢ ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠠᠴᠠ ᠳᠣᠤᠷᠠᠳᠤ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠬᠡᠷᠡᠭ ᠤᠨ ᠡᠪᠬᠡᠮᠡᠯ ᠢ ᠨᠢᠭᠡ ᠵᠢᠯ ᠳᠤ ᠨᠢᠭᠡ ᠦᠨᠡᠯᠡᠨ ᠪᠠᠶᠢᠴᠠᠭᠠᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠢ ᠲᠣᠭᠲᠠᠮᠠᠯ ᠬᠤᠭᠤᠴᠠᠭ᠎ᠠ ᠲᠠᠢ ᠪᠠᠷ ᠥᠪᠡᠰᠦᠪᠡᠨ ᠪᠠᠶᠢᠴᠠᠭᠠᠬᠤ ᠶᠢ ᠪᠠᠶᠢᠩᠭᠤᠵᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠭᠰᠠᠨ ᠦᠷ᠎ᠡ ᠳ᠋ᠦᠩ ᠢ ᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠦᠨᠡᠯᠡᠨ ᠶᠠᠷᠢᠯᠴᠠᠵᠤ ᠰᠢᠯᠭᠠᠨ ᠬᠢᠨᠠᠬᠤ ᠬᠡᠪᠴᠢᠶᠡᠨ ᠳᠤ ᠣᠷᠣᠭᠤᠯᠬᠤ ᠬᠡᠷᠡᠭᠲᠡᠶ᠃      ᠵᠠᠰᠠᠭ ᠵᠠᠬᠢᠷᠭᠠᠨ ᠤ ᠳᠠᠬᠢᠨ ᠵᠥᠪᠯᠡᠬᠦ ᠪᠤᠶᠤ ᠵᠠᠰᠠᠭ ᠵᠠᠬᠢᠷᠭᠠᠨ ᠤ ᠵᠠᠷᠭᠤ ᠶᠢᠨ ᠪᠤᠷᠤᠭᠤ ᠶᠢ ᠵᠠᠯᠠᠷᠠᠭᠤᠯᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠳᠠᠩᠰᠠ ᠡᠪᠬᠡᠮᠡᠯ ᠢ ᠦᠨᠡᠯᠡᠨ ᠪᠠᠶᠢᠴᠠᠭᠠᠬᠤ ᠬᠡᠪᠴᠢᠶᠡᠨ ᠳᠤ ᠣᠷᠣᠭᠤᠯᠵᠤ᠂ ᠬᠠᠤᠯᠢ ᠠᠴᠠ ᠵᠥᠷᠢᠴᠡᠭᠰᠡᠨ ᠪᠠ ᠵᠦᠢ ᠵᠣᠬᠢᠰ ᠦᠭᠡᠶ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠵᠠᠯᠠᠷᠠᠭᠤᠯᠬᠤ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃      ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠳᠠᠩᠰᠠ ᠡᠪᠬᠡᠮᠡᠯ ᠢ ᠦᠨᠡᠯᠡᠨ ᠪᠠᠶᠢᠴᠠᠭᠠᠬᠤ ᠶᠢ ᠭᠤᠣᠯᠳᠠᠯᠭ᠎ᠠ ᠲᠠᠢ ᠴᠢᠩᠭᠠᠳᠬᠠᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃      ᠠᠷᠪᠠᠨ ᠭᠤᠷᠪᠠᠳᠤᠭᠠᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠠᠬᠢ ᠬᠠᠷᠢᠭᠤᠴᠠᠯᠭ᠎ᠠ ᠶᠢᠨ ᠳᠦᠷᠢᠮ ᠤᠨ ᠠᠵᠢᠯ ᠢ ᠤᠳᠤᠷᠢᠳᠤᠨ᠎ᠠ᠃      ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠠᠬᠢ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠠᠬᠢ ᠦᠨᠡᠯᠡᠨ ᠶᠠᠷᠢᠯᠴᠠᠵᠤ ᠬᠢᠨᠠᠨ ᠰᠢᠯᠭᠠᠬᠤ ᠠᠵᠢᠯ ᠤᠨ ᠬᠡᠷᠡᠭᠵᠢᠭᠦᠯᠦᠯᠲᠡ ᠶᠢ ᠵᠢᠯᠣᠭᠤᠳᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠬᠤ ᠬᠡᠷᠡᠭᠲᠡᠶ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠦᠨᠡᠯᠡᠨ ᠶᠠᠷᠢᠯᠴᠠᠵᠤ ᠬᠢᠨᠠᠨ ᠰᠢᠯᠭᠠᠬᠤ ᠶᠢ ᠢᠯᠡ᠂ ᠡᠷᠬᠡ ᠲᠡᠭᠰᠢ᠂ ᠲᠥᠪ ᠭᠤᠤᠯᠴᠢ ᠪᠠᠷ ᠬᠢᠬᠦ ᠶᠢᠨ ᠬᠠᠮᠲᠤ᠂ ᠣᠯᠠᠨ ᠨᠡᠶᠢᠲᠡ ᠶᠢᠨ ᠰᠠᠨᠠᠯ ᠢ ᠰᠣᠨᠣᠰᠬᠤ ᠬᠡᠷᠡᠭᠲᠡᠶ᠃ ᠦᠨᠡᠯᠡᠨ ᠶᠠᠷᠢᠯᠴᠠᠵᠤ ᠬᠢᠨᠠᠨ ᠰᠢᠯᠭᠠᠬᠤ ᠶᠢ ᠠᠳᠠᠯᠢ ᠱᠠᠲᠤᠨ ᠤ ᠵᠠᠰᠠᠭ ᠤᠨ ᠣᠷᠳᠣᠨ ᠤ ᠬᠢᠨᠠᠨ ᠰᠢᠯᠭᠠᠬᠤ ᠭᠦᠢᠴᠡᠳᠬᠡᠬᠦ ᠲᠤᠭ᠎ᠠ ᠶᠢᠨ ᠰᠢᠰᠲ᠋ᠧᠮᠵᠢ ᠳᠤ ᠣᠷᠣᠭᠤᠯᠬᠤ ᠬᠡᠷᠡᠭᠲᠡᠶ᠃ ᠦᠨᠡᠯᠡᠨ ᠶᠠᠷᠢᠯᠴᠠᠵᠤ ᠬᠢᠨᠠᠨ ᠰᠢᠯᠭᠠᠭᠰᠠᠨ ᠦᠷ᠎ᠡ ᠳ᠋ᠦᠩ ᠢᠶᠠᠨ ᠨᠡᠶᠢᠭᠡᠮ ᠳᠤ ᠨᠡᠶᠢᠲᠡᠯᠡᠬᠦ ᠬᠡᠷᠡᠭᠲᠡᠶ᠃      ᠠᠷᠪᠠᠨ ᠳᠥᠷᠪᠡᠳᠦᠭᠡᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠢᠳᠡᠭᠡᠨ ᠪᠠ ᠡᠮ ᠤᠨ ᠵᠦᠢᠯ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠶᠢᠨ ᠣᠷᠴᠢᠨ ᠲᠣᠭᠤᠷᠢᠨ᠂ ᠠᠶᠤᠯ ᠦᠭᠡᠶ ᠦᠢᠯᠡᠳᠪᠦᠷᠢᠯᠡᠯ᠂ ᠬᠥᠳᠡᠯᠮᠦᠷᠢ ᠪᠠᠲᠤᠯᠠᠭ᠎ᠠ᠂ ᠬᠤᠲᠠ ᠶᠢᠨ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠮᠥᠩᠭᠦᠨ ᠭᠦᠢᠯᠭᠡᠭᠡᠨ ᠤ ᠦᠢᠯᠡᠴᠢᠯᠡᠭᠡᠨ᠂ ᠬᠥᠮᠦᠵᠢᠯ ᠪᠣᠯᠪᠠᠰᠤᠷᠠᠭᠤᠯᠤᠯ ᠵᠡᠷᠭᠡ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠭᠤᠤᠯᠳᠠᠯᠭ᠎ᠠ ᠲᠠᠢ ᠬᠦᠷᠢᠶᠡᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ ᠤᠨ ᠲᠣᠭᠤᠷᠢᠨ ᠳᠤ ᠲᠤᠰᠬᠠᠶ ᠵᠦᠢᠯ ᠤᠨ ᠬᠢᠨᠠᠯᠲᠠ ᠲᠠᠯᠪᠢᠬᠤ ᠬᠡᠷᠡᠭᠲᠡᠶ᠃      ᠠᠷᠪᠠᠨ ᠲᠠᠪᠤᠳᠤᠭᠠᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠣᠯᠠᠨ ᠲᠦᠮᠡᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠳᠤ ᠣᠷᠣᠯᠴᠠᠬᠤ ᠠᠷᠭ᠎ᠠ ᠵᠠᠮ ᠪᠠ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠵᠠᠭᠠᠯᠳᠤᠬᠤ ᠪᠠ ᠢᠯᠡᠴᠢᠯᠡᠨ ᠮᠡᠳᠡᠭᠦᠯᠬᠦ ᠶᠢ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠶ᠃      ᠪᠥᠬᠦ ᠬᠤᠲᠠ ᠶᠢᠨ ᠡᠯ᠎ᠡ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠡᠯ᠎ᠡ ᠭᠠᠵᠠᠷ ᠤᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠤᠶᠤ ᠲᠣᠰ ᠰᠠᠯᠠᠭ᠎ᠠ ᠮᠥᠴᠢᠷ ᠤᠨ ᠠᠯᠪᠠᠨ ᠤ ᠰᠦᠯᠵᠢᠶᠡᠨ ᠳᠡᠭᠡᠷ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠠᠭᠠᠯᠳᠤᠯᠭ᠎ᠠ ᠶᠢᠨ ᠤᠲᠠᠰᠤ ᠂  ᠡᠯᠧᠺᠲᠷᠣᠨ ᠰᠢᠤᠳᠠᠨ ᠤ ᠬᠠᠶᠢᠷᠴᠠᠭ ᠢ ᠢᠯᠡ ᠪᠣᠯᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠠᠭᠠᠯᠳᠤᠯᠭ᠎ᠠ ᠶᠢ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃      ᠠᠷᠪᠠᠨ ᠵᠢᠷᠭᠤᠳᠤᠭᠠᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤᠬᠠᠶ ᠶᠢᠨ ᠲᠠᠯᠠᠪᠤᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯᠯᠠᠭ᠎ᠠ ᠶᠢ ᠬᠡᠷᠡᠭᠵᠢᠭᠦᠯᠬᠦ ᠳᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠬᠤ ᠠᠵᠢᠯᠲᠠᠨ ᠬᠤᠶᠠᠷ ᠠᠴᠠ ᠳᠤᠲᠠᠭᠤ ᠪᠠᠶᠢᠵᠤ ᠪᠣᠯᠬᠤ ᠦᠭᠡᠶ ᠪᠥᠭᠡᠳ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠬᠤ ᠬᠦᠴᠦᠨ ᠪᠦᠬᠦᠢ ᠦᠨᠡᠮᠯᠡᠯ ᠢᠶᠠᠨ ᠭᠠᠷᠭᠠᠵᠤ ᠦᠵᠡᠭᠦᠯᠬᠦ ᠬᠡᠷᠡᠭᠲᠡᠶ᠃      ᠠᠷᠪᠠᠨ ᠳᠣᠯᠣᠳᠤᠭᠠᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠣᠨᠴᠠ ᠤᠷᠢᠭᠰᠠᠨ ᠬᠢᠨᠠᠯᠲᠠ ᠲᠠᠯᠪᠢᠭᠴᠢ ᠶᠢ ᠤᠷᠢᠵᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨᠠᠨ ᠣᠯᠭᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠣᠨᠴᠠ ᠤᠷᠢᠭᠰᠠᠨ ᠬᠢᠨᠠᠯᠲᠠ ᠲᠠᠯᠪᠢᠭᠴᠢ ᠶᠢᠨ ᠦᠨᠡᠮᠯᠡᠯ ᠢᠶᠠᠨ ᠠᠪᠴᠤ᠂ ᠲᠡᠭᠦᠨ ᠤ ᠤᠷᠢᠨ ᠲᠣᠮᠢᠯᠠᠭᠰᠠᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠨ᠎ᠡ᠃      ᠠᠷᠪᠠᠨ ᠨᠠᠢᠮᠠᠳᠤᠭᠠᠷ ᠵᠦᠢᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠪᠦᠷᠢᠳᠭᠡᠨ ᠳᠠᠩᠰᠠᠯᠠᠵᠤ ᠬᠢᠨᠠᠨ ᠪᠠᠶᠢᠴᠠᠭᠠᠬᠤ ᠪᠠ ᠬᠦᠨᠳᠦ ᠶᠡᠭᠡ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠪᠦᠷᠢᠳᠭᠡᠨ ᠲᠠᠩᠰᠠᠯᠠᠬᠤ ᠶᠢᠨ ᠵᠢᠯᠤᠭᠤᠳᠤᠯᠭ᠎ᠠ ᠬᠢᠭᠡᠳ ᠬᠢᠨᠠᠯᠲᠠ ᠲᠠᠯᠪᠢᠯᠲᠠ ᠶᠢ ᠴᠢᠩᠭᠠᠳᠬᠠᠵᠤ᠂ ᠬᠠᠮᠢᠶᠠᠷᠤᠯᠲᠠ ᠶᠢᠨ ᠳᠦᠷᠢᠮᠵᠢᠯᠲᠡ ᠵᠢᠷᠤᠮᠵᠢᠯᠲᠠ ᠶᠢ ᠠᠬᠢᠭᠤᠯᠬᠤ ᠬᠡᠷᠡᠭᠲᠡᠢ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠬᠤ ᠪᠠ ᠬᠦᠨᠳᠦ ᠶᠡᠭᠡ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠪᠦᠷᠢᠳᠬᠡᠨ ᠳᠠᠩᠰᠠᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠬᠠᠤᠯᠢ ᠪᠠᠷ ᠵᠠᠰᠠᠬᠤ ᠪᠠᠶᠠᠨᠨᠠᠭᠤᠷ ᠤᠨ ᠣᠶᠤᠨᠴᠢᠯᠠᠭᠰᠠᠨ ᠨᠢᠭᠡ ᠴᠣᠭᠴᠠᠵᠢᠭᠰᠠᠨ ᠲᠠᠪᠴᠠᠩ︾᠎ ᠢᠶᠠᠷ ᠳᠠᠮᠵᠢᠭᠤᠯᠤᠨ ᠪᠦᠷᠢᠳᠬᠡᠨ ᠳᠠᠩᠰᠠᠯᠠᠭᠤᠯᠤᠨ᠎ᠠ᠃      ᠠᠷᠪᠠ ᠶᠢᠰᠦᠳᠦᠭᠡᠷ ᠵᠦᠢᠯ ᠪᠠᠭᠲᠠᠭᠠᠮᠵᠢᠲᠤ ᠪᠥᠭᠡᠳ ᠬᠢᠨᠠᠭᠤᠷ ᠪᠣᠯᠭᠤᠮᠵᠢᠲᠠᠶ ᠪᠥᠭᠡᠳ ᠤᠶᠠᠨ ᠬᠠᠳᠠᠨ ᠴᠢᠨᠠᠷᠲᠠᠶ ᠬᠠᠤᠯᠢ ᠬᠡᠷᠡᠭᠵᠢᠭᠦᠯᠬᠦ ᠠᠵᠢᠯ ᠢ ᠬᠡᠷᠡᠭᠵᠢᠭᠦᠯᠵᠦ᠂ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢ ᠵᠢᠷᠤᠮᠵᠢᠭᠤᠯᠬᠤ ᠬᠡᠷᠡᠭᠲᠡᠶ᠃      ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠠᠭᠲᠠᠭᠠᠮᠵᠢᠲᠠᠶ ᠬᠢᠨᠠᠭᠤᠷ ᠪᠣᠯᠭᠤᠮᠵᠢᠲᠠᠶ ᠬᠠᠤᠯᠢ ᠬᠡᠷᠡᠭᠵᠢᠭᠦᠯᠬᠦ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ ᠲᠣᠭᠲᠠᠭᠠᠯ ᠳᠤ ᠨᠡᠶᠢᠴᠡᠭᠰᠡᠨ ᠤᠷᠢᠲᠠᠯ ᠳᠣᠤᠷ᠎ᠠ᠂ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢ ᠬᠡᠷᠡᠭᠵᠢᠭᠦᠯᠬᠦ ︽ᠰᠢᠢᠳᠭᠡᠯ ᠥᠭᠬᠦ ᠥᠬᠡᠶ ᠵᠦᠢᠯᠡᠰ ᠤᠨ ᠨᠠᠷᠢᠨ ᠲᠠᠩᠰᠠ︾᠂ ︽ᠬᠥᠩᠭᠡᠨ ᠢᠶᠠᠷ ᠰᠢᠢᠳᠭᠡᠯ ᠥᠭᠬᠦ ᠵᠦᠢᠯᠡᠰ ᠤᠨ ᠨᠠᠷᠢᠨ ᠲᠠᠩᠰᠠ︾ ᠪᠠ ︽ᠬᠦᠩᠭᠡᠷᠡᠭᠦᠯᠦᠨ ᠰᠢᠢᠳᠭᠡᠬᠦ ᠵᠦᠢᠯᠡᠰ ᠤᠨ ᠨᠠᠷᠢᠨ ᠲᠠᠩᠰᠠ︾ ᠲᠣᠭᠲᠠᠭᠠᠪᠠ︔ ᠵᠠᠰᠠᠭ ᠵᠠᠬᠢᠷᠭᠠᠨ ᠤ ᠠᠯᠪᠠᠳᠠᠯᠭ᠎ᠠ ᠳᠤ ᠴᠢᠭᠯᠡᠭᠦᠯᠦᠨ ︽ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠥᠬᠡᠶ ᠵᠦᠢᠯᠡᠰ ᠤᠨ ᠨᠠᠷᠢᠨ ᠲᠠᠩᠰᠠ︾᠎ ᠶᠢ ᠲᠣᠭᠲᠠᠭᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠨ᠎ᠡ᠃      ᠬᠤᠷᠢᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠶᠢᠭᠤᠯᠤᠮᠵᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ  ᠦᠶ᠎ᠡ ᠳᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠳ ᠤᠨ ᠱᠠᠮᠰᠢᠵᠤ ᠬᠡᠭᠡᠯᠢ ᠢᠳᠡᠵᠦ ᠬᠠᠭ᠋ᠤᠤᠯᠢ ᠲᠦᠯᠬᠢᠭᠰᠡᠨ᠂ ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠭᠤᠲᠤᠭᠠᠭᠰᠠᠨ ᠵᠡᠷᠭᠡ ᠡᠷᠬᠡ ᠲᠤᠰᠢᠶᠠᠯ ᠢᠶᠠᠨ ᠠᠰᠢᠭᠯᠠᠨ ᠶᠠᠯ᠎ᠠ ᠬᠢᠭᠰᠡᠨ ᠰᠡᠵᠢᠭᠯᠡᠯᠲᠡᠶ ᠠᠰᠠᠭᠤᠳᠠᠯ ᠤᠨ ᠰᠦᠪᠡᠭᠴᠢ ᠶᠢ ᠣᠯᠵᠤ ᠮᠡᠳᠡᠪᠡᠯ᠂ ᠬᠢᠨᠠᠨ ᠪᠠᠶᠢᠴᠠᠭᠠᠬᠤ ᠪᠠᠶᠢᠭᠤᠯᠤᠯᠭ᠎ᠠ ᠳᠤ ᠰᠢᠯᠵᠢᠭᠦᠯᠦᠨ ᠬᠦᠷᠭᠡᠵᠦ᠂ ᠬᠢᠨᠠᠨ ᠪᠠᠶᠢᠴᠠᠭᠠᠬᠤ ᠪᠠᠶᠢᠭᠤᠯᠤᠯᠭ᠎ᠠ ᠬᠠᠤᠯᠢ ᠶᠣᠰᠣᠭᠠᠷ ᠪᠠᠶᠢᠴᠠᠭᠠᠨ  ᠰᠢᠢᠳᠪᠦᠷᠢᠯᠡᠬᠦ ᠬᠡᠷᠡᠭᠲᠡᠶ᠃      ᠬᠠᠤᠯᠢ ᠶᠣᠰᠣᠭᠠᠷ ᠬᠤᠯᠪᠣᠭᠳᠠᠯ ᠪᠦᠬᠦᠢ ᠪᠠᠶᠢᠭᠤᠯᠤᠯᠭ᠎ᠠ ᠪᠠᠷ  ᠰᠢᠢᠳᠪᠦᠷᠢᠯᠡᠭᠦᠯᠬᠦ ᠬᠡᠷᠡᠭᠲᠡᠶ ᠵᠦᠢᠯ ᠢ ᠪᠣᠯ ᠬᠤᠯᠪᠣᠭᠳᠠᠯ ᠪᠦᠬᠦᠢ ᠪᠠᠶᠢᠭᠤᠯᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠬᠦ ᠬᠡᠷᠡᠭᠲᠡᠶ ᠬᠤᠯᠪᠣᠭᠳᠠᠯ ᠪᠦᠬᠦᠢ ᠪᠠᠶᠢᠭᠤᠯᠤᠯᠭ᠎ᠠ  ᠰᠢᠢᠳᠪᠦᠷᠢᠯᠡᠭᠰᠡᠨ ᠤ ᠳᠠᠷᠠᠭ᠎ᠠ᠂ ᠰᠢᠢᠳᠪᠦᠷᠢᠯᠡᠭᠰᠡᠨ ᠪᠠᠶᠢᠳᠠᠯ ᠢᠶᠠᠨ  ᠰᠢᠢᠳᠪᠦᠷᠢᠯᠡᠬᠦ ᠲᠣᠭᠲᠠᠭᠠᠯ ᠭᠠᠷᠭᠠᠭᠰᠠᠨ ᠡᠳᠦᠷ ᠠᠴᠠ ᠡᠬᠢᠯᠡᠨ ᠬᠤᠷᠢᠨ ᠡᠳᠦᠷ ᠤᠨ ᠳᠣᠲᠣᠷ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠶᠢᠭᠤᠯᠤᠮᠵᠢ ᠳᠤ ᠪᠢᠴᠢᠭ ᠢᠶᠠᠷ ᠮᠡᠳᠡᠭᠳᠡᠬᠦ ᠬᠡᠷᠡᠭᠲᠡᠶ᠃      ᠬᠤᠷᠢᠨ ᠨᠢᠭᠡᠳᠦᠭᠡᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠶᠢᠭᠤᠯᠤᠮᠵᠢ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠤᠨ ᠳᠤᠮᠳᠠᠬᠢ ᠬᠤᠯᠪᠣᠭᠳᠠᠯ ᠪᠦᠬᠦᠢ ᠪᠠᠶᠢᠳᠠᠯ ᠢ ᠨᠡᠪᠳᠡᠷᠡᠭᠦᠯᠦᠨ ᠮᠡᠳᠡᠭᠡᠯᠡᠵᠦ ᠪᠣᠯᠤᠨ᠎ᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠠᠰᠠᠭᠤᠳᠠᠯ ᠲᠣᠪᠤᠶᠢᠮ᠎ᠠ᠂ ᠴᠢᠬᠤᠯᠠ ᠶᠡᠭᠡ ᠨᠥᠯᠥᠭᠡ ᠦᠵᠡᠭᠦᠯᠦᠭᠰᠡᠨ ᠢ ᠣᠯᠵᠤ ᠮᠡᠳᠡᠪᠡᠯ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠤ ᠪᠣᠯᠤᠨ᠎ᠠ᠃ᠬᠤᠷᠢᠨ ᠬᠤᠶᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠶᠢᠭᠤᠯᠤᠮᠵᠢ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠪᠠᠶᠢᠴᠠᠭᠠᠬᠤ ᠶᠠᠪᠤᠴᠠ ᠳᠤ ᠬᠠᠤᠯᠢ ᠠᠴᠠ ᠵᠥᠷᠢᠴᠡᠭᠰᠡᠨ ᠪᠤᠶᠤ ᠵᠦᠢ ᠵᠣᠬᠢᠰ ᠦᠭᠡᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠢᠴᠢᠭ ᠬᠠᠷ᠎ᠠ ᠶᠠᠪᠤᠭᠤᠯᠵᠤ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠢᠴᠢᠭ ᠬᠠᠷ᠎ᠠ ᠶᠢ ᠣᠯᠵᠤ ᠠᠪᠤᠭᠰᠠᠨ ᠡᠳᠦᠷ ᠠᠴᠠ ᠡᠬᠢᠯᠡᠨ ᠭᠤᠴᠢᠨ ᠡᠳᠦᠷ ᠤᠨ ᠳᠣᠲᠣᠷ᠎ᠠ  ᠰᠢᠢᠳᠪᠦᠷᠢᠯᠡᠭᠰᠡᠨ ᠦᠷ᠎ᠡ ᠳ᠋ᠦᠩ ᠢᠶᠠᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠪᠢᠴᠢᠭ ᠢᠶᠠᠷ ᠮᠡᠳᠡᠭᠦᠯᠬᠦ ᠬᠡᠷᠡᠭᠲᠡᠶ᠃      ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠲᠣᠭᠲᠠᠭᠰᠠᠨ ᠴᠠᠭ ᠤᠨ ᠳᠣᠲᠣᠷ᠎ᠠ  ᠰᠢᠢᠳᠪᠦᠷᠢᠯᠡᠯᠲᠡ ᠬᠢᠭᠰᠡᠨ ᠦᠭᠡᠶ ᠪᠣᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠢᠴᠢᠭ ᠬᠠᠷ᠎ᠠ ᠬᠢᠵᠦ ᠥᠭᠭᠦᠭᠰᠡᠨ ᠬᠢᠨᠠᠯᠲᠠ ᠲᠠᠯᠪᠢᠯᠲᠠ ᠶᠢᠨ ᠪᠠᠶᠢᠭᠤᠯᠤᠮᠵᠢ ᠠᠴᠠ ᠬᠠᠤᠯᠢ ᠠᠴᠠ ᠵᠥᠷᠢᠴᠡᠭᠰᠡᠨ ᠪᠤᠶᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠵᠣᠬᠢᠰ ᠦᠭᠡᠶ ᠦᠢᠯᠡ ᠠᠵᠢᠯᠯᠠᠭ᠎ᠠ ᠶᠢᠨ ᠰᠢᠨᠵᠢ ᠴᠢᠨᠠᠷ᠂ ᠬᠡᠮᠵᠢᠶ᠎ᠡ ᠵᠡᠷᠭᠡ ᠪᠠᠶᠢᠳᠠᠯ ᠢ ᠨᠢ ᠦᠨᠳᠦᠰᠦᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠳᠦᠷᠢᠮ︾᠎ ᠤᠨ ᠬᠤᠷᠢ ᠶᠢᠰᠦᠳᠦᠭᠡᠷ ᠵᠦᠢᠯ ᠤᠨ ᠲᠣᠭᠲᠠᠭᠠᠯ ᠶᠣᠰᠣᠭᠠᠷ  ᠰᠢᠢᠳᠪᠦᠷᠢᠯᠡᠬᠦ ᠬᠡᠷᠡᠭᠲᠡᠶ᠃      ᠬᠤᠷᠢᠨ ᠭᠤᠷᠪᠠᠳᠤᠭᠠᠷ ᠵᠦᠢᠯ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠲᠣᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠬᠦᠴᠦᠨ ᠢ ᠨᠢᠭᠡᠳᠦᠯᠲᠡᠶ ᠲᠥᠯᠥᠪᠯᠡᠨ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠵᠢᠴᠢ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠷᠢᠶ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠳᠤ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠡᠰᠡᠬᠦ ᠳᠤ ᠬᠠᠤᠯᠢ ᠶᠣᠰᠣᠭᠠᠷ ᠬᠢᠨᠠᠯᠲᠠ ᠲᠠᠯᠪᠢᠬᠤ ᠬᠡᠷᠡᠭᠲᠡᠶ᠃      ᠬᠠᠤᠯᠢ ᠴᠠᠭᠠᠵᠠ ᠶᠢᠨ ᠭᠠᠵᠠᠷ ᠨᠢ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠢ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠳᠤ ᠲᠣᠮᠢᠯᠠᠨ ᠰᠠᠭᠤᠯᠭᠠᠵᠤ᠂ ᠡᠳᠦᠷ ᠲᠤᠲᠤᠮ ᠤᠨ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠥᠷᠨᠢᠭᠦᠯᠬᠦ ᠬᠡᠷᠡᠭᠲᠡᠶ᠃      ᠬᠠᠤᠯᠢ ᠴᠠᠭᠠᠵᠠ ᠶᠢᠨ ᠰᠠᠯᠪᠣᠷᠢ ᠨᠢ ᠬᠠᠤᠯᠢ ᠠᠴᠠ ᠵᠥᠷᠢᠴᠡᠭᠰᠡᠨ ᠪᠤᠶᠤ ᠵᠣᠬᠢᠰ ᠦᠭᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠲᠠᠢ ᠪᠠᠶᠢᠬᠤ ᠶᠢ ᠣᠯᠵᠤ ᠮᠡᠳᠡᠪᠡᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠢᠴᠢᠭ ᠬᠠᠷ᠎ᠠ ᠭᠠᠷᠭᠠᠵᠤ ᠥᠭᠬᠦ ᠴᠢᠬᠤᠯᠠᠲᠠᠢ ᠪᠠᠶᠢᠪᠠᠯ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠳᠡᠪᠰᠢᠭᠦᠯᠦᠨ ᠰᠢᠢᠳᠪᠦᠷᠢᠯᠡᠭᠦᠯᠬᠦ ᠬᠡᠷᠡᠭᠲᠡᠢ᠃      ᠬᠤᠷᠢᠨ ᠳᠥᠷᠪᠡᠳᠦᠭᠡᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠬᠢᠭᠡᠳ ᠲᠣᠰ ᠱᠠᠲᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠰᠠᠬᠢᠯᠭ᠎ᠠ ᠪᠠᠲᠤ ᠬᠡᠷᠡᠭᠵᠢᠭᠦᠯᠬᠦ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ᠂ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠵᠤ ᠬᠢᠨᠠᠯᠲᠠ ᠲᠠᠯᠪᠢᠬᠤ᠂ ᠪᠠᠶᠢᠴᠠᠭᠠᠬᠤ ᠬᠠᠤᠯᠢ ᠴᠠᠭᠠᠵᠠ ᠶᠢᠨ ᠬᠢᠨᠠᠯᠲᠠ ᠲᠠᠯᠪᠢᠬᠤ᠂ ᠬᠢᠨᠠᠨ ᠪᠤᠳᠤᠵᠤ ᠬᠢᠨᠠᠯᠲᠠ ᠲᠠᠯᠪᠢᠬᠤ ᠵᠢᠴᠢ ᠨᠡᠶᠢᠭᠡᠮ ᠤᠨ ᠬᠢᠨᠠᠯᠲᠠ ᠶᠢ ᠣᠷᠭᠠᠨᠢᠭ ᠢᠶᠠᠷ ᠨᠡᠪᠲᠡᠷᠡᠯᠴᠡᠭᠦᠯᠬᠦ᠂ ᠬᠠᠷᠢᠯᠴᠠᠨ ᠵᠣᠬᠢᠴᠠᠭᠤᠯᠬᠤ ᠶᠢ ᠠᠬᠢᠭᠤᠯᠵᠤ᠂ ᠬᠠᠤᠯᠢ ᠪᠠᠷ ᠵᠠᠰᠠᠬᠤ ᠶᠡᠭᠡ ᠬᠢᠨᠠᠯᠲᠠ ᠲᠠᠯᠪᠢᠬᠤ ᠠᠵᠢᠯ ᠤᠨ ᠪᠠᠶᠢᠷᠢᠰᠢᠯ ᠢ ᠪᠠᠶᠢᠭᠤᠯᠬᠤ ᠬᠡᠷᠡᠭᠲᠡᠶ᠃      ᠬᠤᠷᠢᠨ ᠲᠠᠪᠤᠳᠣᠭᠠᠷ ᠵᠦᠢᠯ ᠵᠠᠰᠠᠭ ᠵᠠᠬᠢᠷᠭᠠᠨ ᠤ ᠬᠠᠦᠯᠢ ᠭᠡᠷᠡᠭᠵᠢᠬᠦᠯᠬᠦ ᠰᠠᠯᠠᠭ᠎ᠠ ᠮᠦᠴᠢᠷ ᠨᠢ ᠲᠣᠰ ᠰᠠᠯᠠᠭ᠎ᠠ ᠮᠦᠴᠢᠷ ᠲᠣᠰ ᠰᠢᠰᠲ᠋ᠧᠮ ᠤᠨ ᠲᠣᠳᠣᠭᠠᠳᠣ ᠶᠢᠨ ᠬᠢᠨᠡᠯᠳᠡ ᠳᠡᠯᠪᠢᠬᠤ ᠲᠣᠠᠠᠳᠡᠴᠠ ᠶᠢ ᠪᠠᠶᠢᠭᠤᠯᠥᠨ ᠳᠡᠬᠦᠯᠳᠡᠷᠵᠢᠬᠦᠯᠵᠦ᠂ ᠲᠣᠳᠣᠭᠠᠳᠣ ᠶᠢᠨ ᠬᠢᠨᠡᠯᠳᠡ ᠳᠡᠯᠪᠢᠬᠤ ᠪᠠᠶᠢᠭᠤᠯᠥᠮᠵᠢ ᠪᠠ ᠬᠢᠨᠡᠯᠳᠡ ᠳᠡᠯᠪᠢᠬᠤ ᠠᠵᠢᠯᠳᠡᠨ ᠢ ᠲᠣᠳᠣᠷᠬᠠᠶᠢᠯᠠᠨ᠂ ᠵᠠᠰᠠᠭ ᠵᠠᠬᠢᠷᠭᠠᠨ ᠤ ᠬᠠᠦᠯᠢ ᠭᠡᠷᠡᠭᠵᠢᠬᠦᠯᠬᠦ ᠠᠵᠢᠯᠳᠡᠨ ᠤ ᠬᠠᠮᠢᠶᠡᠷᠦᠯᠳᠡ᠂ ᠵᠠᠰᠠᠭ ᠵᠠᠬᠢᠷᠭᠠᠨ ᠤ ᠬᠠᠦᠯᠢ ᠭᠡᠷᠡᠭᠵᠢᠬᠦᠯᠬᠦ ᠢᠯᠡ ᠨᠡᠶᠢᠳᠡᠯᠡᠬᠦ᠂ ᠵᠠᠰᠠᠭ ᠵᠠᠬᠢᠷᠭᠠᠨ ᠤ ᠬᠠᠦᠯᠢ ᠭᠡᠷᠡᠭᠵᠢᠬᠦᠯᠬᠦ ᠪᠦᠬᠦ ᠶᠠᠪᠤᠴᠠ ᠶᠢ ᠳᠡᠮᠳᠡᠭᠯᠡᠬᠦ᠂ ᠴᠢᠬᠤᠯᠡ ᠶᠡᠭᠡ ᠬᠠᠦᠯᠢ ᠭᠡᠷᠡᠭᠵᠢᠬᠦᠯᠬᠦ ᠲᠣᠠᠠᠳᠠᠭᠠᠯ ᠢ ᠬᠠᠦᠯᠢ ᠳᠦᠷᠢᠮ ᠢᠶᠠᠷ ᠬᠢᠨᠡᠨ ᠬᠠᠷᠭᠤᠭᠤᠯᠬᠤ᠂ ᠵᠠᠰᠠᠭ ᠵᠠᠬᠢᠷᠭᠠᠨ ᠤ ᠬᠠᠦᠯᠢ ᠭᠡᠷᠡᠭᠵᠢᠬᠦᠯᠥᠭᠰᠡᠨ ᠭᠡᠷᠡᠭ ᠤᠨ ᠡᠪᠭᠡᠮᠡᠯ ᠢ ᠦᠨᠡᠯᠡᠨ ᠪᠠᠶᠢᠴᠠᠭᠠᠬᠤ᠂ ᠬᠠᠷᠢᠭᠤᠴᠠᠯᠭ᠎ᠠ ᠨᠡᠭᠡᠮᠵᠢᠯᠡᠬᠦ ᠵᠡᠷᠭᠡ ᠳᠥᠷᠢᠮ ᠢ ᠨᠡᠶᠢᠳᠡᠪᠦᠷᠢᠵᠢᠭᠤᠯᠥᠨ᠎ᠠ᠃      ᠬᠤᠷᠢᠨ ᠵᠢᠷᠭᠤᠳᠤᠭᠠᠷ ᠵᠦᠢᠯ ᠬᠠᠤᠯᠢ ᠶᠣᠰᠣᠭᠠᠷ ᠨᠠᠶᠢᠳᠠᠵᠤ ᠬᠠᠤᠯᠢ ᠬᠡᠷᠡᠭᠵᠢᠭᠦᠯᠬᠦ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠬᠠᠤᠯᠢ ᠬᠡᠷᠡᠭᠵᠢᠭᠦᠯᠬᠦ ᠠᠵᠢᠯᠯᠠᠭ᠎ᠠ ᠶᠢᠨ ᠳᠤᠮᠳᠠ ᠵᠣᠬᠢᠴᠠᠩᠭᠤᠶ ᠪᠦᠬᠦᠢ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠠᠴᠠ  ᠰᠢᠢᠳᠪᠦᠷᠢᠯᠡᠬᠦ ᠬᠡᠷᠡᠭᠲᠡᠶ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠴᠠᠭ ᠲᠤᠬᠠᠶ ᠳᠤᠨᠢ ᠮᠡᠳᠡᠭᠳᠡᠬᠦ ᠪᠤᠶᠤ ᠰᠢᠯᠵᠢᠭᠦᠯᠦᠨ ᠬᠦᠷᠭᠡᠬᠦ ᠬᠡᠷᠡᠭᠲᠡᠶ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠬᠠᠤᠯᠢ ᠬᠡᠷᠡᠭᠵᠢᠭᠦᠯᠬᠦ ᠠᠵᠢᠯᠯᠠᠭ᠎ᠠ ᠳᠤᠮᠳᠠ ᠪᠠᠨ ᠬᠠᠤᠯᠢ ᠶᠣᠰᠣᠭᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ  ᠰᠢᠢᠳᠪᠦᠷᠢᠯᠡᠬᠦ ᠬᠡᠷᠡᠭᠲᠡᠶ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠴᠠᠭ ᠲᠤᠬᠠᠶ ᠳᠤᠨᠢ ᠮᠡᠳᠡᠭᠳᠡᠬᠦ ᠪᠤᠶᠤ ᠰᠢᠯᠵᠢᠭᠦᠯᠦᠨ ᠬᠦᠷᠭᠡᠬᠦ ᠬᠡᠷᠡᠭᠲᠡᠶ᠃      ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠣᠯᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠬᠡᠷᠡᠭ ᠢ ᠰᠢᠯᠵᠢᠭᠦᠯᠦᠨ ᠬᠦᠷᠭᠡᠬᠦ ᠪᠠ ᠪᠠᠶᠢᠴᠠᠭᠠᠨ  ᠰᠢᠢᠳᠪᠦᠷᠢᠯᠡᠬᠦ ᠶᠠᠪᠤᠴᠠ ᠳᠤ ᠵᠣᠯᠭᠠᠭᠤᠯᠤᠨ ᠬᠠᠮᠵᠢᠯᠴᠠᠬᠤ ᠪᠠᠶᠢᠳᠠᠯ ᠳᠤ ᠵᠣᠬᠢᠴᠠᠭᠤᠯᠤᠨ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠶ᠃      ᠳᠥᠷᠪᠡᠳᠦᠭᠡᠷ ᠪᠦᠯᠦᠭ ᠳᠠᠭᠠᠯᠳᠤᠭᠤᠯᠤᠯ ᠳᠦᠷᠢᠮ      ᠬᠤᠷᠢᠨ ᠳᠣᠯᠣᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠬᠢᠨᠠᠯᠲᠠ ᠲᠠᠯᠪᠢᠬᠤ ᠠᠵᠢᠯᠲᠠᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠬᠢᠨᠠᠯᠲᠠ ᠲᠠᠯᠪᠢᠬᠤ ᠳᠦᠷᠢᠮ︾᠎ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ  ᠰᠢᠢᠳᠪᠦᠷᠢᠯᠡᠨ᠎ᠡ᠃      ᠬᠤᠷᠢᠨ ᠨᠠᠢᠮᠠᠳᠤᠭᠠᠷ ᠵᠦᠢᠯ ᠲᠤᠰ ᠨᠠᠷᠢᠨ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ 5 ᠵᠢᠯ ᠪᠣᠯᠤᠨ᠎ᠠ᠃       
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ